ᠲᠤᠰ ᠰᠣᠨᠢᠨ ᠤ ᠮᠡᠳᠡᠭᠡ ︵ᠰᠤᠷᠪᠤᠯᠵᠢᠯᠠᠭᠴᠢ ᠳ᠋ᠤᠸᠠᠨ ᠯᠧᠢ︶ 3 ᠳ᠋ᠤᠭᠠᠷ ᠰᠠᠷ᠎ᠠ ᠶᠢᠨ 18 ᠤ ᠡᠳᠦᠷ᠂ | ᠬᠤᠳᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠤᠯᠤᠰ ᠲᠦᠷᠦ ᠬᠠᠤᠯᠢ ᠴᠠᠭᠠᠵᠠ ᠶᠢᠨ ᠬᠤᠷᠢᠶ᠎ᠠ ᠶᠢᠨ | ᠱᠦᠵᠢ ᠾᠧ ᠬᠠᠢ ᠳ᠋ᠦᠩ ᠨᠡᠷ ᠴᠢᠩ ᠱᠦᠢ ᠾᠧ ᠾᠧ ᠰᠢᠶᠠᠨ ᠳᠤ ᠭᠦᠨᠵᠡᠭᠡᠶᠢᠷᠡᠨ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠬᠤ ᠪᠠ ᠤᠢ ᠰᠢᠭᠤᠢ ᠶᠢᠨ | ᠭᠠᠯ ᠢ ᠰᠡᠷᠭᠡᠶᠢᠯᠡᠬᠦ᠂ ᠠᠵᠤ ᠠᠬᠤᠶᠢᠯᠠᠯ ᠤᠨ ᠦᠢᠯᠡᠳᠪᠦᠷᠢᠯᠡᠯ ᠠᠵᠢᠯ ᠢᠶᠠᠨ ᠰᠡᠷᠭᠦᠭᠡᠬᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠬᠢᠵᠠᠭᠠᠷᠯᠠᠬᠤ ᠵᠡᠷᠭᠡ ᠠᠵᠢᠯ ᠢ ᠪᠠᠶᠢᠴᠠᠭᠠᠨ ᠰᠤᠳᠤᠯᠵᠠᠢ᠃ | ᠾᠧ ᠬᠠᠢ ᠳ᠋ᠦᠩ ᠨᠡᠷ ᠤᠷᠢᠳ ᠬᠤᠵᠢᠳ ᠴᠢᠩ ᠱᠦᠢ ᠾᠧ ᠰᠢᠶᠠᠨ ᠤ ᠠᠵᠤ ᠦᠢᠯᠡᠳᠪᠦᠷᠢ ᠶᠢᠨ | ᠬᠦᠷᠢᠶᠡᠯᠡᠩ ᠲᠣᠭᠤᠷᠢᠭ ᠤᠨ ᠬᠥᠬᠡᠬᠤᠲᠠ ᠶᠢᠨ ᠰᠢᠤᠢ ᠶᠠᠩ ᠵᠦᠩ ᠿᠠᠨ ᠡᠨᠧᠷᠭᠢ ᠶᠢᠨ ᠬᠢᠵᠠᠭᠠᠷᠲᠤ ᠺᠣᠮᠫᠠᠨᠢ᠂ | ᠯᠠᠮᠠ ᠶᠢᠨ ᠲᠣᠬᠤᠢ ᠪᠠᠯᠭᠠᠰᠤᠨ ᠤ ᠶᠠᠩ ᠰᠢ ᠯᠢᠶᠠᠩ ᠤᠨ ᠨᠡᠭᠦᠳᠡᠯ ᠠᠷᠠᠳ ᠤᠨ ᠰᠢᠨ᠎ᠡ ᠲᠣᠰᠬᠤᠨ᠂ ᠬᠤᠩ ᠾᠧ | ᠪᠠᠯᠭᠠᠰᠤᠨ ᠤ ᠶᠠᠳᠠᠭᠤ ᠶᠢ ᠲᠡᠳᠬᠦᠬᠦ ᠠᠵᠤ ᠦᠢᠯᠡᠰ ᠤᠨ ᠬᠦᠷᠢᠶᠡᠯᠡᠩ ᠲᠣᠭᠤᠷᠢᠭ ᠤᠨ ᠥᠪᠥᠷ ᠮᠣᠩᠭᠤᠯ ᠤᠨ ᠮᠧᠩ | ᠶᠠᠩ ᠶᠠᠩ ᠰᠦ ᠰᠠᠭᠠᠯᠢ ᠶᠢᠨ ᠦᠢᠯᠡᠰ ᠤᠨ ᠬᠢᠵᠠᠭᠠᠷᠲᠤ ᠺᠣᠮᠫᠠᠨᠢ᠂ ᠬᠤᠩ ᠾᠧ ᠪᠠᠯᠭᠠᠰᠤᠨ ᠤ ᠵᠢᠤᠢ ᠪᠦ᠋ᠦ ᠵᠤᠸᠠᠩ | ᠤᠳᠤ ᠦᠶ᠎ᠡ ᠶᠢᠨ ᠪᠡᠯᠡᠳᠬᠡᠮᠵᠢᠲᠦ ᠲᠠᠷᠢᠶᠠᠯᠠᠩ ᠤᠨ ᠠᠵᠤ ᠦᠢᠯᠡᠰ ᠤᠨ ᠬᠦᠷᠢᠶᠡᠯᠡᠩ᠂ ᠮᠧᠩ ᠴᠢᠩ ᠰᠢᠨ᠎ᠡ ᠶᠢ | ᠡᠭᠦᠳᠬᠦ ᠬᠥᠳᠡᠭᠡ ᠲᠣᠰᠬᠤᠨ ᠤ ᠰᠢᠨ᠎ᠡ ᠶᠢ ᠡᠭᠦᠳᠦᠭᠴᠢᠳ ᠤᠨ ᠲᠥᠪ ᠵᠡᠷᠭᠡ ᠭᠠᠵᠠᠷ ᠲᠤ ᠬᠦᠷᠴᠦ ᠲᠤᠬᠠᠢ ᠶᠢᠨ | ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠵᠡᠢ᠃ ᠨᠢᠭᠡ ᠭᠠᠵᠠᠷ ᠬᠦᠷᠬᠦ ᠪᠦᠷᠢ᠂ ᠾᠧ ᠬᠠᠢ ᠳ᠋ᠦᠩ ᠠᠵᠤ | ᠠᠬᠤᠶᠢᠯᠠᠯ ᠤᠨ ᠭᠤᠣᠯᠳᠠᠯᠭ᠎ᠠ ᠲᠠᠢ ᠲᠦᠷᠦᠯ ᠵᠦᠢᠯ ᠤᠨ ᠦᠢᠯᠡᠳᠪᠦᠷᠢᠯᠡᠯ ᠠᠵᠢᠯ ᠢᠶᠠᠨ ᠰᠡᠷᠭᠦᠭᠡᠵᠦ ᠦᠷ᠎ᠡ | ᠪᠦᠲᠦᠮᠵᠢ ᠣᠯᠤᠭᠰᠠᠨ ᠪᠠᠶᠢᠳᠠᠯ᠂ ᠬᠥᠳᠡᠭᠡ ᠲᠣᠰᠬᠤᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ | ᠠᠵᠢᠯ᠂ ᠠᠵᠤ ᠠᠬᠤᠶᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠠᠵᠢᠯ ᠥᠷᠨᠢᠭᠦᠯᠦᠭᠰᠡᠨ ᠪᠠᠶᠢᠳᠠᠯ ᠢ | ᠨᠠᠷᠢᠨ ᠣᠶᠢᠯᠠᠭᠠᠪᠠ᠃ | ᠾᠧ ᠬᠠᠶ ᠳ᠋ᠦᠩ ᠵᠢᠭᠠᠵᠤ ᠭᠠᠷᠭᠠᠭᠰᠠᠨ ᠨᠢ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠤ | ᠠᠬᠤᠶ ᠨᠡᠶᠢᠭᠡᠮ ᠤᠨ ᠬᠥᠭᠵᠢᠯᠲᠡ ᠶᠢᠨ ᠠᠵᠢᠯ ᠢ ᠨᠢᠭᠡᠳᠦᠯᠲᠡᠶ ᠲᠥᠯᠥᠪᠯᠡᠨ ᠰᠠᠶᠢᠲᠤᠷ ᠬᠢᠵᠦ᠂ ᠠᠵᠤ ᠠᠬᠤᠶᠢᠯᠠᠯ | ᠤᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠬᠦᠴᠦᠨ ᠢᠶᠠᠷ ᠢᠶᠠᠨ ᠳᠡᠮᠵᠢᠵᠦ᠂ ᠠᠵᠤ ᠠᠬᠤᠶᠢᠯᠠᠯ ᠤᠨ | ᠦᠶᠯᠡᠳᠪᠦᠷᠢᠯᠡᠯ ᠡᠵᠡᠩᠨᠡᠯᠲᠡ ᠶᠢᠨ ᠳᠤᠮᠳᠠᠬᠢ ᠬᠦᠴᠢᠷᠳᠡᠯ ᠪᠠ ᠠᠰᠠᠭᠤᠳᠠᠯ ᠢ ᠦᠨᠡᠨ ᠬᠦ ᠰᠢᠶᠳᠪᠦᠷᠢᠯᠡᠬᠦ ᠬᠡᠷᠡᠭᠲᠡᠶ᠃ | ᠰᠢᠨᠵᠢᠯᠡᠬᠦ ᠤᠬᠠᠭᠠᠨᠴᠢ ᠪᠠᠷ ᠲᠣᠬᠢᠷᠠᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠪᠠ ᠠᠵᠢᠯ ᠢᠶᠠᠨ | ᠰᠡᠷᠭᠦᠭᠡᠵᠦ ᠦᠶᠯᠡᠳᠪᠦᠷᠢᠯᠡᠯ ᠢᠶᠠᠨ ᠰᠡᠷᠭᠦᠭᠡᠬᠦ 《ᠬᠤᠶᠠᠷ ᠲᠠᠯ᠎ᠠ ᠶᠢ ᠠᠳᠬᠤᠬᠤ》 ᠶᠢ ᠪᠠᠷᠢᠮᠲᠠᠯᠠᠨ᠎ᠠ᠃ | ᠨᠢᠭᠡᠳᠦᠯᠲᠡᠢ ᠲᠥᠯᠥᠪᠵᠢᠭᠦᠯᠦᠨ ᠨᠡᠶᠢᠲᠡ ᠳᠤᠨᠢ ᠬᠠᠷᠠᠭᠠᠯᠵᠠᠬᠤ᠂ ᠦᠩᠬᠡᠨ ᠲᠠᠯ᠎ᠠ ᠪᠠ ᠦᠨᠳᠦᠰᠦ ᠠᠴᠠ ᠨᠢ | ᠵᠠᠰᠠᠬᠤ ᠶᠢ ᠪᠠᠷᠢᠮᠲᠠᠯᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠪᠠ ᠬᠥᠳᠡᠭᠡ ᠲᠣᠰᠬᠤᠨ ᠢ | ᠬᠥᠭᠵᠢᠭᠦᠯᠦᠨ ᠮᠠᠨᠳᠤᠭᠤᠯᠬᠤ ᠶᠢ ᠣᠷᠭᠠᠨᠢᠭ ᠢᠶᠠᠷ ᠤᠶᠠᠯᠳᠤᠭᠤᠯᠬᠤ ᠶᠢ ᠠᠬᠢᠭᠤᠯᠵᠤ᠂ ᠠᠵᠤ ᠦᠢᠯᠡᠰ ᠢ | ᠬᠥᠭᠵᠢᠭᠦᠯᠦᠨ ᠮᠠᠨᠳᠤᠭᠤᠯᠬᠤ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ᠂ ᠪᠦᠬᠦ ᠲᠠᠯ᠎ᠠ ᠪᠠᠷ | ᠴᠢᠨᠡᠭᠡᠯᠢᠭᠵᠢᠬᠦ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠦᠬᠦ ᠶᠠᠪᠤᠴᠠ ᠳᠤ ᠦᠨᠡᠨ ᠬᠦ | ᠲᠤᠭᠤᠰᠢᠯᠠᠭᠤᠯᠬᠤ ᠬᠡᠷᠡᠭᠲᠡᠢ᠃ ᠪᠣᠭᠤᠮᠲᠠ ᠰᠢᠪᠲᠤᠯᠬᠤ ᠪᠠᠶᠢᠳᠠᠯ ᠢ ᠪᠠᠲᠤᠯᠠᠵᠤ᠂ ᠪᠣᠭᠤᠮᠲᠠ ᠰᠢᠪᠲᠤᠯᠬᠤ | ᠬᠠᠷᠢᠭᠤᠴᠠᠯᠭ᠎ᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠬᠠᠷᠠᠯᠲᠠ ᠶᠢ | ᠪᠡᠶᠡᠯᠡᠭᠦᠯᠬᠦ ᠶᠢ ᠨᠥᠯᠥᠭᠡᠯᠡᠵᠦ ᠪᠠᠶᠢᠭ᠎ᠠ ᠡᠯ ᠡ ᠲᠦᠷᠦᠯ ᠤᠨ ᠠᠰᠠᠭᠤᠳᠠᠯ ᠢ ᠪᠦᠲᠦᠮᠵᠢᠲᠡᠢ ᠰᠢᠢᠳᠪᠦᠷᠢᠯᠡᠬᠦ ᠬᠡᠷᠡᠭᠲᠡᠢ᠃ | ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠳᠡᠭᠡᠷ᠎ᠡ ᠬᠦᠴᠦ ᠲᠠᠯᠪᠢᠵᠤ᠂ ᠠᠵᠤ ᠠᠬᠤᠶᠢᠯᠠᠯ ᠤᠨ ᠶᠠᠳᠠᠭᠤ ᠶᠢ | ᠲᠡᠳᠬᠦᠬᠦ ᠳᠠᠶᠢᠴᠢᠯᠠᠬᠤ ᠦᠶᠯᠡᠳᠦᠯ ᠢ ᠪᠠᠳᠠᠷᠠᠭᠤᠯᠤᠨ᠂ ᠶᠠᠳᠠᠭᠤ ᠬᠦᠴᠢᠷᠳᠡᠯᠲᠡᠶ ᠡᠷᠦᠬᠡ ᠳᠤ ᠠᠵᠢᠯ ᠣᠯᠭᠤᠬᠤ | ᠲᠣᠬᠢᠶᠠᠯ ᠢ ᠨᠡᠮᠡᠭᠳᠡᠭᠦᠯᠵᠦ᠂ ᠠᠵᠤ ᠦᠶᠯᠡᠰ ᠢᠶᠠᠷ ᠶᠠᠳᠠᠭᠤ ᠶᠢ ᠲᠡᠳᠬᠦᠬᠦ ᠵᠠᠭᠪᠤᠷ ᠢ ᠪᠤᠢ ᠪᠣᠯᠭᠠᠬᠤ ᠬᠡᠷᠡᠭᠲᠡᠶ᠃ | ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠨᠠᠶᠢᠳᠠᠪᠤᠷᠢᠵᠢᠭᠤᠯᠵᠤ᠂ ᠶᠠᠳᠠᠭᠤ ᠶᠢ ᠲᠡᠳᠬᠦᠬᠦ ᠲᠥᠷᠥᠯ | ᠵᠦᠢᠯ ᠤᠨ ᠦᠷᠭᠦᠯᠵᠢᠯᠡᠬᠦ ᠬᠥᠭᠵᠢᠯᠲᠡ ᠶᠢ ᠦᠨᠡᠨ ᠬᠦ ᠪᠠᠲᠤᠯᠠᠬᠤ ᠬᠡᠷᠡᠭᠲᠡᠶ᠃ ᠬᠥᠳᠡᠭᠡ ᠲᠣᠰᠬᠤᠨ ᠤ ᠣᠷᠣᠰᠢᠨ | ᠰᠠᠭᠤᠬᠤ ᠣᠷᠴᠢᠨ ᠲᠣᠭᠤᠷᠢᠨ ᠢ ᠴᠡᠭᠴᠡᠯᠡᠨ ᠵᠠᠰᠠᠬᠤ ᠠᠵᠢᠯ ᠢ ᠴᠢᠩᠭᠠᠳᠬᠠᠵᠤ᠂ ᠲᠠᠷᠢᠶᠠᠴᠢᠨ ᠤᠯᠠᠨ ᠲᠦᠮᠡᠨ ᠢ | ᠬᠥᠲᠥᠯᠥᠨ ᠵᠢᠯᠣᠭᠤᠳᠴᠤ ᠪᠠᠶᠢᠭᠠᠳ ᠡᠷᠡᠭᠦᠯ ᠬᠠᠮᠠᠭᠠᠯᠠᠯ ᠪᠠ ᠣᠷᠴᠢᠨ ᠲᠣᠭᠤᠷᠢᠨ ᠢ ᠬᠠᠮᠠᠭᠠᠯᠠᠬᠤ ᠤᠬᠠᠮᠰᠠᠷ ᠢ ᠨᠢ | ᠨᠡᠮᠡᠭᠳᠡᠭᠦᠯᠵᠦ᠂ ᠡᠰᠢ ᠰᠦᠷᠡᠯ ᠢ ᠬᠤᠷᠢᠶᠠᠨ ᠴᠤᠭᠯᠠᠭᠤᠯᠬᠤ ᠪᠠ ᠡᠬᠢ ᠪᠠᠶᠠᠯᠢᠭᠵᠢᠭᠤᠯᠤᠨ ᠠᠰᠢᠭᠯᠠᠬᠤ ᠡᠷᠴᠢᠮ ᠢ | ᠴᠢᠩᠭᠠᠷᠠᠭᠤᠯᠬᠤ ᠶᠢᠨ ᠬᠠᠮᠲᠤ ᠬᠠᠪᠤᠷ ᠤᠨ ᠤᠯᠠᠷᠢᠯ ᠤᠨ ᠭᠡᠷ ᠣᠷᠣᠨ ᠢᠶᠠᠨ ᠴᠡᠪᠡᠷᠰᠢᠭᠦᠯᠬᠦ ᠠᠵᠢᠯᠯᠠᠭ᠎ᠠ ᠶᠢ | ᠠᠬᠢᠭᠤᠯᠬᠤ ᠬᠡᠷᠡᠭᠲᠡᠶ᠃ ᠣᠢ ᠰᠢᠭᠤᠶ ᠶᠢᠨ ᠭᠠᠯ ᠰᠡᠷᠭᠡᠶᠢᠯᠡᠬᠦ ᠠᠵᠢᠯ ᠢ ᠴᠢᠩᠭᠠᠳᠬᠠᠵᠤ᠂ ᠠᠮᠢ ᠠᠬᠤᠢ ᠶᠢᠨ ᠠᠮᠤᠷ | ᠲᠦᠪᠰᠢᠨ ᠢ ᠦᠨᠡᠨᠬᠦ ᠪᠠᠲᠤᠯᠠᠬᠤ ᠬᠡᠷᠡᠭᠲᠡᠶ ᠭᠡᠵᠡᠢ᠃ |