ᠰᠢᠨ᠎ᠡ ᠬᠤᠲᠠ ᠲᠣᠭᠤᠷᠢᠭ ᠤᠨ ᠰᠣᠶᠣᠯ ᠤᠨ ᠣᠷᠳᠣᠨ ᠠᠵᠢᠯ ᠢᠶᠠᠨ ᠰᠡᠷᠭᠦᠭᠡᠨ ᠨᠡᠬᠡᠬᠡᠭᠦ ᠳᠤ ᠪᠡᠯᠡᠳᠬᠡᠯ ᠬᠢᠪᠡ
ᠨᠡᠶᠢᠲᠡᠯᠡᠭᠰᠡᠨ ᠴᠠᠭ᠄
2020-03-23
     ᠰᠢᠨ᠎ᠡ ᠬᠤᠲᠠ ᠲᠣᠭᠤᠷᠢᠭ ᠤᠨ ᠰᠣᠶᠣᠯ ᠤᠨ ᠣᠷᠳᠣᠨ 2020 ᠣᠨ ᠤ 1 ᠳ᠋ᠦ᠋ᠭᠡᠷ ᠰᠠᠷ᠎ᠠ ᠶᠢᠨ 23 ᠤ ᠡᠳᠦᠷ ᠠᠴᠠ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠭᠰᠠᠨ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠤᠨ ᠨᠦᠯᠦᠭᠡ ᠠᠴᠠ ᠡᠭᠦᠳᠡ ᠪᠠᠨ ᠬᠠᠭᠠᠭᠰᠠᠨ ᠠᠴᠠ ᠨᠠᠭᠠᠰᠢ᠂ ᠰᠦᠯᠵᠢᠶᠡᠨ ᠥᠷᠲᠡᠭᠡ᠂ ᠸᠢᠴᠠᠲ ᠤᠨ ᠤᠯᠠᠨ ᠨᠡᠶᠢᠲᠡ ᠶᠢᠨ ᠲᠠᠪᠴᠠᠩ ᠢ ᠠᠰᠢᠭᠯᠠᠨ ᠥᠷᠭᠡᠨ ᠣᠯᠠᠨ ᠲᠦᠮᠡᠨ ᠳᠤ ᠰᠦᠯᠵᠢᠶᠡᠨ ᠳᠡᠭᠡᠷᠡᠬᠢ ᠰᠤᠶᠤᠯ ᠤᠨ ᠦᠢᠯᠡᠴᠢᠯᠡᠭᠡ ᠬᠠᠩᠭᠠᠵᠤ᠂ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠭᠰᠠᠨ ᠠᠭᠤᠰᠬᠢᠨ ᠦᠷᠪᠢᠰᠦᠯ ᠤᠨ ᠮᠡᠳᠡᠪᠡᠯ ᠵᠣᠬᠢᠬᠤ ᠰᠡᠷᠭᠡᠶᠢᠯᠡᠯᠲᠡ ᠶᠢᠨ ᠮᠡᠳᠡᠯᠭᠡ ᠶᠢ ᠤᠬᠠᠭᠤᠯᠵᠤ᠂ ᠡᠭᠦᠨ ᠤ ᠬᠠᠮᠲᠤ ᠱᠠᠩᠨᠠᠯ ᠲᠠᠢ ᠠᠰᠠᠭᠤᠯᠲᠠ ᠬᠠᠷᠢᠭᠤᠯᠲᠠ ᠶᠢᠨ ᠬᠡᠯᠪᠡᠷᠢ ᠪᠠᠷ ᠣᠯᠠᠨ ᠨᠡᠶᠢᠲᠡ ᠶᠢᠨ ᠢᠳᠡᠪᠬᠢᠲᠡᠶ ᠤᠷᠤᠯᠴᠠᠬᠤ ᠶᠢ ᠵᠣᠷᠢᠭᠵᠢᠭᠤᠯᠵᠤ᠂ ᠠᠯᠪᠠᠨ ᠵᠠᠷᠯᠠᠯ ᠨᠡᠶᠢᠲᠡᠯᠡᠵᠦ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠭᠰᠠᠨ ᠠᠭᠤᠰᠬᠢᠨ ᠦᠷᠪᠢᠰᠦᠯ ᠢ ᠰᠡᠷᠭᠡᠶᠢᠯᠡ ᠡᠵᠡᠮᠳᠡᠬᠦ ᠬᠤᠭᠤᠴᠠᠭᠠᠨ ᠳᠠᠬᠢ ᠡᠯ᠎ᠡ ᠲᠥᠷᠥᠯ ᠤᠨ ᠤᠳᠬ᠎ᠠ ᠤᠷᠠᠯᠢᠭ ᠤᠨ ᠪᠦᠲᠦᠭᠡᠯ ᠢ ᠴᠤᠭᠯᠠᠭᠤᠯᠵᠤ᠂ ︽ᠡᠳᠦᠷ ᠪᠦᠷᠢ ᠨᠢᠭᠡ ᠰᠤᠷᠤᠯᠴᠠᠬᠤ︾ ᠵᠣᠬᠢᠶᠠᠯ ᠢ ᠨᠡᠪᠲᠡᠷᠡᠭᠦᠯᠦᠨ᠎ᠡ᠂ ᠡᠭᠦᠨ ᠳᠤ ᠭᠤᠤᠯᠳᠠᠭᠤ᠄ ᠰᠢᠨ᠎ᠡ ᠬᠡᠯᠪᠡᠷᠢ ᠶᠢᠨ ᠲᠢᠲᠢᠮᠯᠢᠭ ᠸᠢᠷᠦ᠋ᠰ ᠠᠴᠠ ᠬᠠᠯᠳᠠᠬᠰᠠᠨ ᠠᠭᠤᠰᠬᠢᠨ ᠦᠷᠪᠢᠰᠦᠯ ᠢ ᠰᠡᠷᠭᠡᠶᠢᠯᠡᠨ ᠡᠵᠡᠮᠳᠡᠬᠦ ᠮᠡᠳᠡᠯᠭᠡ᠂ ᠴᠠᠭ ᠤᠯᠠᠷᠢᠯ ᠤᠨ ᠪᠠᠭ᠎ᠠ ᠮᠡᠳᠡᠯᠭᠡ᠂ ᠪᠡᠶ᠎ᠡ ᠪᠤᠯᠪᠠᠰᠤᠷᠠᠭᠤᠯᠬᠤ ᠪᠥᠵᠢᠭ ᠲᠠᠭᠤᠨ ᠤ ᠬᠢᠴᠢᠶᠡᠯ᠂ ᠶᠣᠭᠲᠠ ᠥᠯᠢᠭᠡᠷ ᠵᠡᠷᠭᠡ ᠪᠠᠭᠲᠠᠨ᠎ᠠ᠃
     ᠰᠢᠨ᠎ᠡ ᠬᠤᠲᠠ ᠲᠣᠭᠤᠷᠢᠭ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠯᠣᠭᠤᠳᠬᠤ ᠭᠠᠵᠠᠷ ᠤᠨ ᠱᠠᠭᠠᠷᠳᠠᠯᠭ᠎ᠠ ᠶᠣᠰᠣᠭᠠᠷ᠂ ᠰᠢᠨ᠎ᠡ ᠬᠤᠲᠠ ᠲᠣᠭᠤᠷᠢᠭ ᠤᠨ ᠰᠣᠶᠣᠯ ᠤᠨ ᠣᠷᠳᠣᠨ ᠠᠵᠢᠯ ᠢᠶᠠᠨ ᠰᠡᠷᠭᠦᠭᠡᠵᠦ  ᠨᠡᠭᠡᠭᠡᠯᠲᠡ ᠬᠢᠭᠰᠡᠨ ᠤ ᠳᠠᠷᠠᠭᠠᠬᠢ ᠲᠠᠯᠠᠪᠠᠶ ᠣᠷᠳᠣᠨ ᠤ ᠠᠮᠤᠷ ᠲᠦᠪᠰᠢᠨ ᠡᠷᠡᠭᠦᠯ ᠬᠠᠮᠠᠭᠠᠯᠠᠯ ᠢ ᠪᠠᠲᠤᠯᠠᠬᠤ ᠶᠢᠨ ᠲᠦᠯᠦᠭᠡ᠂ ᠪᠦᠬᠦ ᠠᠵᠢᠯᠲᠠᠳ ᠢ ᠵᠣᠬᠢᠶᠠᠨ ᠪᠠᠶᠢᠭᠤᠯᠤᠨ ᠲᠠᠯᠠᠪᠠᠶ ᠣᠷᠳᠣᠨ ᠳᠤ ᠠᠭᠠᠷ ᠨᠡᠪᠲᠡᠷᠡᠭᠦᠯᠬᠦ ᠪᠣᠯᠤᠨ ᠤᠷᠴᠢᠨ ᠲᠣᠭᠤᠷᠢᠨ ᠤ ᠠᠷᠢᠭᠤᠨ ᠴᠡᠪᠡᠷ ᠢ ᠠᠷᠢᠯᠭᠠᠨ ᠴᠡᠪᠡᠷᠯᠡᠵᠦ᠂ ᠤᠳᠠᠯ ᠦᠭᠡᠶ ᠪᠣᠯᠬᠤ ᠭᠡᠵᠦ ᠪᠠᠶᠢᠭ᠎ᠠ ᠰᠦᠢᠳᠭᠡᠯ ᠬᠤᠷᠢᠶᠠᠬᠤ ᠦᠭᠡᠶ ᠪᠠᠷ ᠨᠡᠭᠡᠭᠡᠬᠦ ᠳᠤ ᠭᠦᠢᠴᠡᠳ ᠪᠡᠯᠡᠳᠬᠡᠯ ᠬᠢᠵᠡᠶ᠃  ᠪᠤᠲᠠᠲᠠᠢ ᠨᠡᠭᠡᠭᠡᠬᠦ ᠴᠠᠭ ᠢ ᠰᠢᠨ᠎ᠡ ᠬᠤᠲᠠ ᠲᠣᠭᠤᠷᠢᠭ ᠤᠨ ᠰᠣᠶᠣᠯ ᠤᠨ ᠣᠷᠳᠣᠨ ᠤ ᠸᠢᠴᠠᠲ ᠤᠨ ᠣᠯᠠᠨ ᠨᠡᠶᠢᠲᠡ ᠶᠢᠨ ᠲᠠᠪᠴᠠᠩ ᠪᠠ ᠣᠷᠳᠣᠨ ᠤ ᠳᠣᠲᠣᠷᠠᠬᠢ ᠠᠯᠪᠠᠨ ᠵᠠᠷ ᠤᠨ ᠰᠠᠮᠪᠠᠷ᠎ᠠ ᠶᠢ ᠠᠩᠬᠠᠷᠤᠭᠠᠷᠠᠶ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号