3 ᠳ᠋ᠤᠭᠠᠷ ᠰᠠᠷ᠎ᠠ ᠶᠢᠨ 25 ᠤ ᠡᠳᠦᠷ᠂ ᠴᠢᠩ ᠱᠦᠶ ᠾᠧ ᠰᠢᠶᠠᠨ ᠰᠢᠶᠠᠩ ᠪᠠᠯᠭᠠᠰᠤᠨ ᠤ ᠦᠨᠳᠦᠰᠦᠨ | ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠢ ᠠᠬᠢᠭᠤᠯᠬᠤ ᠬᠤᠷᠠᠯ ᠢ ᠬᠤᠷᠠᠯᠳᠤᠭᠤᠯᠵᠤ᠂ ᠡᠨᠡ ᠵᠢᠯ ᠤᠨ | ᠰᠢᠶᠠᠩ ᠪᠠᠯᠭᠠᠰᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠠᠵᠢᠯ ᠤᠨ ᠭᠤᠤᠯᠳᠠᠯᠭ᠎ᠠ ᠲᠠᠢ | ᠡᠭᠦᠷᠭᠡ ᠶᠢ ᠳᠣᠭᠢᠷᠠᠭᠤᠯᠤᠨ ᠪᠠᠶᠢᠷᠢᠯᠠᠭᠤᠯᠪᠠ᠃ ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ | ᠵᠣᠬᠢᠶᠠᠨ ᠪᠠᠶᠢᠭᠤᠯᠬᠤ ᠬᠡᠯᠲᠡᠰ ᠤᠨ ᠳᠠᠷᠤᠭ᠎ᠠ ᠫᠠᠨ ᠵᠢᠶᠠᠨ ᠵᠢᠶᠦ᠋ᠨ ᠬᠤᠷᠠᠯ ᠢ ᠡᠷᠬᠢᠯᠡᠪᠡ᠃ ᠰᠢᠶᠠᠨ ᠤ ᠨᠠᠮ ᠤᠨ | ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠤᠨ ᠬᠤᠪᠢᠳᠠᠨ ᠬᠠᠮᠢᠶᠠᠷᠬᠤ ᠳᠠᠷᠤᠭ᠎ᠠ᠂ ᠬᠤᠯᠪᠣᠭᠳᠠᠯ ᠪᠦᠬᠦᠢ | ᠰᠠᠯᠠᠭ᠎ᠠ ᠮᠥᠴᠢᠷ ᠤᠨ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ ᠶᠢᠨ ᠱᠦᠵᠢ᠂ ᠳᠡᠳ᠋ | ᠱᠦᠵᠢ᠂ ᠵᠣᠬᠢᠶᠠᠨ ᠪᠠᠶᠢᠭᠤᠯᠬᠤ ᠭᠡᠰᠢᠭᠦᠳ ᠵᠣᠬᠢᠶᠠᠨ ᠪᠠᠶᠢᠭᠤᠯᠵᠤ ᠬᠤᠷᠠᠯ ᠳᠤ ᠣᠷᠣᠯᠴᠠᠪᠠ᠃ | ᠬᠤᠷᠠᠯ ᠠᠴᠠ ᠴᠢᠬᠤᠯᠠᠴᠢᠯᠠᠭᠰᠠᠨ ᠨᠢ᠂ ᠨᠠᠮ ᠤᠨ ᠪᠠᠶᠢᠭᠤᠯᠤᠯᠲᠠ ᠶᠢ ᠠᠳᠬᠤᠵᠤ ᠶᠠᠳᠠᠭᠤ ᠠᠴᠠ | ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠰᠠᠶᠢᠲᠤᠷ ᠬᠢᠬᠦ ᠳᠤ᠂ ︽ᠪᠦᠬᠦ ᠲᠠᠯ᠎ᠠ ᠪᠠᠷ ᠪᠠᠲᠤ ᠴᠢᠩᠭ᠎ᠠ᠂ | ᠡᠮᠦᠨ᠎ᠡ ᠡᠩᠨᠡᠭᠡᠨ ᠳᠤ ᠶᠠᠪᠤᠬᠤ︾ ᠲᠡᠷᠢᠭᠦᠨ ᠤ ᠰᠢᠶᠠᠨ ᠢ ᠡᠭᠦᠳᠦᠨ ᠪᠠᠶᠢᠭᠤᠯᠬᠤ ᠪᠠᠷ ᠭᠠᠷᠳᠠᠴᠠ ᠪᠣᠯᠭᠠᠵᠤ᠂ | ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠭᠡᠯ ᠢ ᠴᠢᠨᠠᠭᠰᠢᠳᠠ ᠪᠠᠬᠢᠵᠢᠭᠦᠯᠬᠦ ᠬᠡᠷᠡᠭᠲᠡᠢ᠃ ᠡᠯ᠎ᠡ ᠰᠢᠶᠠᠩ | ᠪᠠᠯᠭᠠᠰᠤ ᠶᠡᠷᠦᠩᠬᠡᠢ ᠱᠦᠵᠢ ᠰᠢ ᠶᠢᠨ ᠫᠢᠩ ᠤᠨ 6 ᠵᠢᠯ ᠤᠨ 7 ᠤᠳᠠᠭ᠎ᠠ ᠶᠢᠨ ᠮᠤᠵᠢ ᠣᠷᠣᠨ ᠠᠯᠤᠰᠯᠠᠭᠰᠠᠨ | ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠠᠷᠢᠯᠴᠠᠬᠤ ᠬᠤᠷᠠᠯ ᠳᠡᠭᠡᠷᠡᠬᠢ ᠴᠢᠬᠤᠯᠠ ᠶᠠᠷᠢᠶᠠᠨ ᠤ | ᠵᠣᠷᠢᠭ ᠰᠠᠨᠠᠭ᠎ᠠ ᠶᠢ ᠰᠤᠷᠤᠯᠴᠠᠵᠤ᠂ ᠶᠠᠳᠠᠭᠤ ᠶᠢ ᠲᠡᠳᠬᠦᠬᠦ ᠺᠠᠳ᠋ᠷ ᠢ ᠱᠠᠳᠤ ᠲᠦᠷᠦᠯ ᠬᠤᠪᠢᠶᠠᠨ ᠪᠣᠯᠪᠠᠰᠤᠷᠠᠭᠤᠯᠬᠤ | ᠲᠥᠯᠥᠪᠯᠡᠭᠡ ᠶᠢ ᠨᠠᠶᠢᠳᠠᠪᠤᠷᠢᠵᠢᠭᠤᠯᠬᠤ ᠳᠤᠮᠳᠠᠬᠢ ᠠᠰᠠᠭᠤᠳᠠᠯ ᠢ ᠭᠦᠨᠵᠡᠭᠡᠢ ᠪᠠᠶᠢᠴᠠᠭᠠᠨ ᠰᠢᠢᠳᠪᠦᠷᠢᠯᠡᠬᠦ ᠬᠡᠷᠡᠭᠲᠡᠢ᠃ | ᠰᠢᠶᠠᠩ ᠲᠣᠰᠬᠤᠨ ᠤ ᠬᠤᠶᠠᠷ ᠱᠠᠲᠤᠨ ᠤ ᠱᠦᠵᠢ ᠶᠢᠨ ᠶᠠᠳᠠᠭᠤ ᠬᠦᠴᠢᠷᠳᠡᠯᠲᠡᠶ ᠬᠥᠮᠦᠰ ᠢ ᠪᠦᠬᠦᠨ ᠢ | ᠰᠤᠷᠪᠤᠯᠵᠢᠯᠠᠬᠤ ᠠᠵᠢᠯᠯᠠᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠪᠦᠬᠦᠨ ᠢ ᠰᠤᠷᠪᠤᠯᠵᠢᠯᠠᠭᠰᠠᠨ ᠠᠵᠢᠯ ᠤᠨ ᠡᠬᠡ | ᠲᠠᠩᠰᠠ ᠶᠢ ᠪᠦᠷᠢᠨ ᠪᠣᠯᠭᠠᠨ ᠲᠡᠭᠦᠯᠳᠡᠷᠵᠢᠭᠦᠯᠵᠦ᠂ ᠠᠵᠢᠯᠲᠠᠨ᠂ ᠴᠠᠭ ᠬᠤᠭᠤᠴᠠᠭ᠎ᠠ᠂ ᠲᠣᠰᠬᠤᠨ ︵ᠡᠷᠦᠬᠡ︶᠂ | ᠭᠠᠵᠠᠷ ᠣᠷᠣᠨ ᠤ ︽ᠳᠥᠷᠪᠡᠨ ᠲᠣᠳᠣᠷᠬᠠᠶ︾ ᠶᠢ ᠪᠡᠶᠡᠯᠡᠭᠦᠯᠦᠨ᠎ᠡ᠃ ᠲᠣᠰᠬᠤᠨ ᠳᠤ ᠰᠠᠭᠤᠭ᠎ᠠ ᠺᠠᠳ᠋ᠷ ᠤᠨ ᠡᠳᠦᠷ | ᠲᠤᠲᠤᠮ ᠤᠨ ᠬᠠᠮᠢᠶᠠᠷᠤᠯᠲᠠ ᠶᠢ ᠴᠢᠩᠭᠠᠳᠬᠠᠵᠤ᠂ ᠠᠵᠢᠯ ᠳᠤ ᠭᠠᠷᠬᠤ ᠬᠢᠨᠠᠯᠲᠠ ᠶᠢ ᠴᠢᠩᠭᠠᠳᠬᠠᠵᠤ᠂ ᠤᠤᠯ ᠤᠨ | ᠨᠢᠭᠡᠴᠡ ᠠᠴᠠ ᠪᠠᠨ ᠰᠠᠯᠤᠭᠰᠠᠨ ᠥᠬᠡᠶ᠂ ᠲᠣᠰᠬᠤᠨ ᠳᠤ ᠰᠠᠭᠤᠭ᠎ᠠ ᠥᠬᠡᠶ᠂ ᠠᠵᠢᠯ ᠤᠨ ᠰᠠᠬᠢᠯᠭ᠎ᠠ ᠪᠠᠲᠤ ᠶᠢ | ᠵᠢᠷᠤᠮᠯᠠᠭᠰᠠᠨ ᠥᠬᠡᠶ᠂ ᠠᠵᠢᠯ ᠳᠠᠭᠠᠨ ᠬᠦᠴᠦᠨ ᠥᠬᠡᠶ ᠺᠠᠳ᠋ᠷ ᠢ ᠰᠢᠭᠦᠮᠵᠢᠯᠡᠬᠦ ᠶᠣᠰᠣᠲᠠᠶ ᠶᠢ ᠨᠢ ᠰᠢᠭᠦᠮᠵᠢᠯᠡᠵᠦ᠂ | ᠵᠠᠷᠯᠠᠨ ᠨᠡᠶᠢᠲᠡᠯᠡᠬᠦ ᠶᠣᠰᠣᠲᠠᠶ ᠶᠢ ᠨᠢ ᠵᠠᠷᠯᠠᠨ ᠮᠡᠳᠡᠭᠳᠡᠵᠦ᠂ ᠬᠠᠷᠢᠭᠤᠴᠠᠯᠭ᠎ᠠ ᠨᠡᠬᠡᠮᠵᠢᠯᠡᠬᠦ ᠶᠣᠰᠣᠲᠠᠶ ᠶᠢ ᠨᠢ | ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠃ ᠲᠣᠰᠬᠤᠨ ᠳᠤ ᠰᠠᠭᠤᠬᠤ ᠦᠢᠯᠡᠴᠢᠯᠡᠭᠡᠨ ᠤ ᠪᠠᠲᠤᠯᠠᠭ᠎ᠠ ᠶᠢ ᠪᠦᠬᠦ ᠲᠠᠯ᠎ᠠ | ᠪᠠᠷ ᠨᠠᠶᠢᠳᠠᠪᠤᠷᠢᠵᠢᠭᠤᠯᠤᠨ᠎ᠠ᠃ ᠲᠣᠰᠬᠤᠨ ᠳᠤ ᠰᠠᠭᠤᠭ᠎ᠠ ᠺᠠᠳ᠋ᠷ ᠤᠨ ᠬᠥᠮᠦᠵᠢᠯ ᠪᠣᠯᠪᠠᠰᠤᠷᠠᠭᠤᠯᠤᠯ ᠢ ᠰᠠᠶᠢᠲᠤᠷ | ᠠᠳᠬᠤᠵᠤ᠂ ᠣᠨᠣᠯ ᠲᠥᠷᠥ ᠶᠢᠨ ᠪᠣᠳᠣᠯᠭ᠎ᠠ ᠶᠢ ᠣᠶᠢᠯᠭᠠᠬᠤ ᠲᠥᠪᠰᠠᠶᠢᠨ ᠢ ᠳᠡᠭᠡᠭᠰᠢᠯᠡᠭᠦᠯᠦᠨ᠎ᠡ᠃ ᠳᠠᠭᠠᠭᠠᠴᠢᠯᠠᠨ | ᠬᠤᠯᠪᠣᠭᠠᠯᠠᠬᠤ ᠤᠳᠤᠷᠢᠳᠤᠯᠭ᠎ᠠ᠂ ᠳᠠᠭᠠᠭᠠᠴᠢᠯᠠᠨ ᠲᠡᠳᠬᠦᠬᠦ ᠰᠠᠯᠠᠭ᠎ᠠ ᠮᠥᠴᠢᠷ᠂ ᠡᠷᠦᠬᠡ ᠳᠠᠭᠠᠭᠠᠴᠢᠯᠠᠬᠤ ᠺᠠᠳ᠋ᠷ ᠤᠨ | ᠦᠶᠯᠡᠳᠦᠯ ᠢ ᠪᠠᠳᠠᠷᠠᠭᠤᠯᠵᠤ᠂ ᠠᠭᠤᠰᠤᠯᠴᠠᠭᠤᠯᠬᠤ ᠨᠠᠮ ᠤᠨ ᠪᠠᠶᠢᠭᠤᠯᠤᠯᠲᠠ ᠶᠢ ᠰᠠᠶᠢᠳᠤᠷ ᠠᠳᠬᠤᠵᠤ᠂ ᠶᠠᠳᠠᠭᠤ | ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢ ᠠᠬᠢᠭᠤᠯᠬᠤ ᠬᠡᠷᠡᠭᠲᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠺᠠᠳ᠋ᠷ ᠤᠨ ᠠᠵᠢᠯ ᠢ ᠰᠠᠶᠢᠲᠤᠷ ᠬᠢᠬᠦ ᠳᠤ᠂ ᠠᠯᠪᠠᠲᠠᠨ ᠤ | ᠲᠤᠰᠢᠶᠠᠯ ᠪᠣᠯᠤᠨ ᠲᠤᠰᠢᠶᠠᠯ ᠤᠨ ᠳᠡᠰ ᠢ ᠵᠡᠷᠭᠡ ᠪᠠᠷ ᠬᠡᠷᠡᠭᠵᠢᠭᠦᠯᠬᠦ ᠲᠦᠷᠢᠮ ᠢ ᠰᠠᠶᠢᠲᠤᠷ ᠲᠤᠭᠤᠰᠢᠯᠠᠭᠤᠯᠤᠨ | ᠨᠠᠶᠢᠳᠠᠪᠤᠷᠢᠵᠢᠭᠤᠯᠵᠤ᠂ ᠠᠵᠢᠯ ᠤᠨ ᠪᠣᠳᠠᠲᠤ ᠪᠦᠲᠦᠮᠵᠢ ᠶᠢ ᠨᠡᠩ ᠴᠢᠬᠤᠯᠠᠴᠢᠯᠠᠵᠤ᠂ ᠪᠣᠳᠠᠲᠠᠢ ᠠᠵᠢᠯᠯᠠᠵᠤ ᠪᠣᠳᠠᠲᠠᠢ | ᠠᠮᠵᠢᠯᠲᠠ ᠪᠦᠲᠦᠮᠵᠢ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠬᠤ ᠬᠡᠷᠡᠭᠲᠡᠢ᠃ ᠡᠯ᠎ᠡ ᠰᠢᠶᠠᠩ ᠪᠠᠯᠭᠠᠰᠤᠨ ᠤ | ᠨᠠᠮ ᠤᠨ ᠬᠤᠷᠢᠶ᠎ᠠ ᠶᠢᠨ ᠱᠦᠵᠢ ᠨᠢᠭᠡᠳᠦᠭᠡᠷ ᠬᠠᠷᠢᠭᠤᠴᠠᠯᠭᠠᠲᠠᠨ ᠪᠣᠯᠤᠭᠰᠠᠨ ᠤ ᠬᠤᠪᠢ ᠳᠤ ᠨᠠᠮ ᠤᠨ ᠲᠥᠪ | ᠬᠤᠷᠢᠶ᠎ᠠ ᠶᠢᠨ ᠬᠠᠶᠢᠷ᠎ᠠ ᠬᠠᠯᠠᠮᠵᠢ ᠶᠢ ᠲᠤᠭᠤᠰᠢᠲᠠᠢ ᠳᠠᠮᠵᠢᠭᠤᠯᠵᠤ᠂ ᠦᠵᠡᠯ ᠰᠠᠨᠠᠭ᠎ᠠ ᠪᠠᠷ ᠬᠦᠲᠦᠯᠦᠨ ᠵᠢᠯᠣᠭᠤᠳᠬᠤ | ᠶᠢ ᠠᠩᠬᠠᠷᠴᠤ᠂ ᠲᠦᠷᠦ ᠶᠢᠨ ᠪᠤᠳᠤᠯᠭ᠎ᠠ᠂ ᠪᠠᠷᠢᠮᠵᠢᠶ᠎ᠠ ᠪᠣᠯᠤᠨ ᠱᠠᠭᠠᠷᠳᠠᠯᠭ᠎ᠠ ᠶᠢ ᠲᠣᠳᠣᠷᠬᠠᠢ ᠶᠠᠷᠢᠵᠤ᠂ ᠰᠠᠬᠢᠯᠭ᠎ᠠ | ᠪᠠᠲᠤ ᠶᠣᠰᠣ ᠳᠦᠷᠢᠮ ᠢ ᠴᠢᠬᠤᠯᠠᠴᠢᠯᠠᠬᠤ ᠬᠡᠷᠡᠭᠲᠡᠢ᠃ ᠺᠠᠳ᠋ᠷ ᠢ ᠬᠥᠮᠦᠵᠢᠭᠦᠯᠬᠦ᠂ ᠢᠯᠡᠷᠡᠭᠦᠯᠬᠦ᠂ ᠲᠠᠨᠢᠯᠴᠠᠭᠤᠯᠬᠤ | ᠲᠤᠰᠢᠶᠠᠯ ᠬᠠᠷᠢᠭᠤᠴᠠᠯᠭ᠎ᠠ ᠶᠢ ᠡᠭᠦᠷᠭᠡᠯᠡᠵᠦ᠂ ᠪᠠᠭ ᠢᠶᠠᠨ ᠬᠦᠴᠦᠷᠬᠡᠭᠵᠢᠭᠦᠯᠵᠦ᠂ ᠡᠩᠨᠡᠭᠡ ᠪᠠᠨ ᠰᠠᠶᠢᠲᠤᠷ | ᠳᠠᠭᠠᠭᠤᠯᠵᠤ᠂ ᠵᠠᠯᠠᠭᠤ ᠺᠠᠳ᠋ᠷ ᠢ ᠰᠠᠶᠢᠲᠤᠷ ᠬᠡᠷᠡᠭᠯᠡᠬᠦ ᠬᠡᠷᠡᠭᠲᠡᠢ᠃ | ᠬᠤᠷᠠᠯ ᠠᠴᠠ ᠱᠠᠭᠠᠷᠳᠠᠭᠰᠠᠨ ᠨᠢ᠂ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠯᠲᠠ | ᠶᠢᠨ ᠠᠵᠢᠯ ᠢ ᠰᠠᠶᠢᠲᠤᠷ ᠬᠢᠬᠦ ᠳᠤ᠂ ᠲᠣᠰᠬᠤᠨ ᠤ ᠬᠠᠮᠲᠤ ᠶᠢᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢ | ᠪᠥᠬᠦ ᠲᠠᠯ᠎ᠠ ᠪᠠᠷ ᠴᠢᠩᠭᠠᠳᠬᠠᠵᠤ᠂ ᠥᠪᠡᠷᠲᠡᠭᠡᠨ ᠵᠠᠰᠠᠬᠤ ᠣᠷᠣᠨ ᠤ ᠭᠤᠤᠯᠳᠠᠯᠭ᠎ᠠ ᠲᠠᠢ ᠶᠠᠳᠠᠭᠤ ᠶᠢ ᠲᠡᠳᠬᠦᠬᠦ | 16 ᠲᠣᠰᠬᠤᠨ ᠤ ᠬᠠᠮᠲᠤ ᠶᠢᠨ ᠠᠵᠤ ᠦᠶᠯᠡᠰ ᠤᠨ ᠲᠥᠷᠥᠯ ᠵᠦᠶᠯ ᠢ ᠰᠢᠮᠳᠠᠭᠤᠯᠤᠨ ᠠᠬᠢᠭᠤᠯᠵᠤ᠂ ᠪᠥᠬᠦ ᠲᠠᠯ᠎ᠠ | ᠪᠠᠷ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠬᠡᠷᠡᠭᠲᠡᠶ᠃ ᠵᠥᠭᠡᠯᠡᠨ ᠪᠠᠭᠤᠷᠠᠶ ᠰᠤᠯᠠ ᠵᠠᠳᠠᠭᠠᠶ ᠨᠠᠮ ᠤᠨ | ᠵᠣᠬᠢᠶᠠᠨ ᠪᠠᠶᠢᠭᠤᠯᠤᠯᠲᠠ ᠶᠢᠨ ᠴᠡᠭᠴᠡᠯᠡᠬᠦ ᠠᠵᠢᠯ ᠤᠨ 《ᠡᠷᠭᠢᠵᠦ ᠬᠠᠷᠠᠬᠤ》 ᠶᠢ ᠥᠷᠨᠢᠭᠦᠯᠵᠦ᠂ | 《ᠲᠡᠭᠰᠢᠷᠡᠭᠦᠯᠬᠦ》 ᠶᠢ ᠲᠣᠭᠲᠠᠭᠰᠠᠨ ᠬᠤᠭᠤᠴᠠᠭᠠᠨ ᠳᠤᠨᠢ ᠪᠡᠶᠡᠯᠡᠭᠦᠯᠵᠦ᠂《ᠨᠢᠭᠡ ᠲᠣᠰᠬᠤᠨ ᠳᠤ ᠨᠢᠭᠡ ᠠᠷᠭ᠎ᠠ | ᠪᠣᠳᠤᠯᠭ᠎ᠠ》 ᠶᠢ ᠵᠢᠭᠰᠠᠭᠠᠨ ᠪᠠᠶᠢᠴᠠᠭᠠᠵᠤ ᠴᠡᠭᠴᠡᠯᠡᠬᠦ ᠠᠵᠢᠯ ᠢᠶᠠᠷ ᠬᠠᠷᠢᠴᠠᠭᠤᠯᠤᠭᠰᠠᠨ ᠤ ᠳᠠᠷᠠᠭ᠎ᠠ ᠲᠣᠰᠬᠤᠨ ᠳᠤ | ᠣᠷᠣᠵᠤ᠂ ᠭᠠᠴᠠᠭᠠᠨ ᠤ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠪᠦᠬᠦᠯᠢ ᠴᠣᠭᠴᠠ ᠪᠠᠷ ᠲᠤᠰᠢᠶᠠᠯ | ᠳᠡᠪᠰᠢᠬᠦ ᠶᠠᠪᠤᠳᠠᠯ ᠢ ᠠᠬᠢᠭᠤᠯᠪᠠ᠃ ᠵᠢᠭᠰᠠᠭᠠᠯ ᠤᠨ ᠭᠠᠵᠠᠷ ᠤᠨ ᠪᠠᠶᠢᠭᠤᠯᠤᠯᠲᠠ ᠶᠢ ᠴᠢᠩᠭᠠᠳᠬᠠᠵᠤ᠂ ᠪᠤᠢ ᠪᠦᠬᠦᠢ | ᠲᠣᠰᠬᠤᠨ ᠤ ᠨᠠᠮ ᠪᠠ ᠤᠯᠠᠨ ᠲᠦᠮᠡᠨ ᠤ ᠦᠢᠯᠡᠴᠢᠯᠡᠭᠡᠨ ᠤ ᠲᠥᠪ ᠤᠨ ᠪᠠᠷᠢᠮᠵᠢᠶᠠᠵᠢᠯᠲᠠ ᠶᠢ ᠪᠡᠶᠡᠯᠡᠭᠦᠯᠬᠦ ᠶᠢ | ᠦᠨᠡᠨ ᠬᠦ ᠪᠠᠲᠤᠯᠠᠨ᠎ᠠ᠃ ︽ᠬᠤᠶᠠᠷ ᠵᠥᠪᠯᠡᠯ︾ ᠤᠨ ᠤᠳᠤᠷᠢᠳᠬᠤ ᠪᠠᠭ ᠤᠨ ᠪᠠᠶᠢᠭᠤᠯᠤᠯᠲᠠ ᠶᠢ ᠴᠢᠩᠭᠠᠳᠬᠠᠵᠤ᠂ | ᠶᠠᠮᠠᠷ ᠨᠢᠭᠡᠨ ᠰᠢᠯᠲᠠᠭᠠᠨ ᠠᠴᠠ ᠪᠣᠯᠵᠤ ᠳᠤᠲᠠᠭᠳᠠᠭᠰᠠᠨ ᠲᠣᠰᠬᠤᠨ ᠤ ᠺᠠᠳ᠋ᠷ ᠢ ᠨᠥᠬᠦᠪᠥᠷᠢᠯᠡᠬᠦ ᠬᠡᠷᠡᠭᠲᠡᠢ᠃ ᠨᠠᠮ ᠤᠨ | ᠭᠡᠰᠢᠭᠦᠨ ᠤ ᠬᠥᠮᠦᠵᠢᠯ ᠬᠠᠮᠢᠶᠠᠷᠤᠯᠲᠠ ᠶᠢ ᠴᠢᠩᠭᠠᠳᠬᠠᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ | ᠭᠡᠰᠢᠭᠦᠨ ᠤ ᠬᠥᠮᠦᠵᠢᠯ ᠬᠠᠮᠢᠶᠠᠷᠤᠯᠲᠠ ᠶᠢᠨ ᠠᠵᠢᠯ ᠤᠨ ᠲᠦᠷᠢᠮ︾ ᠢ ᠨᠠᠷᠢᠨ ᠬᠢᠨᠠᠮᠠᠭᠠᠶ ᠲᠤᠭᠤᠰᠢᠯᠠᠭᠤᠯᠤᠨ | ᠬᠡᠷᠡᠭᠵᠢᠭᠦᠯᠵᠦ᠂ ᠨᠠᠮ ᠤᠨ ᠭᠡᠰᠢᠭᠦᠨ ᠤ ᠬᠥᠮᠦᠵᠢᠯ ᠪᠣᠯᠪᠠᠰᠤᠷᠠᠭᠤᠯᠤᠯ ᠤᠨ ᠲᠥᠯᠥᠪᠵᠢᠭᠦᠯᠭᠡ ᠶᠢ ᠰᠠᠶᠢᠲᠤᠷ | ᠨᠠᠶᠢᠳᠠᠪᠤᠷᠢᠵᠢᠭᠤᠯᠵᠤ᠂ ᠨᠠᠮ ᠤᠨ ᠭᠡᠰᠢᠭᠦᠨ ᠳᠤ ᠲᠥᠪᠯᠡᠷᠡᠭᠦᠯᠦᠨ ᠡᠭᠡᠯᠵᠢᠯᠡᠨ ᠪᠣᠯᠪᠠᠰᠤᠷᠠᠭᠤᠯᠬᠤ ᠠᠵᠢᠯ | ᠥᠷᠨᠢᠭᠦᠯᠦᠨ᠎ᠡ᠃ ᠨᠠᠮ ᠤᠨ ᠭᠡᠰᠢᠭᠦᠨ ᠡᠯᠰᠡᠬᠦ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠵᠤ᠂ ᠭᠠᠴᠠᠭᠠᠨ ᠤ | ᠠᠷᠠᠳ ᠤᠨ ᠵᠥᠪᠯᠡᠯ ᠤᠨ ᠪᠦᠷᠢᠯᠳᠦᠬᠦᠨ ᠪᠠ ᠭᠠᠴᠠᠭᠠᠨ ᠤ ᠪᠡᠯᠡᠳᠬᠡᠯ ᠺᠠᠳ᠋ᠷ ᠤᠨ ᠨᠠᠮ ᠤᠨ ᠭᠡᠰᠢᠭᠦᠨ ᠡᠯᠰᠡᠬᠦ | ᠡᠷᠴᠢᠮ ᠢ ᠴᠢᠩᠭᠠᠷᠠᠭᠤᠯᠵᠤ ᠬᠤᠭᠤᠴᠠᠭ᠎ᠠ ᠰᠣᠯᠢᠬᠤ ᠳᠤ ᠬᠦᠴᠦᠲᠡᠶ ᠪᠠᠲᠤᠯᠠᠭ᠎ᠠ ᠬᠠᠩᠭᠠᠨ᠎ᠠ᠃ ᠭᠤᠤᠯ ᠰᠡᠳᠦᠪᠲᠦ | ᠬᠥᠮᠦᠵᠢᠯ ᠤᠨ ︽ᠡᠷᠬᠢᠨ ᠬᠠᠷᠠᠬᠤ︾ ᠠᠵᠢᠯ ᠢ ᠰᠠᠶᠢᠲᠤᠷ ᠬᠢᠵᠦ᠂ ᠰᠤᠷᠭᠠᠨ ᠬᠥᠮᠦᠵᠢᠯ ᠤᠨ ᠦᠷ᠎ᠡ ᠪᠦᠲᠦᠭᠡᠯ ᠢ | ᠲᠠᠰᠤᠷᠠᠯᠲᠠ ᠥᠬᠡᠶ ᠪᠠᠬᠢᠵᠢᠭᠦᠯᠦᠨ᠎ᠡ᠃ 2019 ᠣᠨ ᠤ ᠦᠨᠳᠦᠰᠦᠨ ᠱᠠᠲᠤᠨ ᠤ ᠨᠠᠮ ᠤᠨ ᠵᠣᠬᠢᠶᠠᠨ | ᠪᠠᠶᠢᠭᠤᠯᠤᠯᠲᠠ ᠶᠢᠨ ᠱᠦᠵᠢ ᠶᠢᠨ ᠨᠠᠮ ᠤᠨ ᠪᠠᠶᠢᠭᠤᠯᠤᠯᠲᠠ ᠶᠢ ᠠᠳᠬᠤᠵᠤ ᠲᠤᠰᠢᠶᠠᠯ ᠤᠨ ᠮᠡᠳᠡᠭᠦᠯᠦᠯᠲᠡ | ᠦᠨᠡᠯᠡᠯᠲᠡ ᠬᠢᠬᠦ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠦᠷᠭᠦᠯᠵᠢᠯᠡᠨ ᠰᠠᠶᠢᠲᠤᠷ ᠠᠳᠬᠤᠨ᠎ᠠ᠃ ︽ | ᠠᠵᠢᠯ ᠤᠨ ᠨᠠᠶᠢᠳᠠᠪᠤᠷᠢᠵᠢᠭᠤᠯᠤᠯᠲᠠ ᠶᠢ ᠴᠢᠩᠭ᠎ᠠ ᠠᠳᠬᠤᠵᠤ᠂ ᠰᠠᠨᠠᠭᠠᠰᠢᠷᠠᠨ ᠵᠣᠪᠠᠨᠢᠬᠤ ᠤᠬᠠᠮᠰᠠᠷ ᠢᠶᠠᠨ | ᠨᠡᠮᠡᠭᠳᠡᠭᠦᠯᠵᠦ᠂ ᠠᠵᠢᠯ ᠤᠨ ᠴᠢᠳᠠᠪᠤᠷᠢ ᠪᠠᠨ ᠳᠡᠭᠡᠭᠰᠢᠯᠡᠭᠦᠯᠬᠦ︾ ᠲᠤᠰᠬᠠᠶ ᠰᠡᠳᠦᠪᠲᠦ ᠰᠤᠳᠤᠯᠤᠨ ᠶᠠᠷᠢᠯᠴᠠᠬᠤ ᠶᠢ | ᠭᠦᠨᠵᠡᠭᠡᠶ ᠥᠷᠨᠢᠭᠦᠯᠬᠦ ᠬᠡᠷᠡᠭᠲᠡᠢ᠃ | ᠬᠤᠷᠠᠯ ᠠᠴᠠ ᠵᠢᠭᠠᠵᠤ ᠭᠠᠷᠭᠠᠭᠰᠠᠨ ᠨᠢ᠂ ᠡᠯ᠎ᠡ ᠰᠢᠶᠠᠩ ᠪᠠᠯᠭᠠᠰᠤ ᠨᠤᠲᠤᠭ ᠤᠨ ᠴᠢᠳᠠᠪᠤᠷᠢᠲᠠᠨ ᠢ | ᠬᠥᠮᠦᠵᠢᠭᠦᠯᠬᠦ ᠠᠵᠢᠯ ᠢ ᠳᠡᠭᠡᠳᠦ ᠬᠡᠮᠵᠢᠶ ᠡ ᠪᠠᠷ ᠴᠢᠬᠤᠯᠠᠴᠢᠯᠠᠵᠤ᠂ ᠨᠤᠲᠤᠭ ᠤᠨ ᠴᠢᠳᠠᠪᠤᠷᠢᠲᠠᠨ ᠢ ᠲᠠᠨᠢᠯᠴᠠᠭᠤᠯᠬᠤ | ᠠᠵᠢᠯ ᠤᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ ᠲᠠᠨᠢᠵᠤ᠂ ᠨᠠᠷᠢᠨ ᠨᠢᠮᠪᠠᠢ ᠵᠣᠬᠢᠶᠠᠨ ᠪᠠᠶᠢᠭᠤᠯᠤᠨ | ᠬᠡᠷᠡᠭᠵᠢᠭᠦᠯᠵᠦ᠂ ᠨᠠᠶᠢᠳᠠᠪᠤᠷᠢᠵᠢᠭᠤᠯᠤᠯᠲᠠ ᠶᠢ ᠨᠠᠷᠢᠨ ᠬᠢᠨᠠᠮᠠᠭᠠᠢ ᠰᠠᠶᠢᠲᠤᠷ ᠠᠳᠬᠤᠵᠤ᠂ ᠨᠤᠲᠤᠭ ᠤᠨ | ᠴᠢᠳᠠᠪᠤᠷᠢᠲᠠᠨ ᠤ ᠮᠡᠳᠡᠭᠡ ᠵᠠᠩᠭᠢ ᠶᠢ ᠭᠦᠢᠴᠡᠳ ᠠᠭᠤᠳᠠᠯᠵᠤ᠂ ᠨᠢᠭᠡ ᠵᠦᠢᠯ ᠤᠨ ᠮᠡᠷᠭᠡᠵᠢᠯ ᠲᠠᠢ ᠨᠤᠲᠤᠭ ᠤᠨ | ᠴᠢᠳᠠᠪᠤᠷᠢᠲᠠᠨ ᠢ ᠬᠥᠮᠦᠵᠢᠭᠦᠯᠬᠦ ᠳᠤ ᠰᠠᠶᠢᠨ ᠠᠷᠭ᠎ᠠ ᠤᠬᠠᠭᠠᠨ ᠭᠠᠷᠭᠠᠵᠤ᠂ ᠰᠠᠶᠢᠨ ᠵᠥᠪᠯᠡᠭᠴᠢ ᠪᠣᠯᠬᠤ ᠬᠡᠷᠡᠭᠲᠡᠢ᠃ | ᠠᠯᠤᠰ ᠠᠴᠠ ᠵᠢᠭᠠᠬᠤ ᠰᠤᠷᠭᠠᠨ ᠬᠥᠮᠦᠵᠢᠯ ᠤᠨ ᠠᠵᠢᠯ ᠢ ᠰᠠᠶᠢᠲᠤᠷ ᠠᠳᠬᠤᠵᠤ᠂ ︽ᠨᠠᠮ ᠤᠨ ᠪᠠᠶᠢᠭᠤᠯᠤᠯᠲᠠ ᠶᠢᠨ | ᠰᠢᠭᠤᠳ ᠨᠡᠪᠲᠡᠷᠡᠬᠦ ᠲᠡᠷᠭᠡ︾ ᠶᠢᠨ ᠦᠨᠳᠦᠰᠦᠨ ᠱᠠᠲᠤᠨ ᠤ ᠬᠥᠮᠦᠵᠢᠯ ᠪᠣᠯᠪᠠᠰᠤᠷᠠᠭᠤᠯᠤᠯ ᠤᠨ ᠠᠵᠢᠯ ᠤᠨ | ᠳᠤᠮᠳᠠᠬᠢ ᠦᠢᠯᠡᠳᠦᠯᠭᠡ ᠶᠢᠨ ᠬᠡᠷᠡᠭᠯᠡᠯᠲᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠠᠳᠠᠭᠤ ᠠᠴᠠ | ᠠᠩᠭᠢᠵᠢᠷᠠᠭᠤᠯᠬᠤ ᠰᠢᠪᠲᠤᠯᠤᠯᠲᠠ ᠶᠢᠨ ᠮᠡᠳᠡᠯᠭᠡ ᠶᠢᠨ ᠪᠣᠯᠪᠠᠰᠤᠷᠠᠭᠤᠯᠤᠯ ᠢ ᠳᠣᠪᠣᠶᠢᠯᠭᠠᠨ ᠴᠢᠩᠭᠠᠳᠬᠠᠵᠤ᠂ | ᠦᠨᠳᠦᠰᠦᠨ ᠱᠠᠲᠤᠨ ᠤ ᠺᠠᠳ᠋ᠷ ᠤᠨ ︽ᠪᠦᠬᠦᠨ ᠢ ᠣᠶᠢᠯᠭᠠᠬᠤ︾ ᠶᠢ ᠦᠨᠡᠨᠬᠦ ᠪᠠᠲᠤᠯᠠᠬᠤ ᠬᠡᠷᠡᠭᠲᠡᠢ᠃ | ᠬᠤᠷᠠᠯ ᠠᠴᠠ ᠴᠢᠬᠤᠯᠠᠴᠢᠯᠠᠭᠰᠠᠨ ᠨᠢ᠂ ᠡᠨᠡ ᠵᠢᠯ ᠤᠨ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ | ᠶᠢᠨ ᠠᠵᠢᠯ ᠢ ᠰᠠᠶᠢᠲᠤᠷ ᠬᠢᠬᠦ ᠡᠭᠦᠷᠭᠡ ᠬᠠᠲᠠᠭᠤ ᠪᠡᠷᠬᠡ᠂ ᠬᠠᠷᠢᠭᠤᠴᠠᠯᠭ᠎ᠠ ᠶᠡᠭᠡ᠂ ᠡᠭᠦᠷᠭᠡ ᠬᠦᠨᠳᠦ᠂ ᠡᠯ᠎ᠡ | ᠰᠢᠶᠠᠩ ᠪᠠᠯᠭᠠᠰᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠵᠢᠯ ᠤᠨ ᠢᠲᠡᠭᠡᠯ ᠢᠶᠠᠨ | ᠪᠠᠲᠤᠳᠬᠠᠵᠤ᠂ ᠬᠠᠷᠠᠯᠲᠠ ᠡᠭᠦᠷᠭᠡ ᠪᠠᠨ ᠴᠢᠩᠭ᠎ᠠ ᠠᠩᠬᠠᠷᠴᠤ᠂ ᠠᠵᠢᠯ ᠤᠨ ᠨᠠᠶᠢᠳᠠᠪᠤᠷᠢᠵᠢᠭᠤᠯᠤᠯᠲᠠ ᠶᠢ | ᠠᠬᠢᠭᠤᠯᠵᠤ᠂ ᠡᠯ᠎ᠡ ᠵᠦᠶᠯ ᠤᠨ ᠬᠠᠷᠠᠯᠲᠠ ᠡᠭᠦᠷᠭᠡ ᠶᠢ ᠪᠣᠳᠠᠲᠠᠶᠢᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ | ᠪᠠᠲᠤᠯᠠᠵᠤ᠂ ᠦᠨᠡᠨ ᠪᠤᠲᠠᠲᠠᠢ ᠦᠷ᠎ᠡ ᠪᠦᠲᠦᠮᠵᠢ ᠣᠯᠬᠤ ᠬᠡᠷᠡᠭᠲᠡᠶ᠃ |