ᠡᠯ ᠹᠧᠨ ᠽᠢ ᠰᠢᠶᠠᠩ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠣᠷᠤᠨ ᠲᠣᠭᠤᠷᠢᠭ ᠬᠤᠪᠢᠶᠠᠵᠤ ᠳᠡᠰ ᠬᠤᠪᠢᠶᠠᠨ ᠰᠠᠶᠢᠲᠤᠷ ᠠᠳᠬᠤᠵᠤ᠂ ᠶᠠᠳᠠᠭᠤ ᠶᠢ ᠲᠡᠳᠬᠦᠬᠦ ᠠᠵᠤ ᠦᠢᠯᠡᠰ ᠤᠨ ᠦᠢᠯᠡᠳᠪᠦᠷᠢᠯᠡᠯ ᠰᠡᠷᠭᠦᠭᠡᠬᠦ ᠶᠢ ᠵᠡᠷᠭᠡᠪᠡᠷ ᠠᠬᠢᠭᠤᠯᠪᠠ
ᠨᠡᠶᠢᠲᠡᠯᠡᠭᠰᠡᠨ ᠴᠠᠭ᠄
2020-03-02
     ᠣᠳᠣᠬᠠᠨ ᠳᠤ ᠶᠠᠭ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠠᠮᠤᠭ ᠤᠨ ᠬᠦᠴᠢᠷᠳᠡᠬᠦ ᠵᠠᠩᠭᠢᠯᠠᠭ᠎ᠠ ᠶᠢᠨ ᠱᠠᠲᠤᠨ ᠳᠤ ᠣᠷᠣᠰᠢᠵᠤ ᠪᠠᠶᠢᠨ᠎ᠠ᠂ ᠭᠡᠪᠡᠴᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠷᠢᠭᠯᠠᠨ ᠴᠣᠬᠢᠬᠤ ᠪᠠᠶᠢᠯᠳᠤᠭᠠᠨ ᠬᠢᠬᠦ ᠶᠢᠨ ᠬᠠᠮᠲᠤ ᠠᠵᠤ ᠠᠬᠤᠶ ᠨᠡᠶᠢᠭᠡᠮ ᠤᠨ ᠡᠮᠬᠢ ᠲᠢᠭᠯᠢᠮ ᠢ ᠢᠳᠡᠪᠬᠢᠲᠡᠶ ᠰᠡᠷᠭᠦᠭᠡᠵᠤ᠂ ᠠᠵᠤ ᠠᠬᠤᠶ ᠶᠢᠨ ᠬᠠᠮᠠᠭᠠᠯᠠᠯᠲᠠ ᠶᠢᠨ ᠳᠠᠶᠢᠯᠠᠯᠳᠤᠭᠠᠨ ᠤ ᠢᠯᠠᠯᠲᠠ ᠶᠢ ᠤᠯᠬᠤ ᠬᠡᠷᠡᠭᠲᠡᠶ᠃     《ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠢ ᠨᠡᠶᠢᠭᠡᠮ ᠤᠨ ᠬᠥᠭᠵᠢᠯᠲᠡ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ ᠪᠣᠯ ᠨᠢᠭᠡ ᠤᠳᠠᠭ᠎ᠠ ᠶᠢᠨ ᠶᠡᠭᠡ ᠳᠠᠶᠢᠯᠠᠯᠳᠤᠭᠠᠨ ᠪᠣᠯᠬᠤ ᠪᠠᠷ ᠪᠠᠷᠠᠬᠤ ᠦᠭᠡᠢ ᠪᠠᠰᠠ ᠴᠤ ᠨᠢᠭᠡ ᠤᠳᠠᠭ᠎ᠠ ᠶᠢᠨ ᠶᠡᠭᠡ ᠰᠢᠯᠭᠠᠯᠲᠠ ᠪᠣᠯᠤᠨ᠎ᠠ》᠃ ᠨᠠᠮ ᠤᠨ ᠲᠥᠪ ᠬᠤᠷᠢᠶᠠᠨ ᠤ ᠤᠯᠤᠰ ᠲᠦᠷᠦ ᠶᠢᠨ ᠲᠣᠪᠴᠢᠶ᠎ᠠ ᠶᠢᠨ ᠪᠠᠶᠢᠩᠭᠤ ᠶᠢᠨ ᠬᠤᠷᠢᠶ᠎ᠠ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠬᠤᠷᠠᠯ ᠢ ᠡᠷᠬᠢᠯᠡᠭᠰᠡᠨ ᠪᠥᠭᠡᠳ ᠴᠢᠬᠤᠯᠠ ᠶᠠᠷᠢᠶ᠎ᠠ ᠲᠠᠯᠪᠢᠪᠠ᠃ ᠬᠤᠷᠠᠯ ᠠᠴᠠ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠣᠯᠳᠠᠯᠭᠠᠲᠤ ᠪᠣᠰᠤ ᠭᠠᠵᠠᠷ ᠣᠷᠣᠨ ᠣᠷᠣᠨ ᠲᠣᠭᠤᠷᠢᠭ ᠱᠠᠲᠤ ᠬᠤᠪᠢᠶᠠᠨ ᠣᠨᠣᠪᠴᠢᠲᠠᠶ ᠰᠡᠷᠭᠡᠶᠢᠯᠡᠨ ᠡᠵᠡᠮᠳᠡᠬᠦ ᠶᠢ ᠬᠡᠷᠡᠭᠵᠢᠭᠦᠯᠬᠦ ᠪᠠᠷ ᠭᠠᠷᠳᠠᠴᠠ ᠪᠣᠯᠭᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ ᠠᠬᠤᠶ ᠨᠡᠶᠢᠭᠡᠮ ᠤᠨ ᠡᠮᠬᠢ ᠲᠢᠭᠯᠢᠮ ᠢ ᠰᠡᠷᠭᠦᠭᠡᠬᠦ ᠶᠢ ᠨᠢᠭᠡᠳᠦᠯᠲᠡᠶ ᠲᠥᠯᠥᠪᠯᠡᠬᠦ ᠬᠡᠷᠡᠭᠲᠡᠶ ᠭᠡᠪᠡ᠃      ᠮᠠᠨ ᠤ ᠰᠢᠶᠠᠩ ᠤᠨ ᠵᠢᠯᠣᠭᠤᠳᠬᠤ ᠭᠠᠵᠠᠷ ᠤᠨ ᠪᠦᠷᠢᠯᠳᠦᠬᠦᠨ ᠨᠡᠷ ᠢᠳᠡᠪᠬᠢᠲᠡᠶ ᠪᠠᠷ ᠵᠣᠬᠢᠴᠠᠭᠤᠯᠵᠤ᠂ ᠵᠧᠩ ᠪᠠᠩ ᠪᠥᠯᠦᠭᠯᠡᠯ ᠤᠨ ᠬᠠᠮᠢᠶ᠎ᠠ ᠪᠥᠬᠦᠶ ᠬᠠᠷᠢᠭᠤᠴᠠᠯᠭᠠᠲᠠᠨ ᠲᠠᠢ 3.8 ᠲᠦᠮᠡᠨ ᠴᠤᠷᠪᠠᠭ᠎ᠠ ᠬᠤᠳᠠᠯᠳᠤᠨ ᠠᠪᠬᠤ ᠪᠠᠷ ᠵᠥᠪᠳᠡᠯᠴᠡᠵᠤ᠂ ᠣᠲᠣ ᠨᠢᠭᠡᠨᠲᠡ ᠳᠠᠬᠢᠶᠠᠨ ᠰᠠᠷᠠᠪᠴᠢ ᠶᠢ ᠪᠥᠬᠦᠨ ᠢ ᠵᠢᠩᠬᠢᠨᠢ ᠪᠠᠷ ᠠᠰᠢᠭᠯᠠᠯᠲᠠ ᠳᠤ ᠣᠷᠣᠭᠤᠯᠪᠠ᠃
 
ᠢᠷᠡᠯᠲᠡ᠄ ᠦᠴᠦᠸᠠᠨ ᠰᠢᠶᠠᠨ ᠤ ᠠᠷᠠᠳ ᠤᠨ ᠵᠠᠰᠠᠭ ᠤᠨ ᠣᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号