ᠬᠦᠬᠡᠬᠤᠳᠠ ᠵᠠᠰᠠᠭ ᠤᠨ ᠶᠠᠪᠣᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠳᠦᠷᠢᠮ ᠨᠡᠶᠢᠲᠡᠯᠡᠪᠡ
ᠨᠡᠶᠢᠲᠡᠯᠡᠭᠰᠡᠨ ᠴᠠᠭ᠄
2020-03-25
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠰᠡᠴᠡᠨ︶ ᠣᠶᠢᠷ᠎ᠠ ᠳᠤ᠂ ᠬᠥᠬᠡᠬᠤᠲᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠰᠢᠰᠲ᠋ᠧᠮ ᠤᠨ ︽ᠰᠠᠶᠢᠨ ᠮᠠᠭᠤ ᠶᠢ ᠦᠨᠡᠯᠡᠬᠦ︾ ᠳᠦᠷᠢᠮ ᠢ ᠬᠡᠷᠡᠭᠵᠢᠭᠦᠯᠬᠦ ᠲᠥᠰᠦᠯ ᠨᠠᠶᠢᠳᠡᠯᠡᠵᠤ᠂ ᠤᠯᠠᠨ ᠲᠦᠮᠡᠨ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ᠬᠠᠨᠤᠮᠵᠢᠲᠠᠢ ᠡᠰᠡᠬᠦ ᠶᠢ ᠦᠨᠡᠯᠡᠬᠦ ᠡᠷᠬᠡ ᠲᠠᠢ ᠪᠤᠯᠵᠠᠢ᠃      ᠲᠤᠰ ᠤᠳᠠᠭ᠎ᠠ ᠶᠢᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ︽ᠰᠠᠶᠢᠨ ᠮᠠᠭᠤ ᠶᠢ ᠦᠨᠡᠯᠡᠬᠦ︾ ᠲᠦᠷᠢᠮ ᠨᠢ ᠪᠤᠳᠠᠳᠤ ᠴᠤᠬᠴᠠ ᠶᠢᠨ ᠦᠢᠯᠡᠴᠢᠯᠡᠭᠡᠨ ᠤ ᠲᠢᠩᠬᠢᠮ᠂ ᠦᠢᠯᠡᠴᠢᠯᠡᠭᠡᠨ ᠤ ᠴᠣᠩᠬᠤᠪᠴᠢ ᠪᠠ ᠰᠦᠯᠵᠢᠶᠡᠨ ᠳᠡᠭᠡᠷᠡᠬᠢ ᠬᠡᠷᠡᠭ ᠡᠷᠬᠢᠯᠡᠬᠦ ᠲᠢᠩᠬᠢᠮ᠂ ᠰᠢᠯᠵᠢᠭᠡ ᠦᠵᠦᠭᠦᠷᠯᠢᠭ ᠤᠨ ᠬᠠᠩᠭᠠᠬᠤ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠪᠦᠬᠦᠨ ᠢ ᠪᠦᠷᠬᠦᠭᠦᠯᠵᠦ᠂ ᠬᠥᠬᠡᠬᠤᠲᠠ ᠶᠢᠨ ᠡᠯ᠎ᠡ ᠭᠠᠵᠠᠷ ᠤᠷᠤᠨ ᠡᠯ᠎ᠡ ᠰᠠᠯᠠᠭ᠎ᠠ ᠮᠥᠴᠢᠷ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡ ᠬᠠᠩᠭᠠᠭᠰᠠᠨ ᠪᠣᠢ ᠪᠦᠬᠦᠢ ᠦᠢᠯᠡᠴᠢᠯᠡᠭᠡᠨ ᠤ ᠪᠠᠶᠢᠭᠤᠯᠤᠮᠵᠢ ᠵᠢᠴᠢ ᠠᠵᠢᠯᠳᠠᠳ ᠴᠦᠮ ︽ᠰᠠᠶᠢᠨ ᠮᠠᠭᠤ ᠶᠢ ᠦᠨᠡᠯᠡᠬᠦ︾ ᠡᠳᠡᠬᠡᠳ ᠪᠣᠯᠣᠨ᠎ᠠ᠃ ᠦᠨᠡᠯᠡᠬᠦ ᠦᠷ᠎ᠡ ᠳ᠋ᠦᠡᠭ ᠢ ︽ᠳᠣᠩ ᠬᠠᠨᠤᠮᠵᠢᠳᠠᠢ︾ ︽ᠬᠠᠨᠤᠮᠵᠢᠳᠠᠢ︾ ︽ᠦᠨᠳᠤᠰᠤᠨ ᠳᠡᠭᠡᠨ ᠬᠠᠨᠤᠮᠵᠢᠳᠠᠢ︾ ︽ᠬᠠᠨᠤᠮᠵᠢ ᠦᠭᠡᠢ︾ ︽ᠲᠤᠩ ᠬᠠᠨᠤᠮᠵᠢ ᠦᠭᠡᠢ︾ ᠵᠡᠷᠭᠡ 5 ᠲᠡᠰ ᠬᠤᠪᠢᠶᠠᠵᠤ᠂ ᠬᠤᠪᠢᠲᠤᠬᠳᠠᠭᠠᠬᠤ ᠪᠠ ᠦᠨᠡᠯᠡᠬᠦ ᠠᠭᠤᠯᠭ᠎ᠠ ᠶᠢ ᠴᠦ ᠡᠯᠧᠺᠲᠷᠤᠨ ᠬᠤᠳᠠᠯᠳᠤᠭᠠᠨ ᠤ ᠲᠠᠪᠴᠠᠩ ᠲᠠᠢ ᠠᠳᠠᠯᠢᠬᠠᠨ ᠪᠦᠷᠢᠮᠦᠰᠦᠨ ᠢᠯᠡ ᠪᠣᠯᠭᠠᠨ᠎ᠠ︔ ᠠᠵᠤ ᠠᠬᠤᠢᠢᠯᠠᠯ ᠪᠠ ᠬᠤᠳᠠ ᠶᠢᠨ ᠠᠷᠠᠳ ᠤᠨ ᠦᠭᠭᠦᠭᠰᠡᠨ ᠬᠠᠨᠤᠮᠵᠢ ᠦᠭᠡᠢ ᠦᠨᠡᠯᠡᠯᠳᠠ ᠶᠢ ᠡᠯ᠎ᠡ ᠲᠠᠭᠠᠭᠠᠨ ᠡᠷᠬᠢᠯᠡᠭᠰᠡᠨ ᠨᠢᠭᠡᠴᠢ ᠪᠤᠶᠤ ᠬᠠᠮᠢᠶ᠎ᠠ ᠪᠦᠬᠦᠢ ᠰᠠᠯᠠᠭ᠎ᠠ ᠮᠦᠴᠢᠷ ᠴᠠᠭ ᠲᠤᠬᠠᠢ ᠳᠤᠨᠢ ᠬᠠᠷᠢᠭᠤᠯᠳᠠ ᠦᠭᠬᠦ ᠶᠢᠨ ᠬᠠᠮᠳᠤ ᠴᠡᠭᠴᠡᠯᠡᠨ ᠰᠠᠶᠢᠵᠢᠷᠠᠭᠤᠯᠬᠤ ᠪᠠ ᠬᠠᠷᠢᠭᠤ ᠰᠤᠷᠪᠤᠯᠵᠢᠯᠠᠬᠤ ᠪᠣᠯᠣᠨ᠎ᠠ᠃      ᠬᠥᠬᠡᠬᠤᠲᠠ ᠶᠢᠨ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠪᠠ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤ ᠲᠣᠪᠴᠢᠶ᠎ᠠ ᠶᠢᠨ ᠬᠠᠷᠢᠭᠤᠴᠠᠯᠭᠠᠳᠠᠨ ᠤ ᠳᠠᠨᠢᠯᠴᠠᠭᠤᠯᠣᠭᠰᠠᠨ ᠢᠶᠠᠷ᠂ ᠡᠯᠧᠺᠲᠷᠣᠨ ᠬᠤᠳᠠᠯᠳᠤᠭ᠎ᠠ ᠶᠢᠨ ᠦᠨᠡᠯᠡᠬᠦ ᠲᠣᠭᠲᠠᠴᠠ ᠶᠢ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠬᠦᠷᠢᠶᠠᠨ ᠳᠤ ᠤᠷᠤᠭᠤᠯᠣᠭᠰᠠᠨ ᠨᠢ᠂ ᠵᠠᠰᠠᠭ ᠤᠨ ᠤᠷᠳᠤᠨ ᠦᠢᠯᠡᠴᠢᠯᠡᠭᠡᠨ ᠤ ᠤᠢᠢᠯᠠᠭᠠᠭᠳᠠᠬᠤᠨ ᠢᠶᠠᠨ ᠲᠠᠰᠤᠷᠠᠯᠲᠠ ᠦᠭᠡᠢ ᠬᠦᠨᠵᠡᠭᠡᠶᠢᠷᠡᠬᠦᠯᠬᠦ᠂ ᠦᠢᠯᠡᠴᠢᠯᠡᠭᠡᠨ ᠤ ᠶᠠᠪᠤᠴᠠ ᠪᠠᠨ ᠰᠢᠯᠢᠳᠡᠭᠵᠢᠬᠦᠯᠬᠦ᠂ ᠦᠢᠯᠡᠴᠢᠯᠡᠭᠡᠨ ᠤ ᠶᠠᠰᠤ ᠴᠢᠨᠠᠷ ᠢᠶᠠᠨ ᠲᠡᠭᠡᠭᠰᠢᠯᠡᠬᠦᠯᠬᠦ‍ ᠨᠢᠭᠡ ᠶᠡᠭᠡ ᠲᠠᠪᠰᠢᠯᠳᠠ ᠪᠣᠯᠣᠨ᠎ᠠ᠃ ᠰᠠᠶᠢᠨ ᠮᠠᠭᠤ ᠶᠢ ᠦᠨᠡᠯᠡᠬᠦ ᠲᠦᠷᠢᠮ ᠨᠢ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠠᠵᠢᠯᠳᠠᠳ ᠢ ᠲᠠᠷᠤᠯᠳᠠ ᠲᠠᠢ ᠪᠣᠯᠭᠠᠵᠣ᠂ ᠤᠯᠠᠨ ᠲᠦᠮᠡᠨ ᠤ ᠬᠠᠨᠤᠮᠵᠢ ᠶᠢᠨ ᠬᠡᠮᠵᠢᠶ᠎ᠡ ᠶᠢ ᠨᠡᠩ ᠴᠢᠬᠤᠯᠠᠴᠢᠯᠠᠬᠤ ᠪᠣᠯᠭᠠᠬᠤ ᠪᠣᠯᠣᠨ᠎ᠠ᠂ ᠡᠨᠡ ᠨᠢ ᠵᠠᠰᠠᠭ ᠤᠨ ᠶᠠᠪᠤᠳᠠᠯ ᠤᠨ ᠦᠢᠯᠡᠴᠢᠯᠡᠭᠡ ᠳᠤ ︽ᠬᠢᠨᠠᠨ ᠡᠵᠡᠮᠳᠡᠭᠦᠷ︾ ᠤᠨ ᠦᠢᠯᠡᠳᠦᠯ ᠲᠠᠢ ᠪᠠᠶᠢᠵᠤ᠂ ᠤᠯᠠᠨ ᠲᠦᠮᠡᠨ ᠢᠶᠠᠷ ᠬᠢᠨᠠᠯᠳᠠ ᠲᠠᠯᠪᠢᠭᠤᠯᠵᠤ᠂ ᠦᠢᠯᠡᠴᠢᠯᠡᠭᠳᠡᠭᠴᠢ ᠪᠠᠷ ᠦᠨᠡᠯᠡᠭᠦᠯᠵᠤ᠂ ᠲᠦᠷᠢᠮ ᠤᠨ ᠲᠠᠯ᠎ᠠ ᠠᠴᠠ ᠦᠢᠯᠡᠴᠢᠯᠡᠭᠡᠨ ᠤ ᠶᠠᠰᠤ ᠴᠢᠨᠠᠷ ᠢ ᠬᠠᠮᠢᠶᠠᠷᠤᠨ ᠡᠵᠡᠮᠳᠡᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ  ᠤᠶᠠᠰᠤ ᠴᠢᠨᠠᠷ ᠢ ᠲᠡᠭᠡᠭᠰᠢᠯᠡᠬᠦᠯᠬᠦ ᠳᠤ ᠠᠰᠢᠭᠲᠠᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号