ᠮᠠᠨ ᠤ ᠬᠤᠲᠠ ᠶᠢᠨ ᠡᠯ᠎ᠡ ᠳᠤᠮᠳᠠᠳᠤ ᠰᠤᠷᠭᠠᠭᠤᠯᠢ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠡᠬᠢᠯᠡᠬᠦ ᠪᠡᠯᠡᠳᠬᠡᠯ ᠠᠵᠢᠯ ᠢᠶᠠᠨ ᠱᠠᠯᠠᠪᠳᠠᠨ ᠬᠢᠵᠦ ᠪᠠᠶᠢᠨ᠎ᠠ
ᠨᠡᠶᠢᠲᠡᠯᠡᠭᠰᠡᠨ ᠴᠠᠭ᠄
2020-03-27
      ᠬᠦᠬᠡᠬᠤᠲᠠ ᠶᠢᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠭᠴᠢ ᠮᠢᠶᠣᠣ ᠴᠢᠩ︶ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠤᠨ ᠨᠢᠭᠡᠳᠦᠯᠲᠡᠢ ᠲᠤᠬᠢᠷᠠᠭᠤᠯᠤᠯᠳᠡ ᠶᠣᠰᠣᠭᠠᠷ᠂ ᠪᠦᠬᠦ ᠣᠷᠣᠨ ᠤ ᠥᠨᠳᠥᠷ ᠳᠤᠮᠳᠠᠳᠤ ᠶᠢᠨ ᠭᠤᠷᠪᠠᠳᠤᠭᠠᠷ ᠣᠨ ᠪᠠ ᠠᠩᠬ᠎ᠠ ᠳᠤᠮᠳᠠᠳᠤ ᠶᠢᠨ ᠭᠤᠷᠪᠠᠳᠤᠭᠠᠷ ᠣᠨ ᠤ ᠬᠢᠨ 3 ᠳ᠋ᠤᠭᠠᠷ ᠰᠠᠷ᠎ᠠ ᠶᠢᠨ 30 ᠤ ᠡᠳᠦᠷ ᠰᠤᠷᠭᠠᠭᠤᠯᠢ ᠡᠬᠢᠯᠡᠵᠦ ᠬᠢᠴᠢᠶᠡᠯ ᠢᠶᠠᠨ ᠰᠡᠷᠭᠦᠭᠡᠨ᠎ᠡ︔ ᠠᠩᠬ᠎ᠠ ᠳᠤᠮᠳᠠᠳᠤ ᠥᠨᠳᠥᠷ ᠳᠤᠮᠳᠠᠳᠤ ᠶᠢᠨ ᠪᠤᠰᠤᠳ ᠣᠨ᠂ ᠳᠤᠮᠳᠠ ᠵᠡᠷᠭᠡ ᠶᠢᠨ ᠠᠵᠢᠯ ᠮᠡᠷᠭᠡᠵᠢᠯ ᠤᠨ ᠰᠤᠷᠭᠠᠭᠤᠯᠢ ᠪᠣᠯᠤᠨ  ᠪᠠᠭ᠎ᠠ ᠰᠤᠷᠭᠠᠭᠤᠯᠢ᠂ ᠬᠡᠤᠬᠡᠳ ᠤᠨ ᠴᠡᠴᠡᠷᠯᠢᠭ᠂ ᠤᠨᠴᠠᠭᠠᠢ ᠰᠤᠷᠭᠠᠨ ᠬᠥᠮᠦᠵᠢᠯ ᠤᠨ ᠰᠤᠷᠭᠠᠭᠤᠯᠢ ᠶᠡᠷᠦᠩᠬᠡᠶᠢᠯᠡᠭᠰᠡᠨ ᠦᠨᠡᠯᠡᠨ ᠵᠢᠱᠢᠯᠲᠡ ᠶᠢ ᠦᠨᠳᠦᠰᠦᠯᠡᠨ ᠪᠠᠶᠢᠳᠠᠯ ᠢ ᠰᠤᠳᠤᠯᠤᠨ ᠮᠠᠭᠠᠳᠯᠠᠵᠤ  ᠂ ᠠᠭᠠᠵᠢᠮ ᠢᠶᠠᠷ ᠴᠠᠭ ᠵᠦᠷᠢᠭᠦᠯᠦᠨ ᠰᠤᠷᠭᠠᠭᠤᠯᠢ ᠢᠶᠠᠨ ᠡᠬᠢᠯᠡᠵᠦ ᠬᠢᠴᠢᠶᠡᠯ ᠰᠡᠷᠭᠦᠭᠡᠬᠦ ᠬᠡᠷᠡᠭᠲᠡᠶ᠃ ᠰᠤᠷᠭᠠᠭᠤᠯᠢ ᠡᠬᠢᠯᠡᠬᠦ ᠲᠠᠰᠢᠷᠠᠮ ᠢᠶᠠᠷ᠂ 3 ᠳ᠋ᠤᠭᠠᠷ ᠰᠠᠷ᠎ᠠ ᠶᠢᠨ 26 ᠤ ᠡᠳᠦᠷ ᠰᠤᠷᠪᠤᠯᠵᠢᠯᠠᠭᠴᠢ ᠬᠤᠲᠠ ᠶᠢᠨ ᠰᠤᠷᠭᠠᠨ  ᠬᠦᠮᠦᠵᠢᠯ ᠤᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠣᠳᠣᠬᠠᠨ ᠳᠤ ᠮᠠᠨ ᠤ ᠬᠤᠲᠠ ᠶᠢᠨ ᠡᠯ᠎ᠡ ᠳᠤᠮᠳᠠᠳᠤ  ᠰᠤᠷᠭᠠᠭᠤᠯᠢ ᠶᠠᠭ ᠬᠠᠪᠤᠷ ᠤᠨ ᠤᠯᠠᠷᠢᠯ ᠤᠨ ᠰᠤᠷᠤᠯᠭ᠎ᠠ ᠶᠢᠨ ᠬᠤᠭᠤᠴᠠᠭᠠᠨ ᠤ ᠬᠢᠴᠢᠶᠡᠯ ᠡᠬᠢᠯᠡᠬᠦ ᠪᠡᠯᠡᠳᠬᠡᠯ ᠠᠵᠢᠯ ᠢᠶᠠᠨ ᠱᠠᠯᠠᠪᠳᠠᠨ ᠬᠢᠵᠦ ᠪᠠᠶᠢᠨ᠎ᠠ᠃      ᠣᠶᠢᠯᠠᠭᠠᠭᠰᠠᠨ ᠢᠶᠠᠷ᠂ ᠮᠠᠨ ᠤ ᠬᠤᠲᠠ ᠶᠢᠨ ᠡᠯ᠎ᠡ ᠬᠠᠮᠢᠶ᠎ᠠ ᠪᠥᠬᠦᠶ ᠰᠤᠷᠭᠠᠭᠤᠯᠢ ᠨᠢᠭᠡᠨᠲᠡ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠢ ᠪᠥᠬᠦ ᠲᠠᠯ᠎ᠠ ᠪᠠᠷ ᠠᠷᠢᠭᠤᠳᠬᠠᠵᠤ᠂ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠪᠠᠭᠠᠵᠢ ᠤᠭᠰᠠᠷᠠᠵᠤ᠂ ᠰᠤᠷᠭᠠᠭᠤᠯᠢ ᠶᠢᠨ ᠡᠮᠴᠢ ᠶᠢᠨ ᠬᠢᠵᠢᠭ ᠰᠡᠷᠭᠡᠶᠢᠯᠡᠬᠦ ᠮᠡᠳᠡᠯᠭᠡ ᠶᠢᠨ ᠪᠣᠯᠪᠠᠰᠤᠷᠠᠭᠤᠯᠤᠯ ᠢ ᠴᠢᠩᠭᠠᠳᠬᠠᠭᠰᠠᠨ ᠪᠥᠭᠡᠳ ᠵᠣᠬᠢᠬᠤ ᠬᠡᠮᠵᠢᠶᠡᠨ ᠤ ᠰᠡᠷᠭᠡᠶᠢᠯᠡᠨ ᠡᠵᠡᠮᠳᠡᠬᠦ ᠡᠳ᠋ ᠪᠣᠳᠠᠰ ᠨᠥᠭᠡᠴᠡᠯᠡᠵᠦ᠂ ᠰᠤᠷᠭᠠᠭᠤᠯᠢ ᠡᠬᠢᠯᠡᠭᠰᠡᠨ ᠤ ᠳᠠᠷᠠᠭᠠᠬᠢ ᠡᠯ᠎ᠡ ᠵᠦᠢᠯ ᠤᠨ ᠠᠵᠢᠯ ᠤᠨ ᠡᠮᠬᠢ ᠵᠢᠷᠤᠮ ᠲᠠᠢ ᠥᠷᠨᠢᠬᠦ ᠶᠢ ᠦᠨᠡᠨ ᠬᠦ ᠪᠠᠲᠤᠯᠠᠭᠰᠠᠨ ᠪᠠᠶᠢᠨ᠎ᠠ᠃ ᠡᠯ᠎ᠡ ᠰᠤᠷᠭᠠᠭᠤᠯᠢ ᠳᠡᠭᠡᠳᠦ ᠱᠠᠲᠤᠨ ᠤ ᠱᠠᠭᠠᠷᠳᠠᠯᠭ᠎ᠠ ᠶᠢ ᠴᠢᠩᠭ᠎ᠠ ᠵᠢᠷᠤᠮᠯᠠᠨ ︽ᠲᠠᠪᠤᠨ ᠲᠦᠰᠦᠯ︾ ︽ᠠᠷᠪᠠᠨ ᠳᠦᠷᠢᠮ︾ ᠢ ᠪᠠᠶᠢᠭᠤᠯᠵᠤ᠂ ᠰᠣᠷᠣᠭᠴᠢ᠂ ᠪᠠᠭᠰᠢ ︽ᠨᠢᠭᠡ ᠬᠥᠮᠦᠨ ᠨᠢᠭᠡ ᠲᠠᠩᠰᠠ ᠡᠪᠬᠡᠮᠡᠯ︾ ᠲᠠᠢ ᠪᠠᠶᠢᠬᠤ ᠶᠢ  ᠪᠡᠶᠡᠯᠡᠬᠦᠯᠵᠦ᠂ ᠪᠠᠭᠰᠢ ᠠᠵᠢᠯᠲᠠᠨ᠂ ᠰᠣᠷᠣᠭᠴᠢ ᠶᠢᠨ ᠠᠮᠠᠷᠠᠯᠲᠠ ᠶᠢᠨ ᠬᠤᠭᠤᠴᠠᠭᠠᠨ ᠳᠤ ᠶᠠᠪᠤᠵᠤ ᠰᠠᠭᠤᠭᠰᠠᠨ ᠵᠠᠮ ᠮᠦᠷ ᠪᠠ ᠡᠷᠡᠭᠦᠯ ᠮᠡᠨᠳᠦ ᠶᠢᠨ ᠪᠠᠶᠢᠳᠠᠯ ᠢ ᠣᠨᠣᠪᠴᠢᠲᠠᠶ ᠲᠣᠳᠣᠷᠬᠠᠶ ᠣᠶᠢᠯᠠᠭᠠᠵᠤ᠂ ᠪᠦᠬᠦᠨ ᠢ ᠬᠠᠮᠤᠷᠴᠤ᠂ ᠣᠷᠬᠢᠭᠳᠠᠭᠤᠯᠬᠤ ᠥᠬᠡᠶ ᠪᠠᠶᠢᠬᠤ ᠶᠢ ᠪᠡᠶᠡᠯᠡᠭᠦᠯᠪᠡ᠃ ᠬᠢᠴᠢᠶᠡᠯ ᠰᠡᠷᠭᠦᠭᠰᠡᠨ ᠤ ᠳᠠᠷᠠᠭ᠎ᠠ ᠡᠯ᠎ᠡ ᠰᠤᠷᠭᠠᠭᠤᠯᠢ ᠦᠨᠡᠨ ᠬᠦ ᠬᠡᠷᠡᠭᠵᠢᠭᠦᠯᠵᠦ ᠪᠣᠯᠬᠤᠶᠢᠴᠠ ᠵᠢᠭᠠᠨ ᠰᠤᠷᠭᠠᠯᠲᠠ ᠶᠢᠨ ᠠᠷᠭ᠎ᠠ ᠬᠡᠯᠪᠡᠷᠢ ᠪᠠᠷ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠪᠠᠲᠤᠯᠠᠵᠤ᠂ ᠬᠤᠭᠤᠯᠠᠨ ᠬᠡᠷ ᠲᠠᠢ ᠰᠤᠷᠭᠠᠭᠤᠯᠢ ᠴᠠᠭ ᠠᠯᠤᠰᠯᠠᠵᠤ  ᠬᠤᠭᠤᠯᠠᠯᠠᠬᠤ᠂ ᠨᠢᠭᠡ ᠬᠥᠮᠦᠨ ᠨᠢᠭᠡ ᠰᠢᠷᠡᠭᠡᠨ ᠲᠡᠭᠡᠷ᠎ᠡ ᠬᠤᠭᠤᠯᠠᠯᠠᠬᠤ ᠠᠷᠭ᠎ᠠ ᠶᠢ ᠬᠡᠷᠡᠭᠯᠡᠵᠦ᠂ ᠰᠣᠯᠪᠢᠴᠠᠨ ᠬᠠᠯᠳᠠᠪᠤᠷᠢᠯᠠᠬᠤ ᠠᠴᠠ ᠵᠠᠶᠢᠯᠠᠰᠬᠢᠬᠤ ᠪᠤᠯᠤᠨ᠎ᠠ  ᠃     ᠰᠤᠷᠭᠠᠭᠤᠯᠢ ᠡᠬᠢᠯᠡᠬᠦ ᠠᠴᠠ ᠡᠮᠦᠨᠡᠬᠡᠨ ᠮᠠᠨ ᠤ ᠬᠤᠲᠠ ᠶᠢᠨ ᠬᠤᠯᠪᠤᠭᠳᠠᠯ ᠪᠥᠬᠦᠶ ᠰᠠᠯᠠᠭ᠎ᠠ ᠮᠥᠴᠢᠷ ᠪᠠᠶᠢᠴᠠᠭᠠᠨ ᠰᠤᠳᠤᠯᠬᠤ ᠳᠤᠭᠤᠶᠢᠯᠠᠩ ᠪᠠᠶᠢᠭᠤᠯᠵᠤ᠂ ᠡᠯ᠎ᠡ ᠰᠤᠷᠭᠠᠭᠤᠯᠢ ᠶᠢᠨ ᠪᠡᠯᠡᠳᠬᠡᠯ ᠠᠵᠢᠯ ᠢ ᠰᠢᠮᠳᠠᠭᠤᠯᠤᠨ ᠪᠠᠶᠢᠴᠠᠭᠠᠬᠤ ᠶᠢᠨ ᠬᠠᠮᠲᠤ᠂ ᠡᠯ᠎ᠡ ᠰᠤᠷᠭᠠᠭᠤᠯᠢ ᠨᠢ ᠰᠡᠷᠭᠡᠶᠢᠯᠡᠨ ᠡᠵᠡᠮᠳᠡᠬᠦ ᠠᠵᠢᠯ ᠢ ᠡᠬᠢ ᠡᠭᠦᠰᠦᠯ ᠠᠴᠠ ᠨᠢ  ᠰᠠᠶᠢᠲᠤᠷ ᠬᠢᠵᠦ᠂ ᠪᠠᠭᠰᠢ ᠰᠣᠷᠣᠭᠴᠢ ᠠᠵᠢᠯᠲᠠᠨ ᠠᠵᠢᠯᠴᠢᠨ ᠤ ᠡᠷᠡᠭᠦᠯ ᠮᠡᠨᠳᠦ ᠶᠢᠨ ᠪᠠᠶᠢᠳᠠᠯ ᠪᠠ ᠠᠵᠢᠯᠯᠠᠭᠠᠨ ᠤ ᠵᠠᠮ ᠮᠥᠷ ᠵᠡᠷᠭᠡ ᠪᠠᠶᠢᠳᠠᠯ ᠢ ᠪᠥᠬᠦ ᠲᠠᠯ᠎ᠠ ᠪᠠᠷ ᠡᠵᠡᠮᠰᠢᠵᠦ᠂ ᠪᠡᠶ᠎ᠡ ᠶᠢᠨ ᠳᠤᠯᠠᠭᠠᠨ ᠬᠡᠪ ᠤᠨ ᠪᠤᠰᠤ ᠪᠣᠯᠤᠭᠰᠠᠨ ᠪᠠᠭᠰᠢ ᠰᠤᠷᠤᠭᠴᠢ ᠶᠢ ᠵᠠᠪᠠᠯ ᠳᠠᠷᠦ᠋ᠢᠬᠠᠨ ᠲᠤᠰᠠᠭᠠᠷᠯᠠᠬᠤ ᠶᠢᠨ ᠬᠠᠮᠲᠤ ᠱᠠᠭᠠᠷᠳᠠᠯᠭ᠎ᠠ ᠶᠣᠰᠣᠭᠠᠷ ᠴᠠᠭ ᠲᠤᠬᠠᠶ ᠳᠤᠨᠢ ᠳᠡᠭᠡᠭᠰᠢ ᠮᠡᠳᠡᠭᠦᠯᠵᠦ᠂ ᠪᠥᠬᠦ ᠬᠤᠲᠠ ᠶᠢᠨ ᠠᠩᠬ᠎ᠠ ᠳᠤᠮᠳᠠᠳᠤ ᠶᠢᠨ ᠭᠤᠷᠪᠠᠳᠤᠭᠠᠷ ᠣᠨ᠂ ᠥᠨᠳᠥᠷ ᠳᠤᠮᠳᠠᠳᠤ ᠶᠢᠨ ᠭᠤᠷᠪᠠᠳᠤᠭᠠᠷ ᠣᠨ ᠤ ᠠᠮᠤᠷ ᠲᠦᠪᠰᠢᠨ ᠢᠶᠠᠷ ᠬᠢᠴᠢᠶᠡᠯ ᠰᠡᠷᠭᠦᠭᠡᠬᠦ ᠶᠢ ᠪᠠᠲᠤᠯᠠᠬᠤ ᠬᠡᠷᠡᠭᠲᠡᠶ᠃ ᠡᠭᠦᠨ ᠤ ᠬᠠᠮᠲᠤ ᠰᠤᠷᠤᠭᠴᠢᠳ ᠤᠨ ᠰᠤᠷᠭᠠᠭᠤᠯᠢ ᠳᠠᠭᠠᠨ ᠪᠤᠴᠠᠵᠤ ᠰᠤᠷᠭᠠᠭᠤᠯᠢ ᠡᠬᠢᠯᠡᠬᠦ ᠵᠠᠮ ᠬᠠᠷᠢᠯᠴᠠᠭᠠᠨ ᠤ ᠪᠠᠳᠤᠯᠠᠭ᠎ᠠ ᠶᠢ ᠪᠣᠳᠠᠲᠠᠶ ᠬᠢᠵᠦ᠂ ᠰᠡᠷᠭᠡᠶᠢᠯᠡᠨ ᠬᠠᠮᠠᠭᠠᠯᠠᠬᠤ ᠡᠳ᠋ ᠪᠣᠳᠠᠰ ᠢ ᠢᠳᠡᠪᠬᠢᠲᠡᠶ ᠨᠥᠭᠡᠴᠡᠯᠡᠨ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠤ ᠠᠷᠢᠭᠤᠨ ᠴᠡᠪᠡᠷ ᠢ ᠴᠡᠭᠴᠡᠯᠡᠨ ᠵᠠᠰᠠᠬᠤ ᠪᠠ ᠠᠷᠢᠭᠤᠳᠬᠠᠬᠤ ᠠᠵᠢᠯ ᠢ ᠥᠷᠨᠢᠭᠦᠯᠬᠦ ᠶᠢ ᠪᠠᠷᠢᠮᠲᠠᠯᠠᠵᠤ᠂ ᠪᠠᠰᠠ ᠬᠠᠷᠠᠬᠠᠨ ᠰᠤᠷᠭᠠᠭᠤᠯᠢ ᠡᠬᠢᠯᠡᠭᠡᠳᠦᠶ ᠣᠨ ᠤ ᠰᠤᠷᠤᠭᠴᠢᠳ ᠤᠨ ᠰᠦᠯᠵᠢᠶᠡᠨ ᠳᠡᠭᠡᠷᠡᠬᠢ ᠵᠢᠭᠠᠨ ᠰᠤᠷᠭᠠᠯᠳᠠ ᠶᠢᠨ ᠠᠵᠢᠯ ᠢ ᠦᠷᠭᠦᠯᠵᠢᠯᠡᠨ ᠰᠠᠶᠢᠲᠤᠷ ᠬᠢᠬᠦ ᠬᠡᠷᠡᠭᠲᠡᠶ ᠭᠡᠵᠦ ᠱᠠᠭᠠᠷᠳᠠᠪᠠ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号