ᠮᠠᠨ ᠤ ᠣᠷᠣᠨ ᠤ 2020 ᠣᠨ ᠤ ᠬᠥᠮᠥᠨ ᠤ ᠬᠦᠴᠦ ᠪᠠᠷ ᠪᠣᠷᠣᠭᠠᠨ ᠨᠡᠮᠡᠬᠦ ᠠᠵᠢᠯ ᠡᠬᠢᠯᠡᠪᠡ
ᠨᠡᠶᠢᠲᠡᠯᠡᠭᠰᠡᠨ ᠴᠠᠭ᠄
2020-03-23
     3 ᠳ᠋ᠤᠭᠠᠷ ᠰᠠᠷ᠎ᠠ ᠶᠢᠨ 19 ᠤ ᠡᠳᠦᠷ ᠤᠨ 18᠄55 ᠴᠠᠭ ᠲᠤ᠂ ᠰᠢᠨ ᠵᠸᠦ 60 ︵B-3726︶ ᠨᠢᠰᠬᠡᠯ ᠬᠥᠬᠡᠬᠤᠲᠠ ᠶᠢᠨ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠳᠤ ᠭᠠᠵᠠᠷᠳᠠᠵᠤ᠂ ᠥᠪᠡᠷᠲᠡᠭᠡᠨ ᠵᠠᠰᠠᠬᠤ ᠣᠷᠣᠨ ᠤ  ᠬᠥᠮᠥᠨ ᠤ ᠬᠦᠴᠦ ᠪᠠᠷ ᠪᠣᠷᠣᠭᠠᠨ ᠨᠡᠮᠡᠬᠦ ᠰᠠᠭᠤᠷᠢᠨ ᠭᠠᠵᠠᠷ   ᠲᠤ  ᠪᠠᠭᠤᠳᠠᠯᠯᠠᠭᠰᠠᠨ ᠨᠢ᠂ ᠮᠠᠨ ᠤ ᠣᠷᠣᠨ ᠤ 2020 ᠣᠨ ᠤ ᠨᠢᠰᠭᠡᠯ ᠤᠨ ᠬᠥᠮᠥᠨ ᠤ ᠬᠦᠴᠦ ᠪᠠᠷ  ᠪᠣᠷᠣᠭᠠᠨ ᠨᠡᠮᠡᠬᠦ ᠠᠵᠢᠯ ᠵᠢᠩᠬᠢᠨᠢ ᠪᠠᠷ ᠡᠬᠢᠯᠡᠭᠰᠡᠨ ᠢ ᠬᠠᠷᠠᠭᠤᠯᠪᠠ᠃      ᠮᠠᠨ ᠤ ᠣᠷᠣᠨ ᠤ 2020 ᠣᠨ ᠤ ᠬᠥᠮᠥᠨ ᠤ ᠬᠦᠴᠦ ᠪᠠᠷ ᠪᠣᠷᠤᠭ᠎ᠠ ᠨᠡᠮᠡᠬᠦ ᠠᠵᠢᠯ ᠤᠨ ᠤᠷᠤᠭᠰᠢᠲᠠᠢ ᠶᠠᠪᠤᠭᠳᠠᠬᠤ ᠶᠢ ᠪᠠᠲᠤᠯᠠᠬᠤ ᠶᠢᠨ ᠲᠤᠰᠠᠳᠠ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠢᠳᠡᠪᠬᠢᠲᠡᠢ ᠰᠠᠶᠢᠲᠤᠷ ᠬᠢᠬᠦ ᠶᠢᠨ  ᠵᠡᠷᠭᠡ ᠪᠠᠷ᠂ ᠴᠠᠭᠠᠨ ᠰᠤᠪᠤᠷᠭ᠎ᠠ ᠣᠯᠠᠨ ᠤᠯᠤᠰ ᠤᠨ ᠨᠢᠰᠬᠡᠯ ᠤᠨ ᠪᠠᠭᠤᠳᠠᠯ ᠤᠨ ᠡᠯ᠎ᠡ ᠰᠠᠯᠠᠭ᠎ᠠ ᠮᠥᠴᠢᠷ ᠲᠠᠢ ᠢᠳᠡᠪᠬᠢᠲᠡᠢ ᠵᠣᠬᠢᠴᠠᠭᠤᠯᠤᠨ᠂ ᠨᠢᠰᠬᠡᠯ ᠪᠠ ᠨᠢᠰᠬᠡᠯ ᠤᠨ ᠳᠤᠭᠤᠶᠢᠯᠠᠩ ᠤᠨ ᠠᠮᠤᠷ ᠲᠦᠪᠰᠢᠨ ᠤᠷᠤᠭᠰᠢᠲᠠᠢ ᠪᠠᠭᠤᠳᠠᠯᠯᠠᠬᠤ ᠶᠢ ᠪᠠᠲᠤᠯᠠᠪᠠ᠃  ᠪᠤᠷᠤᠭᠠᠨ ᠨᠡᠮᠡᠬᠦ ᠲᠤᠬᠠᠶᠢᠯᠠᠭᠰᠠᠨ ᠠᠵᠢᠯ ᠢ ᠬᠦᠴᠦᠯᠡᠨ ᠨᠠᠶᠢᠳᠠᠪᠤᠷᠢᠵᠢᠭᠤᠯᠵᠤ᠂ ᠬᠥᠮᠥᠨ ᠤ  ᠬᠦᠴᠦ ᠪᠠᠷ ᠪᠤᠷᠤᠭᠠᠨ ᠨᠡᠮᠡᠬᠦ ᠰᠠᠭᠤᠷᠢᠨ ᠭᠠᠵᠠᠷ ᠤᠨ ᠪᠠᠶᠢᠴᠠᠭᠠᠨ ᠬᠡᠮᠵᠢᠬᠦ  ᠲᠦᠭᠦᠭᠡᠷᠦᠮᠵᠢ᠂ ᠠᠵᠢᠯᠯᠠᠬᠤ ᠰᠢᠰᠲ᠋ᠧᠮ ᠪᠠ ᠰᠦᠯᠵᠢᠶᠡᠨ ᠤ  ᠪᠡᠯᠡᠳᠭᠡᠮᠵᠢ ᠳᠤ ᠪᠦᠬᠦ ᠲᠠᠯ᠎ᠠ ᠶᠢᠨ ᠪᠠᠶᠢᠴᠠᠭᠠᠯᠲᠠ ᠠᠷᠠᠴᠢᠯᠠᠯᠲᠠ ᠬᠢᠵᠦ ᠂ ᠪᠠᠶᠢᠴᠠᠭᠠᠨ ᠬᠡᠮᠵᠢᠬᠦ ᠰᠢᠰᠲ᠋ᠧᠮ ᠪᠠ ᠠᠵᠢᠯᠯᠠᠬᠤ ᠰᠢᠰᠲ᠋ᠧᠮ ᠤᠨ ᠬᠥᠮᠥᠨ ᠤ ᠬᠦᠴᠦ   ᠪᠠᠷ ᠪᠤᠷᠤᠭᠠᠨ ᠨᠡᠮᠡᠬᠦ ᠠᠵᠢᠯ ᠤᠨ ᠥᠨᠳᠥᠷ ᠪᠦᠲᠦᠮᠵᠢᠲᠡᠢ ᠶᠠᠪᠤᠭᠳᠠᠬᠤ ᠶᠢᠨ ᠲᠤᠯᠭᠠᠭᠤᠷᠢᠯᠠᠬᠤ ᠦᠢᠯᠡᠳᠦᠯ ᠢ ᠪᠠᠲᠤᠯᠠᠪᠠ᠃ ᠣᠳᠣᠬᠠᠨ ᠳᠤ᠂ ᠪᠤᠷᠤᠭᠠᠨ ᠨᠡᠮᠡᠬᠦ ᠨᠢᠰᠬᠡᠯ ᠪᠠ ᠨᠢᠰᠬᠡᠯ ᠳᠡᠭᠡᠷᠡᠬᠢ ᠪᠡᠯᠡᠳᠬᠡᠮᠵᠢ ᠶᠢᠨ ᠪᠠᠶᠢᠳᠠᠯ ᠶᠡᠭᠡ ᠰᠠᠶᠢᠨ ᠪᠠᠶᠢᠵᠤ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠰᠠᠯᠠᠭ᠎ᠠ ᠮᠥᠴᠢᠷ ᠤᠨ ᠬᠢᠨ ᠠᠰᠢᠭ ᠲᠠᠢ ᠴᠠᠭ ᠠᠭᠤᠷ ᠤᠨ ᠨᠥᠬᠦᠴᠡᠯ ᠨᠢᠭᠡᠪᠦᠷᠢ ᠶᠢ ᠵᠠᠪᠳᠤᠨ ᠰᠢᠨᠵᠢᠯᠡᠬᠦ ᠤᠬᠠᠭᠠᠨᠴᠢ᠂ ᠣᠨᠣᠪᠴᠢᠲᠠᠢ᠂ ᠠᠶᠤᠯᠭᠦᠢ ᠨᠢᠰᠬᠡᠯ ᠢᠶᠠᠷ ᠬᠥᠮᠥᠨ ᠤ  ᠬᠦᠴᠦ ᠪᠠᠷ ᠴᠠᠭ ᠠᠭᠤᠷ ᠢ ᠨᠥᠯᠥᠭᠡᠯᠡᠬᠦ ᠠᠵᠢᠯ ᠬᠢᠵᠦ᠂ ᠦᠢᠯᠡᠴᠢᠯᠡᠭᠡ ᠶᠢᠨ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠥᠪᠡᠷᠲᠡᠭᠡᠨ ᠵᠠᠰᠠᠬᠤ ᠣᠷᠣᠨ ᠤ ᠴᠠᠭ ᠠᠭᠤᠷ ᠤᠨ ᠭᠠᠢ ᠭᠠᠮᠰᠢᠭ ᠢ ᠰᠡᠷᠭᠡᠶᠢᠯᠡᠨ ᠪᠠᠭᠠᠰᠬᠠᠬᠤ᠂ ᠡᠭᠦᠯᠡᠨ ᠤ ᠤᠰᠤᠨ ᠤ ᠡᠬᠢ ᠪᠠᠶᠠᠯᠢᠭ ᠢ ᠨᠡᠭᠡᠭᠡᠨ ᠠᠰᠢᠭᠯᠠᠬᠤ ᠪᠠ ᠠᠮᠢ ᠠᠬᠤᠢ ᠶᠢᠨ ᠣᠷᠴᠢᠨ ᠲᠣᠭᠤᠷᠢᠨ ᠢ ᠰᠡᠷᠭᠦᠭᠡᠨ ᠰᠠᠶᠢᠵᠢᠷᠠᠭᠤᠯᠬᠤ ᠳᠤ ᠢᠳᠡᠪᠬᠢᠲᠡᠢ ᠬᠤᠪᠢ ᠨᠡᠮᠡᠷᠢ ᠦᠵᠡᠭᠦᠯᠬᠦ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号