ᠬᠦᠬᠡᠬᠤᠲᠠ ᠶᠢᠨ ᠰᠣᠶᠣᠯ ᠤᠨ ᠲᠠᠯᠠᠪᠤᠷ ᠤᠷᠳᠤᠨ ᠪᠦᠲᠦᠮᠵᠢᠲᠡᠢ ᠠᠷᠭ᠎ᠠ ᠬᠡᠮᠵᠢᠶ᠎ᠡ ᠪᠠᠷ ᠨᠡᠬᠡᠬᠡᠯᠳᠡ ᠬᠢᠵᠤ ᠪᠠᠶᠢᠨ᠎ᠠ
ᠨᠡᠶᠢᠲᠡᠯᠡᠭᠰᠡᠨ ᠴᠠᠭ᠄
2020-03-26
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ ᠤᠯᠠᠭᠠᠨᠲᠤᠶᠠᠭ᠎ᠠ︶ 3 ᠰᠠᠷ᠎ᠠ ᠶᠢᠨ 22 ᠤᠨ ᠡᠳᠦᠷ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠᠶᠢᠳᠠᠯ ᠤᠨ ᠰᠠᠶᠢᠵᠢᠷᠠᠬᠤ ᠶᠢ ᠳᠠᠭᠠᠯᠳᠤᠨ᠂ ᠬᠥᠬᠡᠬᠤᠲᠠ ᠶᠢᠨ ᠰᠣᠶᠣᠯ ᠤᠨ ᠲᠠᠯᠠᠪᠤᠷ ᠣᠷᠳᠣᠨ ᠵᠠᠯᠭᠠᠭ᠎ᠠ ᠪᠠᠷ ᠡᠭᠦᠳᠡ ᠪᠠᠨ ᠨᠡᠭᠡᠭᠡᠪᠡ᠃      ᠬᠥᠬᠡᠬᠤᠲᠠ ᠶᠢᠨ ᠵᠦᠩᠱᠠᠨ ᠪᠠᠷᠠᠭᠤᠨ ᠵᠠᠮ ᠤᠨ ᠰᠢᠨᠬᠤᠸᠠ ᠨᠣᠮ ᠤᠨ ᠳᠡᠯᠭᠡᠭᠦᠷ 3 ᠰᠠᠷ᠎ᠠ ᠶᠢᠨ 17 ᠤ ᠡᠳᠦᠷ ᠠᠴᠠ ᠡᠬᠢᠯᠡᠨ ᠡᠭᠦᠳᠡ ᠪᠠᠨ ᠨᠡᠭᠡᠭᠡᠪᠡ᠃ 2 ᠴᠠᠭ ᠠᠯᠤᠰᠯᠠᠬᠤ ᠪᠦᠷᠢ ᠡᠵᠡᠩᠨᠡᠯᠲᠡ ᠶᠢᠨ ᠲᠠᠯᠠᠪᠤᠷ᠂ ᠡᠷᠡᠭᠦᠯ ᠬᠠᠮᠠᠭᠠᠯᠠᠯ ᠤᠨ ᠲᠠᠰᠤᠭ᠂ ᠤᠩᠰᠢᠭᠴᠢᠳ ᠤᠨ ᠠᠮᠠᠷᠠᠯᠲᠠ ᠶᠢᠨ ᠭᠠᠵᠠᠷ ᠵᠡᠷᠭᠡ ᠭᠤᠣᠯᠳᠠᠯᠭ᠎ᠠ ᠲᠠᠢ ᠬᠡᠰᠡᠭ ᠢᠶᠠᠷ ᠪᠦᠬᠦ ᠲᠠᠯ᠎ᠠ ᠪᠠᠷ ᠠᠷᠢᠭᠤᠳᠬᠠᠯ ᠬᠢᠵᠦ ᠪᠤᠢ︔ ᠭᠡᠷ ᠤᠨ ᠣᠷᠣᠢ ᠶᠢᠨ ᠬᠡᠰᠡᠭ ᠲᠤ ᠡᠯᠭᠦᠵᠦ ᠪᠠᠶᠢᠭ᠎ᠠ ᠵᠠᠳᠠᠷᠠᠬᠤ ᠬᠡᠯᠪᠡᠷᠢ ᠶᠢᠨ ᠠᠷᠢᠭᠤᠳᠬᠠᠭᠴᠢ ᠨᠢ ᠠᠭᠠᠷ ᠳᠣᠲᠣᠷ᠎ᠠ ᠾᠯᠣᠷ ᠤᠨ ᠳᠠᠪᠬᠤᠷ ᠢᠰᠦᠯ ᠢ ᠲᠠᠰᠤᠷᠠᠯᠲᠠ ᠦᠭᠡᠢ ᠰᠠᠷᠨᠢᠭᠤᠯᠵᠤ ᠪᠠᠺᠲ᠋ᠧᠷᠢ ᠠᠯᠠᠵᠤ ᠪᠠᠶᠢᠨ᠎ᠠ︔ ᠡᠭᠦᠳᠡ ᠪᠠᠷ ᠭᠠᠷᠬᠤ ᠭᠠᠵᠠᠷ ᠲᠤ ᠠᠷᠢᠭᠤᠳᠬᠠᠬᠤ ᠠᠪᠳᠠᠷ᠎ᠠ ᠲᠠᠯᠪᠢᠵᠤ ᠲᠠᠸᠠᠷ ᠢᠶᠠᠨ ᠠᠷᠢᠭᠤᠳᠬᠠᠵᠤ ᠪᠠᠶᠢᠳᠠᠭ᠃      ᠵᠣᠣ ᠵᠢᠶᠦ᠋ᠨ ᠮᠦᠽᠧᠶ ᠨᠢ ᠨᠡᠭᠡᠭᠡᠯᠲᠡ ᠪᠠᠨ ᠰᠡᠷᠭᠦᠭᠡᠭᠰᠡᠨ ᠠᠩᠬᠠᠨ ᠤ ᠡᠳᠦᠷ ᠲᠤ ᠪᠢᠯᠧᠲ ᠤᠨ ᠦᠨ᠎ᠡ ᠶᠢ ᠬᠠᠭᠠᠰ ᠢᠶᠠᠷ ᠪᠠᠭᠤᠷᠠᠭᠤᠯᠵᠤ᠂ ᠨᠢᠭᠡᠳᠦᠭᠡᠷ ᠡᠳᠦᠷ ᠲᠤ 153 ᠬᠥᠮᠦᠨ ᠲᠣᠭᠤᠷᠢᠨ ᠦᠵᠡᠪᠡ᠃ ᠮᠦᠽᠧᠢ ᠳᠤ ᠥᠯᠥ ᠬᠦᠷᠦᠯᠴᠡᠬᠦ ᠮᠠᠶ᠋ᠢᠭ ᠤᠨ ᠬᠠᠯᠠᠭᠤᠨ ᠢ ᠬᠡᠮᠵᠢᠬᠦ ᠲᠥᠬᠦᠭᠡᠷᠦᠮᠵᠢ ᠲᠤᠬᠢᠷᠠᠭᠤᠯᠵᠤ᠂ ᠲᠤᠰᠠᠭᠠᠷᠯᠠᠬᠤ ᠲᠠᠰᠤᠭ ᠭᠠᠷᠭᠠᠵᠤ᠂ ᠪᠠᠴᠢᠮ ᠪᠠᠶᠢᠳᠠᠯ ᠢ ᠠᠷᠭᠠᠴᠠᠭᠠᠬᠤ ᠬᠢᠵᠢᠭ ᠢ ᠰᠡᠷᠭᠡᠶᠢᠯᠡᠬᠦ ᠡᠳ᠋ ᠪᠣᠳᠠᠰ ᠪᠡᠯᠡᠳᠬᠡᠵᠦ᠂ ᠡᠯ᠎ᠡ ᠲᠠᠯᠠᠪᠤᠷ ᠣᠷᠳᠣᠨ ᠢ ᠠᠷᠢᠭᠤᠳᠬᠠᠬᠤ ᠪᠠ ᠰᠠᠯᠬᠢ ᠨᠡᠪᠲᠡᠷᠡᠬᠦᠯᠭᠦ ᠤᠳᠠᠭ᠎ᠠ ᠪᠠᠨ ᠨᠡᠮᠡᠭᠳᠡᠭᠦᠯᠵᠦ ᠥᠷᠭᠡᠨ ᠤᠯᠠᠨ ᠲᠣᠭᠤᠷᠢᠨ ᠦᠵᠡᠭᠰᠡᠳ ᠪᠠ ᠠᠵᠢᠯᠳᠠᠨ ᠠᠵᠢᠯᠴᠢᠨ ᠤ ᠪᠡᠶ᠎ᠡ ᠮᠠᠬᠠᠪᠣᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠬᠠᠮᠤᠭ ᠤᠨ ᠶᠡᠭᠡ ᠬᠡᠮᠵᠢᠶ᠎ᠡ ᠪᠠᠷ ᠬᠠᠮᠠᠭᠠᠯᠠᠵᠤ ᠪᠠᠶᠢᠨ᠎ᠠ᠃      ᠴᠢᠩ ᠤᠯᠤᠰ ᠤᠨ ᠦᠶ᠎ᠡ ᠶᠢᠨ ᠺᠧ ᠵᠢᠩ ᠭᠦᠩᠵᠦ ᠶᠢᠨ ᠣᠷᠳᠣᠨ ᠪᠡᠶ᠎ᠡ ᠶᠢᠨ ᠦᠨᠡᠮᠯᠡᠯ ᠤᠨ ᠦᠨᠡᠨ ᠨᠡᠷ᠎ᠡ ᠪᠠᠷ ᠳᠠᠩᠰᠠᠯᠠᠭᠤᠯᠵᠤ᠂ ᠲᠣᠭᠤᠷᠢᠨ ᠦᠵᠡᠬᠦ ᠬᠥᠮᠥᠨ ᠤ ᠲᠤᠭ᠎ᠠ ᠶᠢ 500 ᠪᠠᠷ ᠬᠢᠵᠠᠭᠠᠷᠯᠠᠵᠤ᠂ ᠪᠦᠯᠬᠦᠮ ᠨᠡᠶᠢᠲᠡ ᠪᠠᠷ ᠤᠷᠢᠳᠴᠢᠯᠠᠨ ᠪᠤᠯᠵᠤᠬᠤ ᠶᠢ ᠲᠦᠷ ᠵᠣᠭᠰᠣᠭᠠᠵᠤ᠂ ᠲᠤᠰᠬᠠᠢ ᠬᠥᠮᠥᠨ ᠲᠠᠶᠢᠯᠪᠤᠷᠢᠯᠠᠬᠤ ᠦᠢᠯᠡᠴᠢᠯᠡᠭᠡ ᠬᠠᠩᠭᠠᠬᠤ ᠦᠭᠡᠢ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号