2020 ᠣᠨ ᠰᠢᠨ᠎ᠡ ᠬᠤᠲᠠ ᠲᠣᠭᠤᠷᠢᠭ ᠤᠨ ᠭᠤᠷᠪᠠᠨ ᠪᠠᠶᠢᠰᠢᠩ ᠣᠢ ᠰᠢᠭᠤᠶ ᠶᠢᠨ ᠲᠠᠯᠠᠪᠠᠢ ᠶᠢᠨ ᠬᠠᠪᠤᠷ ᠤᠨ ᠤᠯᠠᠷᠢᠯ ᠵᠢᠴᠢ ︽ᠬᠠᠩᠰᠢ ᠶᠢᠨ ᠡᠳᠦᠷ︾ ᠤᠨ ᠣᠢ ᠰᠢᠭᠤᠢ ᠶᠢᠨ ᠲᠠᠯ᠎ᠠ ᠨᠤᠲᠤᠭ ᠤᠨ ᠭᠠᠯ ᠰᠡᠷᠭᠡᠶᠢᠯᠡᠬᠦ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠤᠨ ᠮᠡᠳᠡᠭᠡ ᠵᠠᠩᠭᠢ
ᠨᠡᠶᠢᠲᠡᠯᠡᠭᠰᠡᠨ ᠴᠠᠭ᠄
2020-03-27
     ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠨᠠᠮ ᠤᠨ ᠬᠤᠷᠢᠶ᠎ᠠ ᠬᠤᠲᠠ ᠶᠢᠨ ᠵᠠᠰᠠᠭ ᠤᠨ ᠣᠷᠳᠣᠨ᠂ ᠲᠤᠭᠤᠷᠢᠭ ᠤᠨ ᠨᠠᠮ ᠤᠨ ᠬᠤᠷᠢᠶ᠎ᠠ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠭᠦᠨᠵᠡᠭᠡᠶ ᠲᠤᠭᠤᠰᠢᠯᠠᠭᠤᠯᠤᠨ ᠨᠠᠶᠢᠲᠠᠪᠤᠷᠢᠵᠢᠭᠤᠯᠵᠤ᠂ ᠬᠠᠪᠤᠷ ᠤᠨ ᠤᠯᠠᠷᠢᠯ ᠤᠨ ᠣᠢ ᠰᠢᠭᠤᠢ ᠶᠢᠨ ᠲᠠᠯ᠎ᠠ ᠨᠤᠲᠤᠭ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠢ ᠯᠠᠪᠳᠠᠭᠤᠨ ᠪᠠᠲᠤᠲᠠᠶ ᠥᠷᠨᠢᠭᠦᠯᠵᠦ᠂ ᠲᠣᠰ ᠵᠢᠯ ᠳᠤ ᠣᠢ ᠰᠢᠭᠤᠢ ᠶᠢᠨ ᠲᠠᠯ᠎ᠠ ᠨᠤᠲᠤᠭ ᠤᠨ ᠬᠦᠨᠳᠦ ᠶᠡᠭᠡ ᠭᠠᠯ ᠤᠨ ᠠᠶᠤᠯ ᠦᠭᠡᠢ ᠪᠠᠶᠢᠬᠤ ᠶᠢ ᠦᠨᠡᠨᠬᠦ ᠪᠠᠲᠤᠯᠠᠬᠤ ᠶᠢᠨ ᠲᠤᠰᠠᠳᠠ᠃ 3 ᠳ᠋ᠤᠭᠠᠷ ᠰᠠᠷ᠎ᠠ ᠶᠢᠨ 26 ᠤ ᠡᠳᠦᠷ ᠤᠨ ᠦᠳᠡ ᠶᠢᠨ ᠡᠮᠦᠨ᠎ᠡ᠂ ᠰᠢᠨ᠎ᠡ ᠬᠤᠲᠠ ᠲᠣᠭᠤᠷᠢᠭ ᠤᠨ ᠭᠤᠷᠪᠠᠨ ᠪᠠᠶᠢᠰᠢᠩ ᠣᠶ ᠰᠢᠭᠤᠶ᠊ ᠶᠢᠨ ᠲᠠᠯᠠᠪᠠᠶ 2020 ᠣᠨ ᠤ ᠰᠢᠨ᠎ᠡ ᠬᠤᠲᠠ ᠲᠣᠭᠤᠷᠢᠭ ᠤᠨ ᠭᠤᠷᠪᠠᠨ ᠪᠠᠶᠢᠰᠢᠩ ᠣᠶ ᠰᠢᠭᠤᠶ ᠶᠢᠨ ᠲᠠᠯᠠᠪᠠᠶ ᠶᠢᠨ ᠬᠠᠪᠤᠷ ᠤᠨ ᠤᠯᠠᠷᠢᠯ ᠵᠢᠴᠢ ︽ᠬᠠᠩᠰᠢ ᠶᠢᠨ ᠡᠳᠦᠷ︾ ᠤᠨ ᠣᠢ ᠰᠢᠭᠤᠢ ᠶᠢᠨ ᠲᠠᠯ᠎ᠠ ᠨᠤᠲᠤᠭ ᠤᠨ ᠭᠠᠯ ᠰᠡᠷᠭᠡᠶᠢᠯᠡᠬᠦ ᠠᠵᠢᠯ ᠤᠨ ᠳᠠᠶᠢᠴᠢᠯᠠᠯᠲᠠ ᠶᠢᠨ ᠶᠡᠭᠡ ᠬᠤᠷᠠᠯ ᠢ ᠬᠤᠷᠠᠯᠳᠤᠭᠤᠯᠪᠠ᠂ ᠭᠤᠤᠯ ᠵᠣᠷᠢᠯᠭ᠎ᠠ ᠨᠢ ᠲᠤᠷᠰᠢᠯᠭ᠎ᠠ ᠪᠠᠨ ᠳ᠋ᠦᠩᠨᠡᠵᠦ᠂ ᠪᠠᠶᠢᠳᠠᠯ ᠢ ᠲᠣᠳᠣᠷᠬᠠᠶ ᠲᠠᠨᠢᠵᠤ᠂ ᠦᠵᠡᠯ ᠰᠠᠨᠠᠭ᠎ᠠ ᠪᠠᠨ ᠨᠢᠭᠡᠳᠬᠡᠵᠦ᠂ ᠢᠲᠡᠭᠡᠯ ᠵᠣᠷᠢᠭ ᠢᠶᠠᠨ ᠪᠠᠲᠤᠳᠬᠠᠵᠤ᠂ ᠬᠠᠪᠤᠷ ᠤᠨ ᠤᠯᠠᠷᠢᠯ ᠤᠨ ᠣᠢ ᠰᠢᠭᠤᠢ ᠶᠢᠨ ᠲᠠᠯ᠎ᠠ ᠨᠤᠲᠤᠭ ᠤᠨ ᠭᠠᠯ ᠰᠡᠷᠭᠡᠶᠢᠯᠡᠵᠦ ᠭᠠᠯ ᠤᠨᠲᠠᠷᠠᠭᠠᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ︽ᠴᠤᠭᠯᠠᠷᠠᠯ ᠤᠨ ᠪᠦᠷᠢᠶ᠎ᠡ︾ ᠶᠢ ᠳᠠᠬᠢᠨ ᠨᠢᠭᠡ ᠤᠳᠠᠭ᠎ᠠ ᠴᠤᠤᠷᠢᠶᠠᠲᠤᠭᠤᠯᠬᠤ ᠶᠢᠨ ᠲᠥᠯᠥᠭᠡ ᠶᠤᠮ᠃ ᠪᠥᠬᠦ ᠲᠠᠯᠠᠪᠠᠶ ᠶᠢᠨ ᠠᠵᠢᠯᠲᠠᠨ ᠠᠵᠢᠯᠴᠢᠨ ᠤ ︽ᠣᠭ ᠰᠠᠨᠠᠭ᠎ᠠ ᠪᠠᠨ ᠪᠠᠷᠢᠮᠲᠠᠯᠠᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ︾᠂ ᠰᠡᠳᠬᠢᠯ ᠨᠢᠭᠡᠳᠦᠨ ᠬᠦᠴᠦ ᠪᠠᠨ ᠬᠠᠮᠲᠤᠳᠬᠠᠵᠤ᠂ ᠨᠠᠩ ᠪᠣᠳᠠᠲᠠᠶ ᠶᠢ ᠡᠷᠬᠢᠮᠯᠡᠬᠦ ᠠᠵᠢᠯ ᠤᠨ ᠣᠪᠣᠷ ᠂ ᠨᠠᠩ ᠲᠥᠪ ᠴᠢᠩᠭ᠎ᠠ ᠠᠵᠢᠯ ᠤᠨ ᠰᠤᠷᠲᠠᠯ᠂ ᠨᠠᠩ ᠢᠯᠡᠳᠲᠡ ᠠᠵᠢᠯ ᠤᠨ ᠦᠷ᠎ᠡ ᠪᠦᠲᠦᠮᠵᠢ ᠪᠠᠷ᠂ 2020 ᠣᠨ ᠤ ᠬᠠᠪᠤᠷ ᠤᠨ ᠤᠯᠠᠷᠢᠯ ᠤᠨ ᠣᠢ ᠰᠢᠭᠤᠢ ᠶᠢᠨ ᠲᠠᠯ᠎ᠠ ᠨᠤᠲᠤᠭ ᠤᠨ ᠭᠠᠯ ᠰᠡᠷᠭᠡᠶᠢᠯᠡᠬᠦ ᠭᠠᠯ ᠤᠨᠲᠠᠷᠠᠭᠠᠬᠤ ᠠᠵᠢᠯ ᠤᠨ ᠪᠥᠬᠦ ᠲᠠᠯ᠎ᠠ ᠶᠢᠨ ᠢᠯᠠᠯᠲᠠ ᠶᠢ ᠪᠥᠬᠦ ᠬᠦᠴᠦᠨ ᠢᠶᠠᠷ ᠲᠡᠮᠡᠴᠡᠨ ᠣᠯᠵᠤ᠂ ᠪᠥᠬᠦ ᠣᠷᠣᠨ ᠤ ᠠᠮᠢ ᠠᠬᠤᠶ ᠶᠢᠨ ᠪᠦᠲᠦᠭᠡᠨ ᠪᠠᠶᠢᠭᠤᠯᠤᠯᠲᠠ ᠶᠢᠨ ᠦᠷ᠎ᠡ ᠪᠦᠲᠦᠭᠡᠯ ᠢ ᠬᠠᠮᠠᠭᠠᠯᠠᠬᠤ ᠳᠤ ᠢᠳᠡᠪᠬᠢᠲᠡᠶ ᠬᠤᠪᠢ ᠨᠡᠮᠡᠷᠢ ᠦᠵᠡᠭᠦᠯᠬᠦ ᠶᠢ ᠵᠤᠷᠢᠭᠵᠢᠭᠤᠯᠤᠨ᠎ᠠ︕
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号