ᠰᠤᠷᠪᠤᠯᠵᠢᠯᠠᠭᠴᠢ ᠦᠪᠡᠷᠳᠡᠭᠡᠨ ᠵᠠᠰᠠᠬᠤ ᠤᠷᠤᠨ ᠤ ᠲᠠᠷᠢᠶᠠᠯᠠᠩ ᠮᠠᠯ ᠠᠵᠤ ᠠᠬᠤᠢ ᠪᠠ ᠬᠦᠳᠡᠭᠡ | ᠲᠤᠰᠬᠤᠨ ᠮᠠᠯᠵᠢᠬᠤ ᠤᠷᠤᠨ ᠤ ᠲᠢᠩᠭᠢᠮ ᠠᠴᠠ ᠤᠢᠢᠯᠠᠭᠠᠭᠰᠠᠨ ᠢᠶᠠᠷ᠂ ᠶᠠᠳᠠᠭᠤ ᠶᠢ ᠲᠡᠳᠬᠦᠬᠦ ᠲᠠᠭᠠᠭᠤᠯᠤᠭᠴᠢ | ᠠᠵᠤ ᠠᠬᠤᠢᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠲᠠᠮᠵᠢᠬᠦ ᠶᠢᠨ ᠬᠠᠮᠳᠤ᠂ | ᠮᠠᠨ ᠤ ᠤᠷᠤᠨ ᠡᠨᠡ ᠵᠢᠯ 57 ᠶᠠᠳᠠᠭᠤ ᠬᠦᠴᠢᠷᠳᠡᠯᠳᠡᠢ ᠬᠤᠰᠢᠭᠤ ᠰᠢᠶᠠᠨ ᠳᠤ ᠮᠠᠯ ᠠᠵᠤ ᠠᠬᠤᠢ ᠲᠠᠷᠢᠶᠠᠯᠠᠩ ᠤᠨ | ᠬᠦᠭᠵᠢᠯᠳᠡ ᠶᠢᠨ ᠪᠡᠯᠡ ᠮᠦᠩᠭᠦ ᠶᠢ 100 ᠳ᠋ᠦᠩᠰᠢᠭᠤᠷ ᠲᠦᠭᠦᠷᠢᠭ ᠠᠴᠠ ᠲᠡᠭᠡᠭᠰᠢ ᠲᠤᠬᠢᠷᠠᠭᠤᠯᠤᠨ᠂ ᠠᠵᠤ | ᠦᠢᠯᠡᠰ ᠢᠶᠠᠷ ᠶᠠᠳᠠᠭᠤ ᠶᠢ ᠲᠡᠳᠬᠦᠬᠦ ᠦᠷ᠎ᠠ ᠪᠦᠳᠦᠮᠵᠢ ᠪᠠ ᠶᠠᠰᠤ ᠴᠢᠨᠠᠷ ᠢ ᠲᠡᠭᠡᠭᠰᠢᠯᠡᠭᠦᠯᠦᠨ᠎ᠠ᠃ | ᠪᠦᠭᠦ ᠤᠷᠤᠨ ᠤ ᠮᠠᠯ ᠠᠵᠤ ᠠᠬᠤᠢ ᠲᠠᠷᠢᠶᠠᠯᠠᠩ ᠤᠨ ᠬᠦᠭᠵᠢᠯᠳᠡ ᠶᠢᠨ ᠪᠡᠯᠡ ᠮᠦᠩᠭᠦ ᠶᠢ ᠨᠡᠶᠢᠳᠭᠡᠬᠦ ᠡᠷᠴᠢᠮ ᠢᠶᠠᠨ | ᠴᠢᠩᠭᠠᠷᠠᠭᠤᠯᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠢ ᠲᠠᠮᠵᠢᠵᠦ᠂ ᠮᠢᠬᠠᠨ ᠤ ᠬᠤᠨᠢ᠂ ᠮᠢᠬᠠᠨ ᠤ ᠦᠭᠡᠷ᠂ | ᠡᠷᠳᠡᠨᠢ ᠰᠢᠰᠢ᠂ ᠲᠦᠮᠦᠰᠦ ᠵᠡᠷᠭᠡ ᠲᠠᠪᠠᠭᠤᠯᠢᠭ ᠤᠨᠴᠠᠯᠢᠭᠳᠤ ᠠᠵᠤ ᠦᠢᠯᠡᠰ ᠢ ᠬᠦᠭᠵᠢᠭᠦᠯᠤᠨ᠂ ︽ | ᠵᠠᠬᠢᠶᠠᠯᠠᠭ᠎ᠠ ᠶᠢᠨ ᠬᠡᠯᠪᠡᠷᠢ︾᠂ ︽ᠨᠠᠶᠢᠳᠠᠵᠤ ᠬᠠᠮᠢᠶᠠᠷᠤᠭᠤᠯᠬᠤ ᠬᠡᠯᠪᠡᠷᠢ︾᠂ ︽ᠪᠡᠯᠡ ᠬᠦᠷᠦᠩᠭᠡ ᠠᠴᠠ ᠠᠰᠢᠭ | ᠤᠯᠬᠤ ᠬᠡᠯᠪᠡᠷᠢ︾᠂ ︽ᠲᠠᠭᠠᠭᠤᠯᠤᠭᠴᠢ ᠠᠵᠤ ᠠᠬᠤᠢᠢᠯᠠᠯ + ᠬᠤᠷᠰᠢᠶ᠎ᠠ + ᠲᠠᠷᠢᠶᠠᠴᠢᠨ ᠡᠷᠦᠭᠡ︾ ᠵᠡᠷᠭᠡ | ᠶᠠᠳᠠᠭᠤ ᠶᠢ ᠲᠡᠳᠬᠦᠬᠦ ᠵᠠᠭᠪᠤᠷ ᠢ ᠲᠡᠯᠭᠡᠷᠡᠭᠦᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢ ᠠᠵᠤ ᠦᠢᠯᠡᠰ ᠤᠨ | ᠬᠡᠯᠬᠢᠶ᠎ᠠ ᠳᠤ ᠤᠷᠤᠭᠤᠯᠤᠨ᠎ᠠ᠃ | ᠶᠠᠳᠠᠭᠤ ᠬᠦᠴᠢᠷᠳᠡᠯᠳᠡᠢ ᠬᠦᠮᠦᠨ ᠠᠮᠠ ᠶᠢᠨ ᠤᠷᠤᠯᠴᠠᠬᠤ ᠬᠡᠮᠵᠢᠶ᠎ᠠ ᠪᠠᠷ ᠦᠨᠳᠦᠷ ᠰᠦ᠂ ᠮᠢᠬ᠎ᠠ᠂ ᠭᠤᠸ᠎ᠠ | ᠵᠢᠮᠢᠰ᠂ ᠢᠳᠡᠰᠢᠨ ᠨᠤᠭᠤᠭ᠎ᠠ᠂ ᠤᠢ ᠰᠢᠭᠤᠢ ᠡᠪᠡᠰᠤ ᠪᠡᠯᠴᠢᠭᠡᠷ ᠵᠡᠷᠭᠡ ᠤᠨᠴᠠᠯᠢᠭᠳᠤ ᠠᠵᠤ ᠦᠢᠯᠡᠰ ᠢ | ᠭᠤᠤᠯᠳᠠᠯᠭ᠎ᠠ ᠲᠠᠢ ᠲᠡᠳᠭᠦᠨ ᠲᠡᠮᠵᠢᠵᠦ᠂ ᠵᠢᠭᠤᠯᠴᠢᠯᠠᠯ ᠢᠶᠠᠷ ᠶᠠᠳᠠᠭᠤ ᠶᠢ ᠲᠡᠳᠬᠦᠬᠦ᠂ ᠭᠡᠷᠡᠯᠴᠢ ᠴᠡᠨᠡᠭ ᠢᠶᠠᠷ | ᠶᠠᠳᠠᠭᠤ ᠶᠢ ᠲᠡᠳᠬᠦᠬᠦ᠂ ᠡᠯᠧᠺᠳ᠋ᠷᠤᠨ ᠬᠤᠳᠠᠯᠳᠤᠭ᠎ᠠ ᠪᠠᠷ ᠶᠠᠳᠠᠭᠤ ᠶᠢ ᠲᠡᠳᠬᠦᠬᠦ ᠵᠡᠷᠭᠡ ᠶᠠᠳᠠᠭᠤ ᠶᠢ ᠲᠡᠳᠬᠦᠬᠦ | ᠰᠢᠨ᠎ᠠ ᠵᠠᠮ ᠰᠤᠪᠠᠭ ᠢ ᠦᠷᠭᠡᠳᠭᠡᠵᠦ᠂ ᠲᠦᠷᠦᠯ ᠵᠦᠢᠯ ᠨᠢ ᠶᠠᠳᠠᠭᠤ ᠶᠢ ᠲᠡᠳᠬᠦᠬᠦ ᠡᠳᠡᠭᠡᠳ ᠢ ᠲᠠᠭᠠᠬᠤ᠂ ᠪᠡᠯᠡ | ᠮᠦᠩᠭᠦ ᠨᠢ ᠲᠦᠷᠦᠯ ᠵᠦᠢᠯ ᠢ ᠲᠠᠭᠠᠬᠤ ᠶᠢ ᠦᠨᠡᠨ ᠭᠦ ᠪᠡᠶᠡᠯᠡᠭᠦᠯᠵᠦ᠂ ᠶᠠᠳᠠᠭᠤ ᠬᠦᠴᠢᠷᠳᠡᠯᠳᠡᠢ ᠬᠦᠮᠦᠨ ᠠᠮᠠ ᠶᠢᠨ | ᠤᠷᠤᠯᠭ᠎ᠠ ᠶᠢᠨ ᠬᠢᠷᠢ ᠲᠦᠪᠰᠢᠨ ᠢ ᠲᠡᠭᠡᠭᠰᠢᠯᠡᠭᠦᠯᠦᠨ᠎ᠠ᠃ | ᠪᠦᠭᠦ ᠤᠷᠤᠨ ᠤ ᠡᠯ᠎ᠠ ᠭᠠᠵᠠᠷ ᠤᠨ ᠬᠢᠨ ᠶᠠᠳᠠᠭᠤ ᠬᠦᠴᠢᠷᠳᠡᠯᠳᠡᠢ ᠡᠷᠦᠭᠡ ᠶᠢᠨ ᠦᠢᠯᠡᠳᠪᠦᠷᠢᠯᠡᠯ ᠤᠨ | ᠴᠢᠳᠠᠪᠤᠷᠢ᠂ ᠠᠵᠤ ᠦᠢᠯᠡᠰ ᠤᠨ ᠬᠦᠭᠵᠢᠯᠳᠡ ᠶᠢᠨ ᠤᠨᠴᠠᠯᠢᠭ ᠢ ᠦᠨᠳᠦᠰᠦᠯᠡᠨ᠂ ᠲᠠᠶᠢᠴᠢᠯᠠᠬᠤ ᠦᠢᠯᠡᠳᠦᠯ ᠢᠶᠠᠷ | ᠴᠢᠩᠭ᠎ᠠ᠂ ᠶᠠᠳᠠᠭᠤ ᠬᠦᠴᠢᠷᠳᠡᠯᠳᠡᠢ ᠡᠷᠦᠭᠡ ᠪᠠᠷ ᠨᠢᠭᠡᠴᠢ ᠪᠤᠯᠭᠠᠨ ᠦᠢᠯᠡᠳᠪᠦᠷᠢᠯᠡᠯ ᠡᠵᠡᠩᠨᠡᠯᠳᠡ ᠬᠢᠬᠦ ᠳᠤ | ᠲᠤᠬᠢᠷᠠᠬᠤ ᠲᠦᠷᠦᠯ ᠵᠦᠢᠯ ᠢ ᠡᠩ ᠲᠦᠷᠦᠭᠦᠨ ᠳᠤ ᠲᠡᠳᠭᠦᠨ ᠲᠡᠮᠵᠢᠵᠦ᠂ ᠲᠠᠷᠢᠬᠤ᠂ ᠲᠡᠵᠢᠭᠡᠨ ᠦᠷᠡᠵᠢᠭᠦᠯᠬᠦ᠂ | ᠵᠢᠭᠤᠯᠴᠢᠯᠠᠯ ᠵᠢᠴᠢ ᠦᠨᠳᠦᠰᠦᠳᠡᠨ ᠤ ᠡᠳ᠋ᠯᠡᠯ ᠬᠡᠷᠡᠭᠰᠡᠯ ᠡᠳ᠋ᠰᠢᠭᠦᠯᠦᠨ ᠪᠤᠯᠪᠠᠰᠤᠷᠠᠭᠤᠯᠬᠤ ᠵᠡᠷᠭᠡ ᠶᠠᠳᠠᠭᠤ ᠶᠢ | ᠲᠡᠳᠬᠦᠬᠦ ᠭᠤᠤᠯᠯᠠᠬᠤ ᠠᠵᠤ ᠦᠢᠯᠡᠰ ᠢ ᠪᠤᠶᠢᠵᠢᠭᠤᠯᠤᠨ᠎ᠠ᠃ ᠤᠳᠤᠬᠠᠨ ᠳᠤ ᠮᠠᠨ ᠤ ᠤᠷᠤᠨ ᠨᠢᠭᠡᠨᠳᠡ ᠮᠢᠬᠠᠨ ᠤ | ᠬᠤᠨᠢ᠂ ᠮᠢᠬᠠᠨ ᠤ ᠦᠭᠡᠷ᠂ ᠠᠮᠢᠳᠤ ᠭᠠᠭ᠋ᠠᠢ᠂ ᠭᠡᠷ ᠤᠨ ᠵᠢᠭᠦᠷᠳᠡᠨ᠂ ᠡᠷᠳᠡᠨᠢ ᠰᠢᠰᠢ᠂ ᠡᠪᠡᠰᠤ ᠪᠤᠷᠳᠤᠭ᠎ᠠ᠂ | ᠢᠳᠡᠰᠢᠨ ᠨᠤᠭᠤᠭ᠎ᠠ᠂ ᠲᠦᠮᠦᠰᠦ ᠵᠡᠷᠭᠡ 8 ᠲᠤᠮᠤ ᠶᠠᠳᠠᠭᠤ ᠶᠢ ᠲᠡᠳᠬᠦᠬᠦ ᠲᠠᠪᠠᠭᠤᠯᠢᠭ ᠤᠨᠴᠠᠯᠢᠭᠳᠤ ᠠᠵᠤ | ᠦᠢᠯᠡᠰ ᠢ ᠲᠤᠭᠳᠠᠭᠠᠵᠤ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠤᠨᠴᠠᠯᠢᠭᠳᠤ ᠠᠵᠤ ᠦᠢᠯᠡᠰ ᠢ | ᠬᠦᠭᠵᠢᠭᠦᠯᠬᠦ ᠶᠢ ᠭᠤᠤᠯᠳᠠᠯᠭ᠎ᠠ ᠲᠠᠢ ᠲᠡᠮᠵᠢᠵᠦ᠂ ᠮᠠᠯ ᠠᠵᠤ ᠠᠬᠤᠢ ᠲᠠᠷᠢᠶᠠᠯᠠᠩ ᠤᠨ ᠲᠠᠭᠠᠭᠤᠯᠤᠭᠴᠢ ᠠᠵᠤ | ᠠᠬᠤᠢᠢᠯᠠᠯ ᠪᠠ ᠮᠠᠯ ᠤᠨ ᠠᠰᠢᠭ ᠰᠢᠮ᠎ᠠ ᠲᠠᠷᠢᠶᠠᠯᠠᠩ ᠤᠨ ᠪᠦᠳᠦᠭᠡᠭᠳᠡᠭᠦᠨ ᠢ ᠡᠳ᠋ᠰᠢᠭᠦᠯᠦᠨ ᠪᠤᠯᠪᠠᠰᠤᠷᠠᠭᠤᠯᠬᠤ ᠠᠵᠤ | ᠠᠬᠤᠢᠢᠯᠠᠯ ᠤᠨ ︽ᠠᠵᠤ ᠠᠬᠤᠢᠢᠯᠠᠯ + ᠰᠠᠭᠤᠷᠢᠨ ᠭᠠᠵᠠᠷ + ᠶᠠᠳᠠᠭᠤ ᠬᠦᠴᠢᠷᠳᠡᠯᠳᠡᠢ ᠡᠷᠦᠭᠡ︾ ᠶᠢᠨ | ᠬᠦᠭᠵᠢᠯᠳᠡ ᠶᠢᠨ ᠵᠠᠭᠪᠤᠷ ᠢᠶᠠᠷ ᠶᠠᠳᠠᠭᠤ ᠶᠢ ᠴᠦᠭᠡᠳᠭᠡᠵᠦ᠂ ᠶᠠᠳᠠᠭᠤ ᠶᠢ ᠲᠠᠶᠢᠴᠢᠯᠠᠬᠤ ᠶᠢ ᠲᠡᠮᠵᠢᠵᠦ ᠪᠤᠢ᠃ |