ᠬᠥᠬᠡᠬᠤᠲᠠ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠠᠬᠢᠭᠤᠯᠤᠨ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠵᠤ ᠪᠤᠢ
ᠨᠡᠶᠢᠲᠡᠯᠡᠭᠰᠡᠨ ᠴᠠᠭ᠄
2020-03-26
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠭᠤᠸ᠎ᠠ︶ 2019 ᠣᠨ ᠳᠤ᠂ ᠬᠥᠬᠡᠬᠤᠲᠠ ᠶᠢᠨ ᠬᠢᠨ ᠪᠡᠭᠡᠵᠢᠩ ᠬᠤᠳᠠ ᠶᠢᠨ ᠮᠧᠨ ᠳᠧᠦ ᠭᠸᠤ ᠲᠣᠭᠤᠷᠢᠭ ᠤᠨ ᠡᠯ᠎ᠡ ᠲᠥᠷᠥᠯ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠭᠤᠣᠯ ᠴᠣᠭᠴᠠ ᠶᠢᠨ ᠬᠡᠷᠡᠭᠴᠡᠭᠡ ᠪᠣᠯᠤᠨ ᠦᠴᠤᠸᠠᠨ ᠰᠢᠶᠠᠨ ᠤ ᠤᠨᠴᠠᠯᠢᠬᠳᠤ ᠪᠦᠲᠦᠭᠡᠭᠳᠡᠬᠦᠨ ᠤ ᠬᠠᠩᠭᠠᠯᠭ᠎ᠠ ᠶᠢᠨ ᠮᠡᠳᠡᠭᠡ ᠵᠠᠩᠭᠢ ᠶᠢ ᠤᠨᠢᠨ ᠳᠡᠭᠡᠷ᠎ᠡ ᠨᠢ ᠵᠣᠯᠭᠠᠯᠴᠠᠭᠤᠯᠬᠤ ᠶᠢ ᠵᠣᠬᠢᠴᠠᠭᠤᠯᠤᠨ ᠠᠬᠢᠭᠤᠯᠵᠤ᠂ ᠦᠴᠤᠸᠠᠨ ᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠪᠡᠭᠡᠵᠢᠩ ᠤᠨ ᠵᠠᠬ᠎ᠠ ᠳᠡᠯᠭᠡᠭᠦᠷ ᠲᠤ ᠲᠦᠷᠭᠡᠨ ᠠᠭᠤᠰᠤᠯᠴᠠᠭᠤᠯᠬᠤ ᠳᠤ ᠬᠦᠴᠦᠨ ᠨᠡᠮᠡᠷᠢᠯᠡᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠠᠷ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠪᠠᠬᠢᠵᠢᠭᠦᠯᠦᠨ ᠳᠡᠭᠡᠭᠰᠢᠯᠡᠭᠦᠯᠬᠦ ᠲᠠᠯ᠎ᠠ ᠪᠠᠷ ᠢᠯᠡᠳᠲᠡ ᠦᠢᠯᠡᠳᠦᠯ ᠦᠵᠡᠭᠦᠯᠦᠭᠰᠡᠨ ᠪᠠᠶᠢᠨ᠎ᠠ᠃      ᠨᠡᠶᠢᠭᠡᠮ ᠤᠨ ᠬᠤᠳᠠᠯᠳᠤᠨ ᠠᠪᠬᠤ ᠠᠵᠢᠯᠯᠠᠭ᠎ᠠ ᠶᠢ ᠭᠦᠨᠵᠡᠭᠡᠢ ᠠᠬᠢᠭᠤᠯᠪᠠ᠃ ᠵᠠᠰᠠᠭ ᠤᠨ ᠣᠷᠳᠣᠨ ᠤ ᠰᠠᠯᠠᠭ᠎ᠠ ᠮᠥᠴᠢᠷ ᠲᠦᠷᠦᠭᠦᠯᠡᠨ᠂ ᠶᠠᠳᠠᠭᠤ ᠶᠢ ᠲᠡᠳᠬᠦᠬᠦ ᠲᠠᠷᠢᠶᠠᠯᠠᠩ ᠤᠨ ᠪᠦᠲᠦᠭᠡᠭᠳᠡᠬᠦᠨ ᠢ ᠬᠥᠭᠵᠢᠭᠦᠯᠬᠦ ᠶᠠᠪᠤᠴᠠ ᠳᠠᠬᠢ ︽ᠦᠢᠯᠡᠳᠪᠦᠷᠢᠯᠡᠬᠦ ᠦᠵᠦᠭᠦᠷᠯᠢᠭ︾ ᠪᠣᠯᠤᠨ ︽ᠪᠣᠷᠣᠯᠠᠭᠤᠯᠬᠤ ᠦᠵᠦᠭᠦᠷᠯᠢᠭ︾ ᠤᠨ ᠪᠦᠲᠦᠮᠵᠢᠲᠡᠶ ᠵᠣᠯᠭᠠᠯᠴᠠᠭ᠎ᠠ ᠶᠢ ᠪᠡᠶᠡᠯᠡᠭᠦᠯᠵᠦ᠂ ᠵᠠᠰᠠᠭ ᠵᠠᠬᠢᠷᠭᠠᠨ ᠤ ᠥᠪᠡᠷ ᠤᠨ ᠥᠷᠲᠡᠭ ᠪᠣᠯᠤᠨ ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠂ ᠶᠠᠳᠠᠭᠤ ᠬᠦᠴᠢᠷᠳᠡᠯᠲᠡᠶ ᠡᠷᠦᠬᠡ ᠶᠢᠨ ᠠᠰᠢᠭ ᠣᠷᠣᠯᠭ᠎ᠠ ᠶᠢ ᠬᠠᠮᠤᠭ ᠤᠨ ᠶᠡᠭᠡ ᠪᠣᠯᠭᠠᠬᠤ ᠶᠢ ᠦᠨᠡᠨ ᠬᠦ ᠪᠠᠲᠤᠯᠠᠵᠤ᠂ ᠮᠧᠨ ᠲᠧᠦ ᠭᠧᠤ ᠲᠣᠭᠤᠷᠢᠭ ᠲᠠᠢ ᠬᠠᠮᠵᠢᠯᠴᠠᠨ 24.15 ᠲᠦᠮᠡᠨ ᠲᠥᠭᠦᠷᠢᠭ ᠤᠨ ᠲᠥᠪᠯᠡᠷᠡᠩᠭᠦᠶ ᠴᠢᠨᠠᠷᠲᠠᠶ ᠬᠤᠳᠠᠯᠳᠤᠨ ᠠᠪᠬᠤ ᠠᠵᠢᠯ ᠢ ᠪᠡᠶᠡᠯᠡᠭᠦᠯᠪᠡ᠃      ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠠᠵᠢᠯᠯᠠᠭ᠎ᠠ ᠶᠢ ᠬᠡᠷᠡᠭᠵᠢᠭᠦᠯᠪᠡ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ︽ᠡᠴᠦᠰ ᠤᠨ ᠨᠢᠭᠡ ᠺᠢᠯᠣᠮᠧᠲᠷ︾ ᠢ ᠨᠡᠪᠲᠡᠷᠡᠭᠦᠯᠬᠦ ᠪᠠᠷ ᠭᠤᠣᠯᠳᠠᠯᠭ᠎ᠠ ᠲᠠᠢ ᠡᠭᠦᠷᠭᠡ ᠪᠣᠯᠭᠠᠵᠤ᠂ ᠦᠴᠤᠸᠠᠨ ᠰᠢᠶᠠᠨ ᠤ ᠠᠵᠤ ᠠᠬᠤᠶᠢᠯᠠᠯ ᠢ ᠬᠠᠪᠰᠤᠷᠤᠨ ᠮᠧᠨ ᠳᠧᠦ ᠭᠧᠦ ᠲᠣᠭᠤᠷᠢᠭ ᠲᠤ ᠦᠴᠤᠸᠠᠨ  ᠤ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠪᠤᠷᠤᠯᠠᠭᠤᠯᠬᠤ ᠴᠡᠭ 1 ᠶᠢ ᠪᠠᠶᠢᠭᠤᠯᠵᠤ᠂ ︽ᠰᠠᠢ ᠱᠠᠩ ᠦᠴᠤᠸᠠᠨ ᠤ ᠣᠨᠴᠠ ᠪᠦᠲᠦᠭᠡᠭᠳᠡᠬᠦᠨ ᠤ ᠳᠡᠯᠭᠡᠭᠦᠷ︾ ᠢ 5 ᠪᠠᠶᠢᠭᠤᠯᠵᠤ᠂ ᠰᠢᠷᠢᠰ ᠪᠣᠳᠠᠲᠤ ᠴᠣᠭᠴᠠ ᠶᠢᠨ ᠳᠡᠯᠭᠡᠭᠦᠷ ᠤᠨ ᠡᠳᠦᠷ ᠪᠦᠷᠢ ᠶᠢᠨ ᠪᠥᠭᠡᠮ ᠢᠶᠠᠷ ᠪᠤᠷᠤᠯᠠᠭᠤᠯᠬᠤ ᠪᠠ ᠵᠢᠵᠢᠭᠯᠡᠨ ᠪᠤᠷᠤᠯᠠᠭᠤᠯᠤᠭᠰᠠᠨ ᠲᠤᠭ᠎ᠠ ᠨᠢ ᠨᠢᠭᠡᠨᠲᠡ 2 ᠲᠦᠮᠡᠨ ᠲᠥᠭᠦᠷᠢᠭ ᠠᠴᠠ ᠳᠡᠭᠡᠭᠰᠢ ᠪᠣᠯᠪᠠ︔ ᠦᠴᠤᠸᠠᠨ ᠰᠢᠶᠠᠨ ᠤ ᠦᠢᠯᠡᠳᠬᠦᠨ ᠢ ᠪᠠᠶᠢᠭᠤᠯᠭ᠎ᠠ ᠳᠤ ᠣᠷᠣᠭᠤᠯᠬᠤ᠂ ᠨᠡᠶᠢᠭᠡᠮ  ᠲᠣᠭᠤᠷᠢᠭ ᠲᠤ ᠣᠷᠣᠭᠤᠯᠬᠤ᠂ ᠬᠠᠮ ᠳᠡᠯᠭᠡᠭᠦᠷ ᠲᠤ ᠣᠷᠣᠭᠤᠯᠬᠤ ︽ᠭᠤᠷᠪᠠ ᠶᠢ ᠣᠷᠣᠭᠤᠯᠬᠤ︾ ᠬᠠᠩᠭᠠᠯᠭ᠎ᠠ ᠬᠡᠷᠡᠭᠴᠡᠭᠡ ᠶᠢᠨ ᠲᠠᠪᠴᠠᠩ ᠢ ᠠᠭᠠᠵᠢᠮ ᠢᠶᠠᠷ ᠪᠠᠶᠢᠭᠤᠯᠵᠤ᠂ ᠳᠡᠯᠭᠡᠨ ᠦᠵᠡᠭᠦᠯᠭᠡ ᠶᠢᠨ ᠲᠤᠰᠬᠠᠶ ᠣᠷᠣᠨ 1᠂ ᠪᠣᠷᠣᠯᠠᠭᠤᠯᠬᠤ ᠲᠤᠰᠬᠠᠶ ᠲᠡᠯᠭᠡᠭᠦᠷ 2᠂ ᠨᠡᠶᠢᠭᠡᠮ ᠲᠣᠭᠤᠷᠢᠭ ᠤᠨ ᠲᠥᠬᠦᠮ ᠳᠡᠯᠭᠡᠭᠦᠷ ᠤᠨ ᠪᠣᠷᠣᠯᠠᠭᠤᠯᠭ᠎ᠠ ᠶᠢᠨ ᠳᠡᠯᠭᠡᠨᠦᠵᠡᠭᠦᠯᠭᠡ ᠶᠢᠨ ᠲᠠᠪᠴᠠᠩ 11 ᠪᠠᠶᠢᠭᠤᠯᠵᠤ᠂ ᠡᠯ᠎ᠡ ᠲᠥᠷᠥᠯ ᠤᠨ ᠲᠣᠤᠷ ᠴᠡᠭ ᠲᠤ ᠨᠡᠶᠢᠲᠡ 85 ᠲᠦᠮᠡᠨ ᠲᠥᠭᠦᠷᠢᠭ ᠪᠣᠷᠣᠯᠠᠭᠤᠯᠪᠠ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ 5000 ᠭᠠᠷᠤᠢ ᠺᠠᠷᠲ ᠲᠠᠷᠬᠠᠭᠠᠪᠠ᠃      ᠲᠥᠷᠥᠯ ᠲᠡᠮᠳᠡᠭ ᠤᠨ ᠲᠠᠨᠢᠯᠴᠠᠭᠤᠯᠭ᠎ᠠ ᠶᠢᠨ ᠠᠵᠢᠯᠯᠠᠭ᠎ᠠ ᠶᠢ ᠥᠷᠭᠡᠨ ᠢᠶᠠᠷ ᠥᠷᠨᠢᠭᠦᠯᠪᠡ᠃ ᠦᠴᠤᠸᠠᠨ ᠰᠢᠶᠠᠨ ᠤ ᠠᠵᠤ ᠠᠬᠤᠶᠢᠯᠠᠯ ᠢ ᠢᠳᠡᠪᠬᠢᠲᠡᠶ ᠪᠠᠷ ᠬᠥᠲᠥᠯᠥᠨ ᠵᠢᠯᠣᠭᠤᠳᠴᠤ ᠪᠠᠶᠢᠭᠠᠳ ᠪᠡᠭᠡᠵᠢᠩ ᠤᠨ ᠵᠠᠬ᠎ᠠ ᠳᠡᠯᠭᠡᠭᠦᠷ ᠲᠤ ᠠᠭᠤᠰᠤᠯᠴᠠᠭᠤᠯᠵᠤ᠂ ᠶᠠᠨ ᠬᠥ᠋ ᠹᠠᠩ ᠵᠡᠷᠭᠡ 10 ᠠᠵᠤ ᠠᠬᠤᠢᠢᠯᠠᠯ ᠵᠢᠴᠢ ᠳᠤᠰᠬᠠᠢ ᠬᠤᠷᠰᠢᠶ᠎ᠠ ᠶᠢ ᠬᠠᠪᠰᠤᠷᠤᠨ ᠪᠡᠭᠡᠵᠢᠩ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠤ ᠦᠢᠯᠡᠰ ᠤᠨ ᠣᠯᠠᠨ ᠢᠶᠠᠷ ᠢᠶᠠᠨ ᠦᠢᠯᠡᠰ ᠪᠤᠰᠬᠠᠨ ᠨᠡᠶᠢᠳᠡ ᠪᠠᠷ ᠢᠶᠠᠨ ᠰᠢᠨ᠎ᠡ ᠶᠢ ᠡᠭᠦᠳᠬᠦ ᠥᠪᠥᠷ ᠮᠣᠩᠭᠤᠯ ᠤᠨ ᠦᠵᠡᠭᠦᠯᠭᠡ ᠶᠢᠨ ᠲᠢᠩᠬᠢᠮ ᠵᠡᠷᠭᠡ ᠳᠤ ᠣᠷᠣᠭᠤᠯᠵᠤ᠂ ᠨᠣᠬᠠᠶ ᠶᠢᠨ ᠬᠤᠰᠢᠭᠤ᠂ ᠬᠡᠭᠡᠷ᠎ᠡ ᠲᠠᠯ᠎ᠠ ᠳᠤ ᠳᠡᠵᠢᠭᠡᠭᠰᠡᠨ ᠲᠠᠬᠢᠶ᠎ᠠ ᠵᠡᠷᠭᠡ ᠦᠴᠤᠸᠠᠨ ᠤ 20 ᠰᠢᠬᠠᠮ ᠵᠦᠢᠯ ᠤᠨ ᠣᠨᠴᠠᠯᠢᠭᠲᠤ ᠪᠦᠲᠦᠭᠡᠭᠳᠡᠬᠦᠨ ᠢ ᠤᠷᠲᠤ ᠬᠤᠭᠤᠴᠠᠭ᠎ᠠ ᠪᠠᠷ ᠳᠡᠯᠭᠡᠷᠡᠭᠦᠯᠦᠨ ᠪᠣᠷᠣᠯᠠᠭᠤᠯᠵᠠᠢ ᠃ ︽2019 ᠣᠨ ᠤ ᠪᠡᠭᠡᠵᠢᠩ ᠤᠨ ᠳᠡᠯᠡᠬᠡᠶ ᠶᠢᠨ ᠴᠡᠴᠡᠷᠯᠢᠭ ᠤᠨ ᠤᠷᠠᠯᠢᠭ ᠤᠨ ᠦᠵᠡᠰᠬᠦᠯᠡᠩ︾ ᠳᠤ ᠬᠥᠬᠡᠬᠤᠲᠠ ᠡᠳᠦᠷ ᠤᠨ ᠳᠡᠯᠭᠡᠨ ᠦᠵᠡᠭᠦᠯᠭᠡ ᠶᠢᠨ ᠠᠵᠢᠯᠯᠠᠭ᠎ᠠ ᠳᠤ 1 ᠤᠳᠠᠭ᠎ᠠ ᠣᠷᠣᠯᠴᠠᠵᠤ᠂ ᠬᠤᠶᠠᠳᠤᠭᠠᠷ ᠬᠤᠭᠤᠴᠠᠭᠠᠨ ᠤ ᠪᠡᠭᠡᠵᠢᠩ ᠤᠨ ᠲᠠᠷᠢᠮᠠᠯ ᠤᠨ ᠦᠢᠯᠡᠰ ᠢᠶᠠᠷ ᠶᠠᠳᠠᠭᠤ ᠶᠢ ᠲᠡᠳᠬᠦᠬᠦ ᠬᠤᠷᠠᠯ ᠳᠡᠭᠡᠷ᠎ᠡ ᠦᠴᠤᠸᠠᠨ ᠰᠢᠶᠠᠨ ᠤ ᠲᠠᠷᠢᠶᠠᠯᠠᠩ ᠤᠨ ᠣᠨᠴᠠ ᠪᠦᠲᠦᠭᠡᠭᠳᠡᠬᠦᠨ ᠢ ᠤᠬᠠᠭᠤᠯᠤᠨ ᠲᠠᠨᠢᠯᠴᠠᠭᠤᠯᠬᠤ ᠶᠢᠨ ᠬᠠᠮᠲᠤ ᠪᠡᠭᠡᠵᠢᠩ ᠤᠨ ᠨᠢᠭᠡᠨ ᠺᠣᠮᠫᠠᠨᠢ ᠲᠠᠢ ︽ᠪᠡᠭᠡᠵᠢᠩ ᠤᠨ ᠶᠠᠳᠠᠭᠤ ᠶᠢ ᠲᠡᠳᠬᠦᠬᠦ ᠬᠠᠮᠵᠢᠯᠴᠠᠭᠠᠨ ᠤ ᠡᠯᠧᠺᠲᠷᠣᠨ ᠬᠤᠳᠠᠯᠳᠤᠭᠠᠨ ᠤ ᠣᠷᠳᠣᠨ ᠤ ᠬᠠᠮᠲᠤᠷᠠᠯᠴᠠᠭᠠᠨ ᠤ ᠵᠥᠪᠯᠡᠯᠴᠡᠭᠡᠷ︾ ᠲᠣᠭᠲᠠᠪᠠ᠃ ᠦᠴᠤᠸᠠᠨ ᠰᠢᠶᠠᠨ ᠤ ᠠᠵᠤ ᠠᠬᠤᠢᠢᠯᠠᠯ ᠵᠢᠷᠭᠤᠳᠤᠭᠠᠷ ᠬᠤᠭᠤᠴᠠᠭᠠᠨ ᠤ ᠮᠧᠨ ᠳᠧᠦ ᠭᠧᠦ ᠲᠣᠭᠤᠷᠢᠭ ᠤᠨ ᠨᠣᠮ ᠤᠨ ᠵᠠᠬ᠎ᠠ ᠳᠡᠯᠭᠡᠭᠦᠷ ᠤᠨ ᠳᠡᠯᠭᠡᠨ ᠪᠣᠷᠣᠯᠠᠭᠤᠯᠬᠤ ᠠᠵᠢᠯᠯᠠᠭ᠎ᠠ ᠪᠠ 3 ᠭᠠᠷᠠᠭ ᠤᠨ ᠬᠤᠭᠤᠴᠠᠭ᠎ᠠ ᠲᠠᠢ ︽ᠮᠧᠨ ᠳᠧᠦ ᠭᠧᠦ ᠲᠣᠭᠤᠷᠢᠭ ᠤᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ ᠶᠢᠨ 2019 ᠣᠨ ᠤ ᠠᠵᠢᠯ ᠲᠥᠷᠥᠯ ᠢᠶᠠᠷ ᠢᠶᠠᠨ ᠬᠠᠪᠰᠤᠷᠤᠨ ᠲᠡᠳᠬᠦᠭᠰᠡᠨ ᠭᠠᠵᠠᠷ ᠣᠷᠣᠨ ᠤ ᠣᠨᠴᠠᠯᠢᠭᠲᠤ ᠪᠦᠲᠦᠭᠡᠭᠳᠡᠬᠦᠨ ᠢ ᠨᠡᠶᠢᠭᠡᠮ ᠲᠣᠭᠤᠷᠢᠭ ᠲᠤ ᠣᠷᠣᠭᠤᠯᠬᠤ ᠠᠵᠢᠯᠯᠠᠭ᠎ᠠ︾ ᠳᠤ ᠣᠷᠣᠯᠴᠠᠵᠤ᠂ 5 ᠪᠠᠯᠭᠠᠰᠤ ᠵᠡᠭᠡᠯᠢ ᠭᠤᠳᠤᠮᠵᠢ ᠶᠢᠨ 13 ᠨᠡᠶᠢᠭᠡᠮ ᠲᠣᠭᠤᠷᠢᠭ ᠢ ᠪᠦᠷᠬᠦᠵᠦ᠂ ᠲᠥᠷᠥᠯ ᠲᠡᠮᠳᠡᠭ ᠤᠨ ᠨᠡᠶᠢᠭᠡᠮ ᠤᠨ ᠠᠯᠳᠠᠷᠰᠢᠯ ᠢ ᠲᠣᠭᠲᠠᠭᠤᠨ ᠢᠶᠠᠷ ᠳᠡᠭᠡᠭᠰᠢᠯᠡᠭᠦᠯᠦᠭᠰᠡᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号