ᠣᠶᠢᠷ᠎ᠠ ᠳᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ | ᠳᠠᠭᠠᠯᠳᠣᠨ᠂ ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠤ ᠬᠠᠮᠠᠭᠠᠯᠠᠯᠲᠠ ᠶᠢᠨ ᠠᠵᠢᠯ ᠰᠢᠨ᠎ᠡ ᠨᠢᠭᠡ | ᠡᠭᠡᠯᠵᠢ ᠶᠢᠨ ᠥᠷᠢᠰᠥᠯᠳᠦᠭᠡᠨ ᠢ ᠤᠭᠲᠤᠨ ᠠᠪᠴᠢᠷᠠᠵᠤ᠂ ᠰᠢᠨ᠎ᠡ ᠬᠤᠲᠠ ᠲᠣᠭᠤᠷᠢᠭ ᠤᠨ ᠬᠤᠭ ᠨᠣᠪᠰᠢ ᠶᠢ | ᠲᠥᠷᠥᠯ ᠬᠤᠪᠢᠶᠠᠬᠤ ᠠᠯᠪᠠᠨ ᠬᠡᠷ ᠪᠣᠳᠠᠲᠤ ᠪᠠᠶᠢᠳᠠᠯ ᠢᠶᠠᠨ ᠦᠨᠳᠦᠰᠦᠯᠡᠨ ᠦᠳᠲᠡᠷ ᠲᠦᠷᠭᠡᠨ ᠲᠣᠬᠢᠷᠠᠭᠤᠯᠤᠯᠲᠠ | ᠬᠢᠵᠦ᠂ ᠣᠷᠴᠢᠨ ᠲᠤᠭᠤᠷᠢᠨ ᠤ ᠠᠷᠢᠭᠤᠨ ᠴᠡᠪᠡᠷ ᠢ ᠴᠡᠪᠡᠷᠰᠢᠭᠦᠯᠵᠦ᠂ ᠠᠷᠢᠭᠤᠳᠬᠠᠬᠤ ᠬᠤᠶᠠᠷ ᠲᠠᠯ᠎ᠠ ᠶᠢ | ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ | ᠰᠡᠷᠭᠦᠭᠡᠬᠦ ᠳᠤ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠲᠤᠯᠠᠭ᠎ᠠ ᠬᠠᠩᠭᠠᠬᠤ ᠪᠠᠷ ᠴᠢᠷᠮᠠᠶᠢᠵᠤ ᠪᠠᠶᠢᠨ᠎ᠠ᠃ | ᠠᠭᠠᠷ ᠤᠨ ᠳᠤᠯᠠᠭᠠᠨ ᠡᠳᠦᠷ ᠢᠷᠡᠬᠦᠶ᠎ᠡ ᠳᠡᠭᠡᠭᠰᠢᠯᠡᠵᠦ᠂ ᠲᠣᠭᠤᠭᠠᠨ ᠭᠡᠷ ᠤᠨ ᠬᠤᠭ ᠨᠣᠪᠰᠢ ᠶᠢᠨ ᠰᠠᠪᠠ | ᠳᠣᠲᠣᠷ᠎ᠠ ᠦᠮᠡᠬᠡᠶ ᠦᠨᠦᠷ ᠭᠠᠷᠬᠤ ᠶᠢ ᠰᠡᠷᠭᠡᠶᠢᠯᠡᠬᠦ ᠶᠢᠨ ᠲᠥᠯᠥᠭᠡ᠂ ᠰᠢᠨ᠎ᠡ ᠬᠤᠲᠠ ᠲᠣᠭᠤᠷᠢᠭ ᠤᠨ ᠣᠷᠴᠢᠨ | ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ ᠬᠤᠭ ᠨᠣᠪᠰᠢ ᠶᠢ ᠲᠥᠷᠥᠯ ᠬᠤᠪᠢᠶᠠᠨ | ᠰᠢᠢᠳᠪᠦᠷᠢᠯᠡᠬᠦ ᠠᠯᠪᠠᠨ ᠭᠡᠷ ᠤᠨ ᠠᠵᠢᠯᠲᠠᠳ ᠡᠯ᠎ᠡ ᠬᠤᠭ ᠨᠣᠪᠰᠢ ᠶᠢᠨ ᠰᠠᠪᠠ ᠳᠣᠲᠣᠷ᠎ᠠ ᠭᠠᠳᠠᠨᠠᠬᠢ ᠶᠢ | ᠲᠦᠢᠯᠪᠤᠷᠢᠲᠠᠶ ᠴᠡᠪᠡᠷᠯᠡᠬᠦ ᠪᠠ ᠠᠷᠢᠭᠤᠳᠬᠠᠬᠤ ᠠᠵᠢᠯ ᠬᠢᠵᠦ ᠪᠠᠶᠢᠨ᠎ᠠ᠃ ᠬᠢᠵᠢᠭ ᠤᠨ ᠪᠠᠶᠢᠳᠠᠯ ᠠᠴᠠ ᠡᠬᠢᠯᠡᠨ᠂ | ᠰᠢᠨ᠎ᠡ ᠬᠤᠲᠠ ᠲᠣᠭᠤᠷᠢᠭ ᠤᠨ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠦᠢᠯᠡᠴᠢᠯᠡᠭᠡᠨ ᠤ ᠲᠥᠪ ᠤᠨ | ᠪᠦᠬᠦ ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠠᠵᠢᠯᠲᠠᠨ ᠪᠦᠬᠦᠯᠢ ᠡᠳᠦᠷ ᠲᠤ ᠠᠮᠠᠷᠠᠬᠤ ᠦᠭᠡᠶ ᠪᠠᠶᠢᠵᠤ᠂ | ᠠᠵᠢᠯ ᠤᠨ ᠡᠷᠴᠢᠮ ᠢᠶᠠᠨ ᠨᠡᠮᠡᠭᠳᠡᠭᠦᠯᠦᠨ᠂ ᠶᠡᠬᠡᠪᠡᠷ ᠴᠡᠪᠡᠷᠯᠡᠨ ᠠᠷᠢᠯᠭᠠᠬᠤ᠂ ᠶᠡᠬᠡᠪᠡᠷ ᠠᠷᠢᠭᠤᠳᠬᠠᠬᠤ ᠠᠵᠢᠯᠯᠠᠭ᠎ᠠ | ᠥᠷᠨᠢᠭᠦᠯᠵᠦ᠂ ᠬᠠᠷᠢᠶ᠎ᠠ ᠳᠣᠲᠣᠷᠠᠬᠢ ᠵᠢᠵᠢᠭ ᠲᠣᠭᠤᠷᠢᠭ ᠤᠨ ᠡᠳᠦᠷ ᠪᠦᠷᠢ ᠭᠠᠷᠤᠭᠰᠠᠨ ᠬᠤᠭ ᠨᠣᠪᠰᠢ ᠶᠢ | ᠭᠠᠷᠬᠤ ᠶᠢᠨ ᠳᠠᠭᠠᠤ ᠴᠡᠪᠡᠷᠰᠢᠭᠦᠯᠦᠨ ᠠᠷᠢᠯᠭᠠᠵᠤ᠂ ᠥᠨᠴᠥᠭ ᠪᠤᠯᠤᠩ ᠦᠯᠡᠳᠡᠭᠡᠬᠦ ᠦᠭᠡᠶ ᠪᠠᠶᠢᠬᠤ ᠠᠷᠢᠭᠤᠳᠬᠠᠨ᠎ᠠ | ᠃ ᠠᠵᠢᠯᠲᠠᠳ ᠣᠷᠴᠢᠨ ᠲᠣᠭᠤᠷᠢᠨ ᠤ ᠠᠷᠢᠭᠤᠨ ᠴᠡᠪᠡᠷ ᠤᠨ ᠪᠠᠭᠠᠵᠢ ᠲᠥᠬᠦᠭᠡᠷᠦᠮᠵᠢ ᠶᠢ ᠡᠳᠦᠷ ᠪᠦᠷᠢ ᠴᠢᠩᠭ᠎ᠠ | ᠠᠷᠢᠭᠤᠳᠬᠠᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠳᠤ ᠲᠣᠭᠲᠠᠭᠰᠠᠨ ᠴᠠᠭ ᠲᠤ ᠪᠡᠶ᠎ᠡ ᠶᠢᠨ | ᠳᠤᠯᠠᠭᠠᠨ ᠢ ᠨᠢ ᠬᠡᠮᠵᠢᠨ ᠦᠭᠴᠦ᠂ ᠨᠢᠭᠡ ᠲᠠᠯ᠎ᠠ ᠪᠠᠷ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯᠴᠢᠨ ᠤ | ᠸᠢᠷᠦ᠋ᠰ ᠲᠤ ᠬᠠᠯᠳᠠᠪᠤᠷᠢᠯᠠᠬᠤ ᠨᠤᠷᠮ᠎ᠠ ᠶᠢ ᠪᠠᠭᠠᠰᠬᠠᠨ᠂ ᠨᠦᠬᠦᠭᠡ ᠲᠠᠯ᠎ᠠ ᠪᠠᠷ ᠨᠡᠶᠢᠭᠡᠮ ᠲᠣᠭᠤᠷᠢᠭ ᠤᠨ ᠰᠠᠭᠤᠭᠠᠯᠢ | ᠡᠷᠦᠬᠡ ᠳᠤ ᠨᠢᠭᠡᠨ ᠠᠷᠢᠭᠤᠨ ᠴᠡᠪᠡᠷ᠂ ᠴᠡᠪᠡᠷ ᠲᠡᠭᠰᠢ᠂ ᠰᠠᠨᠠᠭ᠎ᠠ ᠠᠮᠤᠷ ᠣᠷᠣᠰᠢᠨ ᠰᠠᠭᠤᠬᠤ ᠣᠷᠴᠢᠨ | ᠲᠣᠭᠤᠷᠢᠨ ᠢ ᠬᠠᠩᠭᠠᠭᠰᠠᠨ ᠪᠠᠶᠢᠨ᠎ᠠ᠃ | | | | | | | | | | | | | | | |