ᠴᠧᠨ ᠯᠢ ᠶᠢᠨ ᠬᠡᠰᠡᠭ ᠰᠤᠷᠭᠠᠭᠤᠯᠢ ᠳᠤ ᠭᠦᠨᠵᠡᠭᠡᠶᠢᠷᠡᠨ ᠰᠤᠷᠭᠠᠭᠤᠯᠢ ᠡᠬᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-27
   
       3 ᠳ᠋ᠤᠭᠠᠷ ᠰᠠᠷ᠎ᠠ ᠶᠢᠨ 25 ᠤ ᠡᠳᠦᠷ ᠤᠨ ᠦᠳᠡ ᠶᠢᠨ ᠡᠮᠦᠨ᠎ᠡ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠴᠧᠨ ᠯᠢ ᠶᠢᠨ ᠬᠡᠰᠡᠭ ᠰᠤᠷᠭᠠᠭᠤᠯᠢ ᠳᠤ ᠭᠦᠨᠵᠡᠭᠡᠶᠢᠷᠡᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠵᠢᠴᠢ ᠰᠤᠷᠭᠠᠭᠤᠯᠢ ᠡᠬᠢᠯᠡᠬᠦ ᠡᠯ᠎ᠡ ᠵᠦᠢᠯ ᠤᠨ ᠪᠡᠯᠡᠳᠬᠡᠯ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ᠃ ᠰᠢᠶᠠᠨ ᠤ ᠳᠡᠳ᠋ ᠳᠠᠷᠤᠭ᠎ᠠ ᠲᠤᠶᠠᠭ᠎ᠠ᠂ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ᠂ ᠰᠤᠷᠭᠠᠨ ᠬᠥᠮᠦᠵᠢᠯ ᠤᠨ ᠲᠣᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠬᠤᠲᠠ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠶᠢᠨ ᠬᠠᠮᠢᠶ᠎ᠠ ᠪᠥᠬᠦᠶ ᠬᠠᠷᠢᠭᠤᠴᠠᠯᠭᠠᠲᠠᠳ ᠪᠠᠶᠢᠴᠠᠭᠠᠨ ᠰᠤᠳᠤᠯᠤᠯᠲᠠ ᠳᠤ ᠣᠷᠣᠯᠴᠠᠵᠠᠶ᠃      ᠴᠧᠨ ᠯᠢ ᠶᠢᠨ ᠨᠠᠷ ᠤᠷᠢᠳ ᠬᠤᠵᠢᠳ ᠬᠤᠷᠢᠨᠭᠡᠷ ᠰᠢᠶᠠᠨ ᠤ ᠬᠤᠶᠠᠳᠤᠭᠠᠷ ᠳᠤᠮᠳᠠᠳᠤ ᠰᠤᠷᠭᠠᠭᠤᠯᠢ᠂ ᠬᠤᠷᠢᠨᠭᠡᠷ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ ︵ᠠᠩᠬ᠎ᠠ ᠳᠤᠮᠳᠠᠳᠤ︶ ᠵᠡᠷᠭᠡ ᠰᠤᠷᠭᠠᠭᠤᠯᠢ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ᠂ ᠡᠯ᠎ᠡ ᠰᠤᠷᠭᠠᠭᠤᠯᠢ ᠳᠤ ᠣᠷᠣᠬᠤ ᠳᠤ ᠪᠠᠨ ᠡᠭᠦᠳᠡᠨ ᠳᠡᠭᠡᠷ᠎ᠡ ᠪᠡᠶ᠎ᠡ ᠶᠢᠨ ᠳᠤᠯᠠᠭᠠᠨ ᠢᠶᠠᠨ ᠬᠡᠮᠵᠢᠭᠦᠯᠵᠦ᠂᠂ ᠭᠠᠷ ᠤᠨ ᠬᠡᠰᠡᠭ ᠢᠶᠠᠨ ᠠᠷᠢᠭᠤᠳᠬᠠᠭᠰᠠᠨ ᠪᠥᠭᠡᠳ ᠰᠤᠷᠭᠠᠭᠤᠯᠢ ᠡᠬᠢᠯᠡᠭᠰᠡᠨ ᠤ ᠳᠠᠷᠠᠭ᠎ᠠ ᠰᠤᠷᠤᠭᠴᠢᠳ ᠤᠨ ᠰᠤᠷᠭᠠᠭᠤᠯᠢ ᠳᠤ ᠣᠷᠣᠵᠤ ᠬᠢᠵᠢᠭ ᠢ ᠰᠡᠷᠭᠡᠶᠢᠯᠡᠬᠦ ᠵᠢᠴᠢ ᠰᠤᠷᠭᠠᠭᠤᠯᠢ ᠶᠢᠨ ᠡᠭᠦᠳᠡᠨ ᠤ ᠬᠠᠮᠢᠶᠠᠷᠤᠯᠲᠠ ᠶᠢᠨ ᠶᠠᠪᠤᠴᠠ ᠶᠢ ᠨᠠᠷᠢᠨ ᠠᠰᠠᠭᠤᠨ ᠯᠠᠪᠯᠠᠵᠠᠶ᠃ ᠳᠠᠷᠠᠭ᠎ᠠ ᠨᠢ ᠰᠤᠷᠭᠠᠭᠤᠯᠢ ᠶᠢᠨ ᠪᠡᠶ᠎ᠡ ᠶᠢᠨ ᠳᠤᠯᠠᠭᠠᠨ ᠢ ᠪᠠᠶᠢᠴᠠᠭᠠᠨ ᠬᠡᠮᠵᠢᠬᠦ ᠴᠡᠭ᠂ ᠰᠤᠷᠭᠠᠭᠤᠯᠢ ᠶᠢᠨ ᠬᠤᠭᠤᠯᠠᠨ ᠭᠡᠷ᠂ ᠲᠤᠰᠠᠭᠠᠷᠯᠠᠬᠤ ᠭᠡᠷ᠂ ᠪᠡᠯᠡᠳᠬᠡᠯ ᠬᠢᠴᠢᠶᠡᠯ ᠤᠨ ᠭᠡᠷ᠂ ᠬᠢᠵᠢᠭ ᠢ ᠰᠡᠷᠭᠡᠶᠢᠯᠡᠬᠦ ᠡᠳ᠋ ᠪᠠᠷᠠᠭ᠎ᠠ ᠶᠢ ᠨᠥᠭᠡᠴᠡᠯᠡᠬᠦ ᠭᠡᠷ ᠲᠤ ᠭᠦᠨᠵᠡᠭᠡᠶᠢᠷᠡᠨ ᠰᠤᠷᠭᠠᠭᠤᠯᠢ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠨᠠᠶᠢᠳᠠᠪᠣᠷᠢᠵᠢᠭᠤᠯᠵᠤ ᠪᠠᠶᠢᠭ᠎ᠠ ᠪᠠᠶᠢᠳᠠᠯ ᠢ ᠨᠠᠷᠢᠨ ᠣᠶᠢᠯᠭᠠᠭᠰᠠᠨ ᠪᠥᠭᠡᠳ ᠬᠤᠭᠤᠯᠠᠨ ᠭᠡᠷ ᠤᠨ ᠬᠠᠮᠢᠶᠠᠷᠣᠯᠲᠠ᠂ ᠰᠤᠷᠤᠭᠴᠢ ᠶᠢᠨ ᠡᠭᠡᠯᠵᠢᠯᠡᠨ ᠬᠤᠭᠤᠯᠠᠯᠠᠬᠤ ᠶᠠᠪᠤᠴᠠ ᠶᠢᠨ ᠲᠤᠬᠠᠶ ᠨᠠᠷᠢᠨ ᠯᠠᠪᠯᠠᠨ ᠠᠰᠠᠭᠤᠵᠠᠶ᠃      ᠴᠧᠨ ᠯᠢ ᠶᠢᠨ ᠰᠤᠷᠭᠠᠭᠤᠯᠢ ᠶᠢᠨ ᠰᠤᠷᠭᠠᠭᠤᠯᠢ ᠡᠬᠢᠯᠡᠬᠦ ᠪᠡᠯᠡᠳᠬᠡᠯ ᠵᠢᠴᠢ ᠣᠳᠣᠬᠢ ᠱᠠᠲᠤᠨ ᠤ ᠰᠡᠷᠭᠡᠶᠢᠯᠡᠨ ᠡᠵᠡᠮᠳᠡᠬᠦ ᠠᠵᠢᠯ ᠢ ᠭᠦᠢᠴᠡᠳ ᠨᠤᠲᠠᠯᠠᠭᠰᠠᠨ ᠤ ᠬᠠᠮᠲᠤ ᠪᠠᠶᠢᠴᠠᠭᠠᠨ ᠰᠤᠳᠤᠯᠤᠯᠲᠠ ᠬᠢᠬᠦ ᠶᠠᠪᠤᠴᠠ ᠳᠤ ᠢᠯᠡᠷᠡᠭᠦᠯᠦᠭᠰᠡᠨ ᠠᠰᠠᠭᠤᠳᠠᠯ ᠢ ᠨᠢᠭᠡᠳ ᠨᠢᠭᠡ ᠪᠠᠷ ᠪᠣᠳᠠᠲᠠᠶ ᠴᠡᠭᠴᠡᠯᠡᠨ ᠰᠠᠶᠢᠵᠢᠷᠠᠭᠤᠯᠬᠤ ᠴᠢᠭᠯᠡᠯ ᠢ ᠳᠤᠷᠠᠳᠤᠨ ᠭᠠᠷᠭᠠᠵᠠᠶ᠃ ᠲᠡᠷᠡ ᠵᠢᠭᠠᠵᠤ ᠭᠠᠷᠭᠠᠭᠰᠠᠨ ᠨᠢ᠂ ᠰᠤᠷᠭᠠᠭᠤᠯᠢ ᠶᠢᠨ ᠰᠠᠭᠤᠷᠢ ᠨᠢ ᠶᠠᠰᠤ ᠴᠢᠨᠠᠷ ᠲᠤ ᠪᠠᠶᠢᠨ᠎ᠠ᠂ ᠠᠮᠤᠷ ᠲᠦᠪᠰᠢᠨ ᠰᠡᠷᠭᠡᠶᠢᠯᠡᠨ ᠡᠵᠡᠮᠳᠡᠬᠦ ᠰᠠᠭᠤᠷᠢᠨ ᠳᠡᠭᠡᠷ᠎ᠡ ᠪᠣᠳᠠᠲᠠᠶ ᠶᠢ ᠡᠷᠬᠢᠮᠯᠡᠬᠦ᠂ ᠰᠢᠨ᠎ᠡ ᠶᠢ ᠡᠷᠬᠢᠮᠯᠡᠬᠦ᠂ ᠦᠨᠳᠦᠷ ᠢ ᠡᠷᠬᠢᠮᠯᠡᠬᠦ᠂ ᠴᠢᠩᠭ᠎ᠠ ᠪᠠᠶᠢᠬᠤ ᠶᠢ ᠡᠷᠬᠢᠮᠯᠡᠬᠦ᠂ ᠬᠥᠭᠵᠢᠯᠲᠡ ᠶᠢᠨ ᠠᠭᠤᠯᠤᠭᠳᠠᠬᠤᠨ ᠢ ᠭᠦᠨᠵᠡᠭᠡᠶᠢᠷᠡᠭᠦᠯᠵᠦ᠂ ᠠᠷᠠᠳ ᠲᠦᠮᠡᠨ ᠳᠤ ᠲᠠᠭᠠᠰᠢᠶᠠᠭᠳᠠᠭᠰᠠᠨ ᠴᠢᠨᠠᠷ ᠰᠠᠶᠢᠲᠠᠶ ᠬᠥᠮᠦᠵᠢᠯ ᠢ ᠦᠨᠡᠨᠬᠦ ᠡᠷᠭᠢᠯᠡᠬᠦ ᠬᠡᠷᠡᠭᠲᠡᠶ ᠭᠡᠰᠡᠨ ᠪᠠᠶᠢᠨ᠎ᠠ᠃      ᠣᠳᠣᠬᠠᠨ ᠳᠤ᠂ ᠮᠠᠨ ᠤ ᠰᠢᠶᠠᠨ ᠤ ᠡᠯ᠎ᠡ ᠰᠤᠷᠭᠠᠭᠤᠯᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢ ᠰᠠᠶᠢᠲᠤᠷ ᠠᠳᠬᠤᠭᠰᠠᠨ ᠤᠷᠢᠲᠠᠯ ᠳᠣᠤᠷ᠎ᠠ᠂ ᠰᠤᠷᠭᠠᠭᠤᠯᠢ ᠡᠬᠢᠯᠡᠬᠦ ᠪᠠ ᠬᠢᠴᠢᠶᠡᠯ ᠰᠡᠷᠭᠦᠭᠡᠬᠦ ᠳᠤ ᠨᠠᠷᠢᠨ ᠨᠢᠮᠪᠠᠶ ᠪᠡᠯᠡᠳᠬᠡᠯ ᠬᠢᠵᠦ ᠪᠠᠶᠢᠨ᠎ᠠ᠃ ᠡᠯ᠎ᠡ ᠰᠤᠷᠭᠠᠭᠤᠯᠢ ᠶᠢᠨ ᠲᠠᠯ᠎ᠠ ᠶᠢᠨ ᠬᠠᠷᠢᠭᠤᠴᠠᠯᠭᠠᠲᠠᠨ᠂ ᠡᠯ᠎ᠡ ᠵᠦᠢᠯ ᠤᠨ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠣᠷᠢᠵᠢᠭᠤᠯᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠢ ᠤᠯᠠᠮ ᠨᠢᠭᠡ ᠠᠯᠬᠤᠮ ᠰᠠᠶᠢᠲᠤᠷ ᠬᠢᠵᠦ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠬᠢᠴᠢᠶᠡᠯ ᠡᠬᠢᠯᠡᠬᠦ ᠪᠠ ᠬᠢᠴᠢᠶᠡᠯ ᠰᠡᠷᠭᠦᠭᠡᠬᠦ ᠠᠵᠢᠯ ᠤᠨ ᠠᠮᠤᠷ ᠲᠦᠪᠰᠢᠨ᠂ ᠤᠷᠤᠭᠰᠢᠲᠠᠶ᠂ ᠡᠮᠬᠢ ᠵᠢᠷᠤᠮ ᠲᠠᠢ ᠶᠠᠪᠤᠭᠳᠠᠬᠤ ᠶᠢ ᠪᠥᠬᠦ ᠬᠦᠴᠦᠨ ᠢᠶᠠᠷ ᠪᠠᠲᠤᠯᠠᠨ᠎ᠠ ᠭᠡᠵᠦ ᠢᠯᠡᠳᠬᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号