3 ᠳ᠋ᠤᠭᠠᠷ ᠰᠠᠷ᠎ᠠ ᠶᠢᠨ 23 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠨᠠᠮ ᠤᠨ | ᠬᠤᠷᠢᠶ᠎ᠠ ᠶᠢᠨ ᠳᠡᠳ᠋ ᠱᠦᠵᠢ᠂ ᠵᠠᠰᠠᠭ ᠤᠨ ᠣᠷᠳᠣᠨ ᠤ ᠳᠠᠷᠤᠭ᠎ᠠ ᠹᠠᠨ ᡁᠢ ᠵᠥᠩ ᠠᠩᠭᠢ ᠳᠠᠭᠠᠭᠤᠯᠤᠨ ᠬᠠᠷᠢᠶ᠎ᠠ | ᠣᠷᠣᠨ ᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠢ | ᠪᠠᠶᠢᠴᠠᠭᠠᠨ ᠰᠤᠳᠤᠯᠪᠠ᠃ | | | | | | ᠹᠠᠨ ᡁᠢ ᠵᠦᠩ ᠨᠡᠷ ᠤᠷᠢᠳ ᠬᠤᠵᠢᠳ ᠥᠪᠥᠷ ᠮᠣᠩᠭᠤᠯ ᠤᠨ ᠢ ᠯᠢᠨ ᠢᠳᠡᠭᠡᠨ ᠤ ᠬᠢᠵᠠᠭᠠᠷᠲᠤ ᠺᠣᠮᠫᠠᠨᠢ᠂ | ᠥᠪᠥᠷ ᠮᠣᠩᠭᠤᠯ ᠤᠨ ᠴᠢ ᠲᠠᠢ ᠬᠤᠪᠴᠠᠰᠤ ᠵᠠᠰᠠᠯ ᠤᠨ ᠦᠢᠯᠡᠰ ᠤᠨ ᠬᠢᠵᠠᠭᠠᠷᠲᠤ ᠬᠠᠷᠢᠭᠤᠴᠠᠯᠭᠠᠲᠤ ᠺᠣᠮᠫᠠᠨᠢ᠂ | ᠪᠢᠨ ᠬᠠᠶ ᠵᠢᠤ ᠾᠧ ᠤᠤ ᠯᠠᠶ ᠬᠤᠳᠠᠯᠳᠤᠭᠠᠨ ᠤ ᠲᠠᠯᠠᠪᠠᠶ ᠳᠤ ᠬᠦᠷᠴᠦ᠂ ᠡᠯ᠎ᠡ ᠠᠵᠤ ᠠᠬᠤᠶᠢᠯᠠᠯ ᠤᠨ ᠠᠵᠢᠯ ᠢᠶᠠᠨ | ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ ᠵᠢᠴᠢ ᠲᠤᠯᠭᠠᠷᠠᠭᠰᠠᠨ ᠬᠦᠴᠢᠷᠳᠡᠯ ᠪᠠ ᠠᠰᠠᠭᠤᠳᠠᠯ ᠢ | ᠲᠤᠬᠠᠶ ᠶᠢᠨ ᠭᠠᠵᠠᠷ ᠲᠤᠨᠢ ᠣᠶᠢᠯᠠᠭᠠᠪᠠ᠃ ᠨᠢᠭᠡ ᠭᠠᠵᠠᠷ ᠬᠦᠷᠬᠦ ᠪᠦᠷᠢ᠂ ᠹᠠᠨ ᡁᠢ ᠵᠦᠩ ᠴᠥᠮ | ᠰᠠᠨᠠᠭᠠᠴᠢᠯᠠᠭ᠎ᠠ ᠠᠴᠠ ᠪᠠᠨ ᠪᠡᠶ᠎ᠡ ᠶᠢᠨ ᠳᠤᠯᠠᠭᠠᠨ ᠤ ᠬᠡᠮᠵᠢᠯᠲᠡ ᠶᠢ ᠬᠦᠯᠢᠶᠡᠵᠦ᠂ ᠠᠵᠤ ᠠᠬᠤᠶᠢᠯᠠᠯ᠂ | ᠬᠤᠳᠠᠯᠳᠤᠭᠠᠴᠢᠨ ᠲᠠᠢ ᠨᠠᠷᠢᠨ ᠨᠢᠮᠪᠡᠢ ᠰᠣᠯᠢᠯᠴᠠᠵᠤ᠂ ᠡᠵᠡᠩᠨᠡᠯᠲᠡ ᠶᠢᠨ ᠴᠠᠭ᠂ ᠠᠶᠠᠨᠴᠢᠳ ᠤᠨ ᠲᠤᠭ᠎ᠠ ᠬᠡᠮᠵᠢᠶ᠎ᠡ᠂ | ᠠᠷᠢᠭᠤᠳᠬᠠᠨ ᠰᠠᠯᠬᠢ ᠨᠡᠪᠲᠡᠷᠡᠭᠦᠯᠬᠦ ᠵᠢᠴᠢ ᠬᠤᠳᠠᠯᠳᠤᠭᠠᠨ ᠤ ᠠᠵᠢᠯᠲᠠᠳ ᠤᠨ ᠳᠤᠯᠠᠭᠠᠨ ᠤ ᠬᠡᠮᠵᠢᠶ᠎ᠡ ᠶᠢ | ᠪᠦᠷᠢᠳᠬᠡᠵᠦ ᠠᠵᠢᠯ ᠤᠨ ᠪᠠᠶᠢᠷᠢ ᠳᠤ ᠭᠠᠷᠤᠭᠰᠠᠨ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠪᠠ᠃ | | | | | | ᠥᠪᠥᠷ ᠮᠣᠩᠭᠤᠯ ᠤᠨ ᠢ ᠯᠢᠨ ᠢᠳᠡᠭᠡᠨ ᠤ ᠬᠢᠵᠠᠭᠠᠷᠲᠤ ᠺᠣᠮᠫᠠᠨᠢ ᠳᠤ ᠹᠠᠨ ᡁᠢ ᠵᠥᠩ ᠲᠦᠷᠦᠭᠦᠯᠡᠨ | ᠬᠡᠷᠡᠭᠯᠡᠭᠡ ᠬᠢᠵᠦ᠂ ᠸᠢᠴᠠᠲ ᠤᠨ ᠺᠣᠳ᠋ ᠰᠢᠷᠪᠢᠬᠦ ᠪᠠᠷ ᠳᠡᠮᠵᠢᠨ ᠲᠣᠭᠠᠴᠠᠭ᠎ᠠ ᠬᠢᠵᠦ᠂ ᠪᠣᠳᠠᠲᠤ ᠠᠵᠢᠯᠯᠠᠭ᠎ᠠ ᠪᠠᠷ ᠢᠶᠠᠨ | ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠯᠬᠤᠴᠠ ᠶᠢ ᠲᠦᠷᠭᠡᠳᠬᠡᠵᠦ᠂ | ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠢᠲᠡᠭᠡᠯ ᠵᠣᠷᠢᠭ ᠢ ᠨᠢ ᠬᠥᠪᠴᠢᠯᠡᠪᠡ᠃ | | | | | | ᠹᠠᠨ ᡁᠢ ᠵᠥᠩ ᠴᠢᠬᠤᠯᠠᠴᠢᠯᠠᠭᠰᠠᠨ ᠨᠢ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ | ᠦᠢᠯᠡᠳᠪᠦᠷᠢᠯᠡᠯ ᠢᠶᠠᠨ ᠰᠡᠷᠭᠦᠭᠡᠬᠦ ᠳᠤ ᠡᠷᠬᠡᠪᠰᠢ ᠬᠢᠵᠢᠭ ᠤᠨ ᠪᠠᠶᠢᠳᠠᠯ ᠢ ᠡᠵᠡᠮᠳᠡᠵᠦ ᠳᠡᠶᠢᠯᠬᠦ ᠪᠠᠷ ᠤᠷᠢᠲᠠᠯ | ᠨᠥᠬᠦᠴᠡᠯ ᠪᠣᠯᠭᠠᠬᠤ ᠬᠡᠷᠡᠭᠲᠡᠶ᠃ ᠡᠯ᠎ᠡ ᠰᠠᠯᠠᠭ᠎ᠠ ᠮᠥᠴᠢᠷ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ | ᠠᠯᠬᠤᠮ ᠳᠡᠭᠡᠭᠰᠢᠯᠡᠭᠦᠯᠵᠦ᠂ ᠰᠠᠨᠠᠭᠠᠴᠢᠯᠠᠭ᠎ᠠ ᠠᠴᠠ ᠪᠠᠨ ᠤᠷᠤᠭᠰᠢᠯᠠᠨ᠂ ᠨᠠᠷᠢᠯᠢᠭ ᠤᠨᠤᠪᠴᠢᠲᠠᠢ ᠪᠠᠷ ᠦᠢᠯᠡᠴᠢᠯᠡᠵᠦ | ᠂ ᠠᠵᠤ ᠠᠬᠤᠶᠢᠯᠠᠯ ᠤᠨ ᠭᠤᠤᠯ ᠴᠤᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠤᠨ᠂ ᠬᠢᠨᠠᠨ ᠬᠠᠷᠭᠤᠭᠤᠯᠬᠤ | ᠪᠣᠭᠤᠮᠲᠠ ᠶᠢ ᠴᠢᠩᠭ᠎ᠠ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠷᠭ᠎ᠠ ᠬᠡᠮᠵᠢᠶ᠎ᠡ ᠶᠢ ᠴᠢᠩᠭ᠎ᠠ | ᠨᠠᠶᠢᠳᠠᠪᠤᠷᠢᠵᠢᠭᠤᠯᠤᠨ᠂ ᠠᠮᠤᠷ ᠲᠦᠪᠰᠢᠨ ᠢ ᠪᠠᠲᠤᠯᠠᠭᠰᠠᠨ ᠤᠷᠢᠲᠠᠯ ᠳᠣᠤᠷ᠎ᠠ᠂ ᠠᠵᠤ ᠠᠬᠤᠶᠢᠯᠠᠯ ᠤᠨ ᠦᠳᠲᠡᠷ | ᠲᠦᠷᠭᠡᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠢᠳᠡᠪᠬᠢᠲᠡᠢ ᠠᠬᠢᠭᠤᠯᠵᠤ᠂ ᠬᠡᠪ ᠤᠨ | ᠦᠢᠯᠡᠳᠪᠦᠷᠢᠯᠡᠯ ᠡᠵᠡᠩᠨᠡᠯᠲᠡ ᠪᠠᠨ ᠡᠷᠲᠡᠬᠡᠨ ᠰᠡᠷᠭᠦᠭᠡᠵᠦ᠂ ᠬᠢᠵᠢᠭ ᠤᠨ ᠪᠠᠶᠢᠳᠠᠯ ᠠᠴᠠ ᠪᠣᠯᠤᠭᠰᠠᠨ ᠨᠠᠵᠠᠭᠠᠶ | ᠨᠥᠯᠥᠭᠡ ᠶᠢ ᠬᠠᠮᠤᠭ ᠤᠨ ᠳᠣᠤᠷ᠎ᠠ ᠬᠡᠮᠵᠢᠶᠡᠨ ᠳᠤ ᠬᠦᠷᠲᠡᠯ᠎ᠡ ᠪᠠᠭᠤᠷᠠᠭᠤᠯᠬᠤ ᠬᠡᠷᠡᠭᠲᠡᠶ᠃ ᠠᠵᠤ ᠠᠬᠤᠶᠢᠯᠠᠯ ᠤᠨ | ᠬᠥᠭᠵᠢᠯᠲᠡ ᠶᠢ ᠳᠡᠮᠵᠢᠬᠦ ᠡᠯ᠎ᠡ ᠵᠣᠶᠢᠯ ᠤᠨ ᠲᠦᠷᠦ ᠶᠢᠨ ᠪᠤᠳᠤᠯᠭ᠎ᠠ ᠠᠷᠭ᠎ᠠ ᠬᠡᠮᠵᠢᠶ᠎ᠡ ᠶᠢ ᠢᠳᠡᠪᠬᠢᠲᠡᠢ ᠪᠠᠷ | ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠳᠤ ᠲᠤᠯᠭᠠᠷᠠᠭᠰᠠᠨ ᠬᠦᠴᠢᠷᠳᠡᠯ ᠢ ᠴᠠᠭ ᠲᠤᠬᠠᠶ ᠳᠤᠨᠢ ᠰᠤᠳᠤᠯᠤᠨ | ᠰᠢᠢᠳᠪᠦᠷᠢᠯᠡᠵᠦ᠂ ᠠᠵᠤ ᠠᠬᠤᠶᠢᠯᠠᠯ ᠤᠨ ᠬᠡᠪ ᠤᠨ ᠠᠵᠢᠯᠯᠠᠭᠠᠨ᠂ ᠡᠷᠡᠭᠦᠯ ᠢᠶᠠᠷ ᠬᠥᠭᠵᠢᠬᠦ ᠶᠢ ᠪᠦᠬᠦ | ᠬᠦᠴᠦᠨ ᠢᠶᠠᠷ ᠢᠶᠠᠨ ᠪᠠᠲᠤᠯᠠᠬᠤ ᠬᠡᠷᠡᠭᠲᠡᠶ ᠭᠡᠪᠡ᠃ | | | | | | ᠰᠢᠨ᠎ᠡ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠠᠯᠪᠠᠨ ᠬᠡᠷ᠂ ᠲᠣᠭᠤᠷᠢᠭ ᠤᠨ ᠵᠠᠬ᠎ᠠ ᠳᠡᠯᠭᠡᠭᠦᠷ ᠤᠨ | ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠶᠤᠯᠭᠦᠶ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ | ᠲᠣᠪᠴᠢᠶ᠎ᠠ᠂ ᠮᠥᠩᠭᠦᠨ ᠭᠦᠢᠯᠭᠡᠭᠡᠨ ᠤ ᠠᠯᠪᠠᠨ ᠬᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ | ᠲᠣᠪᠴᠢᠶ᠎ᠠ ᠵᠡᠷᠭᠡ ᠬᠤᠯᠪᠤᠭᠳᠠᠯ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠪᠠᠶᠢᠴᠠᠭᠠᠨ | ᠰᠤᠳᠤᠯᠤᠯᠲᠠ ᠳᠤ ᠣᠷᠣᠯᠴᠠᠪᠠ᠃ | | | | | | |