ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠨ᠎ᠡ
ᠨᠡᠶᠢᠲᠡᠯᠡᠭᠰᠡᠨ ᠴᠠᠭ᠄
2020-03-27
 ᠰᠤᠷᠪᠤᠯᠵᠢᠯᠠᠭᠴᠢ ᠰᠠᠶᠢᠬᠠᠨ ᠲᠣᠭᠤᠷᠢᠭ ᠠᠴᠠ ᠣᠶᠢᠯᠠᠭᠠᠭᠰᠠᠨ ᠢᠶᠠᠷ᠂ ᠠᠵᠤ ᠠᠬᠤᠶᠢᠯᠠᠯ ᠤᠨ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠬᠦ ᠶᠢ ᠪᠥᠬᠦ ᠲᠠᠯ᠎ᠠ ᠪᠠᠷ ᠠᠬᠢᠭᠤᠯᠬᠤ ᠶᠢᠨ ᠲᠥᠯᠥᠭᠡ᠂ ᠰᠠᠶᠢᠬᠠᠨ ᠲᠣᠭᠤᠷᠢᠭ ᠤᠨ ᠨᠠᠮ ᠤᠨ ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ13 ᠬᠤᠯᠪᠤᠭᠳᠠᠯ ᠪᠥᠬᠦᠶ  ᠬᠠᠷᠢᠭᠤᠴᠠᠯᠭᠠᠲᠠᠨ 29 ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠠᠵᠤ ᠠᠬᠤᠶᠢᠯᠠᠯ ᠳᠤ ᠭᠦᠨᠵᠡᠭᠡᠶᠢᠷᠡᠨ ᠳᠠᠭᠠᠭᠠᠴᠢᠯᠠᠨ ᠬᠤᠯᠪᠣᠭᠠᠯᠠᠬᠤ ᠠᠵᠢᠯ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠠᠵᠤ ᠠᠬᠤᠶᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠡᠳ᠋ ᠪᠣᠳᠠᠰ ᠳᠤᠲᠠᠭᠳᠠᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠠᠵᠤ ᠠᠬᠤᠶᠢᠯᠠᠯ ᠢ ᠬᠠᠪᠰᠤᠷᠤᠨ ᠦᠢᠯᠡᠳᠪᠦᠷᠢᠯᠡᠯ ᠤᠨ ᠠᠬᠢᠴᠠ ᠶᠢ ᠵᠠᠪᠳᠤᠨ ᠠᠳᠬᠤᠵᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠠ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠬᠤᠶᠠᠷ ᠲᠠᠯ᠎ᠠ ᠠᠳᠬᠤᠬᠤ᠂ ᠬᠤᠶᠠᠷ ᠲᠠᠯ᠎ᠠ ᠶᠢ ᠰᠠᠭᠠᠲᠠᠭᠠᠬᠤ ᠥᠬᠡᠶ ᠪᠠᠶᠢᠬᠤ ᠶᠢ ᠪᠡᠶᠡᠯᠡᠭᠦᠯᠪᠡ᠃ ᠣᠳᠣᠬᠠᠨ ᠪᠣᠯᠲᠠᠯ᠎ᠠ᠂ ᠰᠠᠶᠢᠬᠠᠨ ᠲᠣᠭᠤᠷᠢᠭ ᠤᠨ ᠬᠡᠪᠴᠢᠶᠡᠵᠢᠯ ᠠᠴᠠ ᠳᠡᠭᠡᠭᠰᠢᠬᠢ 29 ᠠᠵᠤ  ᠦᠢᠯᠡᠳᠪᠦᠷᠢ ᠶᠢᠨ ᠠᠵᠤ ᠠᠬᠤᠶᠢᠯᠠᠯ ᠪᠦᠬᠦᠨ ᠢᠶᠠᠷ ᠢᠶᠠᠨ ᠠᠵᠢᠯ ᠢᠶᠠᠨ ᠡᠬᠢᠯᠡᠭᠦᠯᠵᠦ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠤᠷᠮ᠎ᠠ 100% ᠳᠤ ᠬᠦᠷᠴᠡᠶ᠃ ᠵᠢᠷᠤᠭ ᠪᠣᠯ ᠰᠠᠶᠢᠬᠠᠨ ᠲᠣᠭᠤᠷᠢᠭ ᠤᠨ ᠶᠢᠨ ᠴᠢᠶᠣᠤ ᠨᠡᠭᠡᠭᠡᠨ ᠬᠥᠭᠵᠢᠭᠦᠯᠬᠦ ᠲᠣᠭᠤᠷᠢᠭ ᠲᠤ ᠪᠠᠶᠢᠭ᠎ᠠ ᠦᠪᠦᠷ ᠮᠣᠩᠭᠤᠯ ᠤᠨ ᠵᠢᠩ ᠬᠤᠸᠠᠨ ᠡᠯᠧᠺᠲᠷᠣᠨ ᠮᠠᠲ᠋ᠧᠷᠢᠶᠠᠯ ᠤᠨ ᠬᠢᠵᠠᠭᠠᠷᠲᠤ ᠺᠣᠮᠫᠠᠨᠢ ᠶᠢᠨ ᠠᠵᠢᠯᠴᠢᠨ ᠶᠠᠭ ᠦᠢᠯᠡᠳᠪᠦᠷᠢᠯᠡᠯ ᠤᠨ ᠠᠵᠢᠯ ᠬᠢᠵᠦ ᠪᠠᠶᠢᠭ᠎ᠠ ᠨᠢ᠃   ᠬᠦᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠵᠢᠶᠦ᠋ᠨ ᠰᠡᠭᠦᠳᠡᠷᠯᠡᠪᠡ  
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号