ᠬᠦᠬᠡᠬᠤᠲᠠ ᠰᠢᠤᠳᠠᠨ ᠪᠤᠯᠤᠨ ᠲᠦᠷᠭᠡᠨ ᠬᠦᠷᠬᠡᠯᠳᠡ ᠶᠢᠨ ᠠᠵᠤ ᠠᠬᠤᠢᠢᠯᠠᠯ ᠤᠨ ᠬᠠᠮᠲᠤᠷᠠᠯᠴᠠᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠠᠵᠢᠯ ᠢ ᠭᠦᠨᠵᠡᠭᠡᠢ ᠠᠬᠢᠭᠤᠯᠵᠤ ᠪᠤᠢ
ᠨᠡᠶᠢᠲᠡᠯᠡᠭᠰᠡᠨ ᠴᠠᠭ᠄
2020-03-25
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠠᠭᠤᠯᠠ︶ 3 ᠰᠠᠷ᠎ᠠ ᠶᠢᠨ 22 ᠤᠨ ᠡᠳᠦᠷ᠂ ᠬᠥᠬᠡᠬᠤᠲᠠ ᠶᠢᠨ ᠰᠢᠤᠳᠠᠨ ᠤ ᠬᠠᠮᠢᠶᠠᠷᠤᠯᠲᠠ ᠶᠢᠨ ᠲᠣᠪᠴᠢᠶ᠎ᠠ ᠪᠣᠯᠣᠨ ᠬᠦᠬᠡᠬᠤᠲᠠ ᠶᠢᠨ ᠰᠢᠤᠳᠠᠨ ᠤ ᠶᠠᠪᠤᠳᠠᠯ ᠤᠨ ᠺᠤᠮᠫᠠᠨᠢ ᠬᠠᠮᠳᠤᠷᠠᠨ ︽ᠬᠦᠬᠡᠬᠤᠲᠠ ᠶᠢᠨ ᠰᠢᠤᠳᠠᠨ ᠪᠠ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠦᠳᠡᠭᠡ ᠲᠤᠰᠬᠤᠨ ᠳᠤ ᠤᠷᠤᠭᠤᠯᠬᠤ ᠠᠵᠢᠯ ᠢ ᠠᠬᠢᠭᠤᠯᠬᠤ ᠲᠦᠰᠦᠯ︾ ᠢ ᠲᠠᠷᠤᠮᠠᠯᠯᠠᠨ ᠲᠠᠷᠬᠠᠭᠠᠵᠤ᠂ ᠰᠢᠤᠳᠠᠨ ᠤ ᠶᠠᠪᠤᠳᠠᠯ᠂ ᠲᠦᠷᠭᠡᠨ ᠬᠦᠷᠭᠡᠯᠲᠡ ᠶᠢᠨ ᠠᠵᠤ ᠠᠬᠤᠶᠢᠯᠠᠯ ᠤᠨ ᠬᠠᠮᠲᠤᠷᠠᠯᠴᠠᠭ᠎ᠠ ᠶᠢ ᠬᠥᠳᠡᠭᠡ ᠲᠤᠰᠬᠤᠨ ᠳᠤ ᠤᠷᠤᠭᠤᠯᠬᠤ ᠠᠵᠢᠯ ᠢ ᠲᠦᠷᠭᠡᠳᠭᠡᠨ ᠠᠬᠢᠭᠤᠯᠵᠤ᠂ ᠬᠦᠳᠡᠭᠡ ᠲᠤᠰᠬᠤᠨ ᠤ ᠲᠦᠷᠭᠡᠨ ᠬᠦᠷᠭᠡᠯᠲᠡ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠤᠯᠠᠮ ᠨᠢᠭᠡ ᠠᠯᠬᠤᠮ ᠲᠡᠭᠡᠭᠰᠢᠯᠡᠭᠦᠯᠦᠨ᠂ ᠬᠦᠳᠡᠭᠡ ᠲᠤᠰᠬᠤᠨ᠂ ᠮᠠᠯᠵᠢᠬᠤ ᠲᠠᠷᠢᠶᠠᠯᠠᠬᠤ ᠤᠷᠤᠨ ᠳᠤ ᠨᠡᠩ ᠰᠠᠶᠢᠳᠤᠷ ᠦᠢᠯᠡᠴᠢᠯᠡᠬᠦ ᠶᠢ ᠵᠣᠷᠢᠭᠰᠠᠨ ᠪᠠᠶᠢᠨ᠎ᠠ᠃      ︽ᠲᠦᠰᠦᠯ︾ ᠳᠤ ᠠᠵᠢᠯ ᠤᠨ ᠬᠠᠷᠠᠯᠲᠠ᠂ ᠬᠠᠮᠳᠤᠷᠠᠯᠴᠠᠭᠠᠨ ᠤ ᠵᠠᠷᠴᠢᠮ᠂ ᠵᠠᠰᠠᠭ ᠠᠵᠤ ᠠᠬᠤᠶᠢᠯᠠᠯ ᠤᠨ ᠬᠠᠷᠢᠯᠴᠠᠭ᠎ᠠ ᠶᠢᠨ ᠬᠤᠪᠢᠶᠠᠷᠢᠯᠠᠯ ᠵᠡᠷᠭᠡ ᠠᠭᠤᠯᠭ᠎ᠠ ᠶᠢ ᠲᠤᠳᠤᠷᠬᠠᠢᠢᠯᠠᠵᠤ᠂ ᠲᠤᠰᠬᠠᠢ ᠠᠵᠢᠯ ᠤᠨ ᠤᠳᠤᠷᠢᠳᠬᠤ ᠲᠤᠭᠤᠢᠢᠯᠠᠩ ᠪᠠᠶᠢᠭᠤᠯᠤᠭᠰᠠᠨ ᠪᠦᠭᠡᠳ ᠨᠢᠭᠡᠳᠦᠯᠳᠡᠢ ᠲᠦᠯᠦᠪᠵᠢᠭᠦᠯᠦᠨ ᠪᠤᠳᠠᠳᠤ ᠪᠠᠶᠢᠳᠠᠯ ᠲᠠᠢ ᠤᠶᠠᠯᠳᠤᠭᠤᠯᠤᠭᠰᠠᠨ ᠰᠠᠭᠤᠷᠢᠨ ᠳᠡᠭᠡᠷ᠎ᠡ ᠬᠠᠮᠳᠤᠷᠠᠨ ᠠᠵᠢᠯᠯᠠᠬᠤ ᠬᠡᠪ ᠵᠠᠭᠪᠤᠷ ᠢ ᠬᠠᠨᠭ᠍ᠭᠠᠨ᠂ ᠲᠦᠮᠡᠳ ᠵᠡᠭᠦᠨ ᠬᠤᠰᠢᠭᠤ᠂ ᠬᠤᠷᠢᠨᠭᠡᠷ ᠰᠢᠶᠠᠨ ᠢ ᠰᠤᠩᠭᠤᠨ ᠲᠤᠷᠰᠢᠯᠲᠠ ᠶᠢᠨ ᠴᠡᠭ ᠢᠶᠠᠷ ᠲᠤᠭᠳᠠᠭᠠᠵᠤ᠂ ᠠᠵᠢᠯᠯᠠᠬᠤ ᠴᠠᠭ ᠤᠨ ᠬᠦᠰᠦᠨᠦᠭ ᠵᠤᠬᠢᠶᠠᠨ᠂ ᠰᠢᠤᠳᠠᠨ ᠪᠤᠯᠤᠨ ᠲᠦᠷᠭᠡᠨ ᠬᠦᠷᠬᠡᠯᠳᠡ ᠶᠢᠨ ᠠᠵᠤ ᠠᠬᠤᠶᠢᠯᠠᠯ ‍ᠤᠨ‌ᠬᠠᠮᠲᠤᠷᠠᠯᠴᠠᠭ᠎ᠠ ᠶᠢ ᠠᠬᠢᠭᠤᠯᠬᠤ ᠠᠵᠢᠯ ᠤᠨ ᠡᠮᠬᠢ ᠵᠢᠷᠦᠮ ᠲᠠᠢ ᠤᠷᠤᠭᠰᠢᠳᠠᠢ ᠶᠠᠪᠤᠭᠳᠠᠬᠤ ᠶᠢ ᠪᠠᠳᠤᠯᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号