ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ᠄ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠨ ᠰᠤᠯᠠᠷᠠᠭᠤᠯᠬᠤ ᠥᠬᠡᠶ  ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠪᠠᠨ ᠵᠤᠭᠰᠤᠬᠤ ᠥᠬᠡᠶ
ᠨᠡᠶᠢᠲᠡᠯᠡᠭᠰᠡᠨ ᠴᠠᠭ᠄
2020-03-20
     ᠬᠠᠷ᠎ᠠ ᠪᠦᠯᠦᠭᠲᠡᠨ ᠬᠠᠷᠭᠢᠰ ᠬᠦᠴᠦᠨ ᠤ ᠶᠠᠯᠠᠲᠤ ᠠᠵᠢᠯᠯᠠᠭ᠎ᠠ ᠳᠤ ᠴᠢᠩᠭ᠎ᠠ ᠴᠣᠬᠢᠯᠲᠠ ᠥᠭᠴᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠤᠷᠤᠭᠰᠢᠲᠠᠶ ᠥᠷᠨᠢᠬᠦ ᠶᠢ ᠭᠦᠨᠵᠡᠭᠡᠶ ᠠᠬᠢᠭᠤᠯᠬᠤ ᠶᠢᠨ ᠲᠥᠯᠥᠭᠡ᠂ ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠨᠢ 3 · 15 ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠡᠳᠦᠷ ᠤᠨ ᠤᠬᠠᠭᠤᠯᠭ᠎ᠠ ᠶᠢᠨ ᠠᠵᠢᠯᠯᠠᠭ᠎ᠠ ᠲᠠᠢ ᠬᠦᠢᠴᠡᠳ ᠤᠶᠠᠯᠳᠤᠭᠤᠯᠵᠤ᠂ ᠤᠬᠠᠭᠤᠯᠵᠤ ᠬᠥᠲᠥᠯᠦᠨ ᠵᠢᠯᠣᠭᠤᠳᠬᠤ ᠶᠢ ᠴᠢᠩᠭᠠᠳᠬᠠᠨ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠠᠵᠢᠯ ᠤᠨ ᠲᠤᠬᠠᠶ ᠣᠯᠠᠨ ᠲᠦᠮᠡᠨ ᠤ ᠲᠠᠨᠢᠯᠲᠠ ᠪᠠ ᠤᠷᠤᠯᠴᠠᠯᠭ᠎ᠠ ᠶᠢ ᠳᠡᠭᠡᠭᠰᠢᠯᠡᠭᠦᠯᠵᠦ᠂ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠬᠤᠭᠤᠴᠠᠭᠠᠨ ᠳᠤ ᠰᠦᠷ ᠬᠦᠴᠦᠨ ᠨᠢ ᠪᠠᠭᠤᠷᠠᠬᠤ ᠥᠬᠡᠶ᠂ ᠡᠷᠴᠢᠮ ᠨᠢ ᠰᠤᠯᠠᠷᠠᠬᠤ ᠥᠬᠡᠶ ᠪᠠᠶᠢᠬᠤ ᠶᠢ ᠦᠨᠡᠨ ᠬᠦ  ᠪᠠᠳᠤᠯᠠᠵᠠᠢ᠃      ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠨᠢ ᠲᠣᠤᠷ ᠴᠡᠭ ᠢᠶᠠᠷ ᠵᠢᠭᠰᠠᠭᠠᠯ ᠤᠨ ᠭᠠᠵᠠᠷ ᠪᠣᠯᠭᠠᠵᠤ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠡᠯᠭᠦᠬᠦ᠂ ᠤᠬᠠᠭᠤᠯᠭ᠎ᠠ ᠶᠢᠨ   ᠬᠠᠭᠤᠳᠠᠰᠤ ᠲᠠᠷᠬᠠᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠣᠯᠠᠨ ᠲᠦᠮᠡᠨ ᠳᠤ ᠬᠠᠨᠳᠤᠯᠭ᠎ᠠ ᠲᠠᠢ ᠪᠠᠷ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠮᠡᠳᠡᠯᠭᠡ ᠶᠢ ᠤᠬᠠᠭᠤᠯᠤᠨ ᠰᠡᠷᠡᠮᠵᠢᠯᠡᠭᠦᠯᠵᠦ᠂ ᠣᠯᠠᠨ ᠲᠦᠮᠡᠨ ᠤ ᠦᠵᠡᠯ ᠤᠬᠠᠮᠰᠠᠷ ᠢ ᠳᠡᠭᠡᠭᠰᠢᠯᠡᠭᠦᠯᠦᠨ᠂ ᠨᠠᠩ ᠣᠯᠠᠨ ᠬᠦᠮᠦᠰ ᠤᠨ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠳᠤ ᠥᠷᠭᠡᠨ ᠢᠶᠠᠷ ᠤᠷᠤᠯᠴᠠᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠶᠢᠨ ᠵᠡᠷᠭᠡ ᠪᠠᠷ ᠠᠷᠠᠳ ᠣᠯᠠᠨ ᠤ ᠠᠰᠢᠭ ᠲᠤᠰᠠ ᠶᠢ ᠬᠤᠬᠢᠷᠠᠭᠤᠯᠤᠭᠰᠠᠨ ᠡᠯ᠎ᠡ ᠲᠥᠷᠥᠯ ᠤᠨ ᠬᠡᠷᠡᠭᠯᠡᠭᠴᠢᠳ ᠤᠨ ᠡᠷᠬᠡ ᠠᠰᠢᠭ ᠲᠤ ᠬᠠᠯᠳᠠᠭᠰᠠᠨ ᠵᠢᠴᠢ ᠬᠠᠷ᠎ᠠ ᠪᠦᠯᠦᠭᠲᠡᠨ ᠬᠠᠷᠭᠢᠰ ᠬᠦᠴᠦᠨ ᠤ ᠬᠠᠤᠯᠢ ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠶᠢ ᠢᠳᠡᠪᠬᠢᠲᠡᠶ ᠪᠠᠷ ᠢᠯᠡᠴᠢᠯᠡᠨ ᠵᠠᠭᠠᠯᠳᠤᠵᠤ ᠮᠡᠳᠡᠭᠦᠯᠬᠦ ᠶᠢ ᠨᠢ ᠵᠤᠷᠢᠭᠵᠢᠭᠤᠯᠵᠤ᠂ ᠠᠷᠠᠳ ᠲᠦᠮᠡᠨ ᠤ ᠠᠮᠢᠳᠤᠷᠠᠯ ᠤᠨ ᠠᠮᠤᠷ ᠲᠣᠭᠲᠠᠭᠤᠨ ᠪᠠ ᠡᠶ᠎ᠡ ᠵᠣᠬᠢᠴᠠᠯ ᠢ ᠦᠨᠡᠨ ᠬᠦ  ᠪᠠᠳᠤᠯᠠᠵᠠᠢ᠃      ᠰᠢᠤᠳᠠᠨ ᠤ ᠬᠠᠳᠠᠭᠠᠯᠠᠮᠵᠢ ᠶᠢᠨ ᠪᠠᠩᠬᠢ ᠶᠢᠨ ᠬᠥᠬᠡᠬᠤᠲᠠ ᠶᠢᠨ ᠬᠤᠪᠢᠶᠠᠷᠢ ᠪᠠᠩᠬᠢ ᠨᠢ ᠬᠠᠷ᠎ᠠ ᠪᠦᠯᠦᠭᠲᠡᠨ ᠬᠠᠷᠭᠢᠰ ᠬᠦᠴᠦᠨ ᠢ ᠠᠷᠢᠯᠭᠠᠬᠤ ᠲᠤᠰᠬᠠᠶ ᠲᠡᠮᠡᠴᠡᠯ ᠢ ᠬᠢᠵᠢᠭ ᠤᠨ ᠪᠠᠶᠢᠳᠠᠯ ᠢ ᠡᠰᠡᠷᠭᠦᠴᠡᠬᠦ᠂ 3 · 15 ᠤ ᠬᠡᠷᠡᠭᠯᠡᠭᠴᠢᠳ ᠤᠨ ᠡᠷᠬᠡ ᠠᠰᠢᠭ ᠢ ᠬᠠᠮᠠᠭᠠᠯᠠᠬᠤ ᠠᠵᠢᠯ ᠲᠠᠢ ᠨᠢᠭᠲᠠ ᠤᠶᠠᠯᠳᠤᠭᠤᠯᠤᠨ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠵᠦ᠂ ᠵᠡᠷᠭᠡ ᠪᠠᠷ ᠠᠬᠢᠭᠤᠯᠤᠨ᠂ ᠪᠥᠬᠦ ᠠᠷᠠᠳ ᠢᠶᠠᠷ ᠢᠶᠠᠨ ᠮᠡᠳᠡᠬᠦ᠂ ᠪᠥᠬᠦ ᠠᠷᠠᠳ ᠢᠶᠠᠷ ᠢᠶᠠᠨ  ᠤᠷᠤᠯᠴᠠᠬᠤ ᠥᠳᠬᠡᠨ ᠵᠤᠵᠠᠭᠠᠨ ᠠᠭᠤᠷ ᠠᠮᠢᠰᠬᠤᠯ ᠢ ᠢᠳᠡᠪᠬᠢᠲᠡᠶ ᠪᠣᠶ ᠪᠣᠯᠭᠠᠪᠠ᠃ ᠮᠥᠩᠭᠦᠨ ᠬᠦᠢᠯᠭᠡᠭᠡᠨ ᠤ ᠣᠷᠴᠢᠨ ᠨᠥᠬᠦᠴᠡᠯ ᠢ ᠴᠡᠪᠡᠷᠰᠢᠭᠦᠯᠵᠦ᠂ ᠨᠡᠶᠢᠭᠡᠮ ᠤᠨ ᠰᠠᠶᠢᠨ ᠰᠠᠶᠢᠬᠠᠨ  ᠡᠮᠬᠢ ᠵᠢᠷᠤᠮ ᠢ ᠬᠠᠮᠠᠭᠠᠯᠠᠬᠤ ᠶᠡᠭᠡ ᠪᠠᠩᠬᠢ ᠶᠢᠨ ᠡᠭᠦᠷᠭᠡᠯᠡᠯ ᠢᠶᠠᠨ ᠦᠨᠡᠨ ᠬᠦ ᠬᠦᠢᠴᠡᠳᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号