ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ ᠪᠠᠶᠢᠭᠤᠯᠭ᠎ᠠ 12 ᠵᠦᠢᠯ ᠤᠨ ᠠᠷᠭ᠎ᠠ ᠬᠡᠮᠵᠢᠶ᠎ᠡ ᠠᠪᠴᠣ ᠠᠵᠤ ᠠᠬᠤᠢᠢᠯᠠᠯ ᠤᠨ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠶᠢ ᠪᠠᠳᠤᠯᠠᠵᠤ ᠪᠤᠢ
ᠨᠡᠶᠢᠲᠡᠯᠡᠭᠰᠡᠨ ᠴᠠᠭ᠄
2020-03-27
 ᠦᠪᠦᠷ ᠮᠤᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠰᠢᠨᠡᠪᠢᠯᠢᠭ︶ᠰᠤᠷᠪᠤᠯᠵᠢᠯᠠᠬᠴᠢ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ  ᠲᠣᠪᠴᠢᠶᠠᠨ ᠠᠴᠠ ᠣᠶᠢᠯᠠᠭᠠᠭᠰᠠᠨ ᠢᠶᠠᠷ᠂ ᠬᠦᠬᠡᠬᠤᠳᠠ ᠶᠢᠨ ᠨᠠᠮ  ᠤᠨ ᠬᠤᠷᠢᠶ᠎ᠠ᠂ ᠵᠠᠰᠠᠭ ᠤᠨ ᠤᠷᠳᠤᠨ ᠪᠠ ᠦᠪᠡᠷᠳᠡᠬᠡᠨ ᠵᠠᠰᠠᠬᠤ ᠤᠷᠤᠨ  ᠤ ᠲᠤᠳᠤᠭᠠᠳᠤ ᠶᠢ ᠬᠠᠮᠠᠭᠠᠯᠠᠬᠤ ᠲᠢᠩᠬᠢᠮ ᠤᠨ ᠠᠵᠤ ᠠᠬᠤᠢᠢᠯᠠᠯ  ᠤᠨ ᠠᠵᠢᠯ ᠢᠶᠠᠨ ᠰᠡᠷᠬᠦᠬᠡᠵᠦ ᠦᠢᠯᠡᠳᠪᠦᠷᠢᠯᠡᠯ   ᠵᠶ᠋ᠡᠨ‌‍ᠰᠡᠷᠬᠦᠬᠡᠬᠦ ᠲᠤᠬᠠᠢ  ᠬᠠᠮᠢᠶ᠎ᠠ ᠪᠦᠬᠦᠢ ᠪᠠᠶᠢᠷᠢᠯᠠᠭᠤᠯᠤᠯᠳᠠ  ᠱᠠᠭᠠᠷᠳᠠᠯᠭ᠎ᠠ ᠶᠢᠴᠢᠨᠠᠭᠰᠢᠳᠠ ᠲᠤᠭᠤᠰᠢᠯᠠᠭᠤᠯᠣᠨ ᠨᠠᠶᠢᠳᠠᠪᠤᠷᠢᠵᠢᠭᠤᠯᠬᠤ ᠶᠢᠨ ᠲᠤᠯᠠᠳᠠ᠂ ᠬᠦᠬᠡᠬᠤᠳᠠ ᠶᠢᠨ ᠲᠤᠳᠤᠭᠠᠳᠤ ᠶᠢ ᠬᠠᠮᠠᠭᠠᠯᠠᠬᠤ  ᠲᠣᠪᠴᠢᠶ᠎ᠠ  ᠠᠵᠢᠯ ᠤᠨ ᠪᠤᠳᠠᠳᠠᠢ ᠪᠠᠶᠢᠳᠠᠯ ᠲᠠᠢ ᠪᠠᠨ ᠨᠢᠬᠳᠠ ᠤᠶᠠᠯᠳᠤᠭᠤᠯᠤᠨ᠂ ᠠᠵᠤ  ᠠᠬᠤᠶᠢᠯᠠᠯ ᠤᠨ ᠠᠵᠢᠯ  ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠳᠤ ᠦᠢᠯᠡᠴᠢᠯᠡᠨ ᠪᠠᠳᠤᠯᠠᠬᠤ 12 ᠵᠦᠢᠯ ᠤᠨ  ᠠᠷᠭ᠎ᠠ ᠬᠡᠮᠵᠢᠶ᠎ᠡ ᠲᠣᠭᠲᠠᠭᠠᠨ ᠬᠡᠷᠡᠭᠵᠢᠬᠦᠯᠵᠦ ᠪᠠᠶᠢᠨ᠎ᠠ᠃    ᠨᠢᠬᠡ᠂ ᠵᠠᠮ ᠬᠠᠷᠢᠯᠴᠠᠭᠠᠨ ᠤ ᠬᠢᠵᠢᠭ ᠤᠨ  ᠪᠠᠶᠢᠳᠠᠯ  ᠢ ᠪᠠᠶᠢᠴᠠᠭᠠᠬᠤ‌ᠦᠷᠳᠡᠭᠡ ᠴᠡᠭ  ᠢ  ᠪᠦᠬᠦᠲᠠᠯ᠎ᠠ ᠪᠠᠷ ᠦᠬᠡᠢ  ᠪᠣᠯᠭᠠᠨ᠎ᠠ᠃ ᠬᠤᠶᠠᠷ᠂ ᠠᠵᠤ  ᠠᠬᠤᠶᠢᠯᠠᠯ ᠠᠵᠢᠯ  ᠢᠶᠠᠨ ᠰᠡᠷᠬᠦᠬᠡᠵᠦ ᠦᠢᠯᠡᠳᠪᠦᠷᠢᠯᠡᠯ ᠢᠶᠠᠨ ᠰᠡᠷᠬᠦᠬᠡᠬᠦ ᠳᠤ ᠰᠠᠶᠢᠨ ᠰᠠᠶᠢᠬᠠᠨ ᠵᠠᠮ ᠬᠠᠷᠢᠯᠴᠠᠭᠠᠨ ᠤ  ᠬᠠᠮᠢᠶᠠᠷᠤᠯᠳᠠ ᠶᠢᠨ ᠦᠢᠯᠡᠴᠢᠯᠡᠭᠡᠬᠠᠩᠭᠠᠨ᠎ᠠ᠃ ᠭᠤᠷᠪᠠ᠂ ᠠᠵᠢᠯ ᠤᠨ ᠪᠠᠶᠢᠷᠢ ᠳᠠᠭᠠᠨ ᠪᠤᠴᠠᠵᠤ ᠠᠵᠢᠯ  ᠢᠶᠠᠨ ᠰᠡᠷᠭᠦᠭᠡᠭᠰᠡᠳ ᠢ ᠲᠦᠷᠬᠡᠨ ᠬᠠᠷᠭᠤᠭᠤᠯᠣᠨ ᠪᠠᠶᠢᠴᠠᠭᠠᠬᠤ ᠵᠠᠮ ᠭᠠᠷᠭᠠᠨ᠎ᠠ᠃ ᠲᠦᠷᠪᠡ᠂  ᠠᠵᠢᠯ ᠤᠨ ᠪᠠᠶᠢᠷᠢ ᠳᠠᠭᠠᠨ ᠪᠤᠴᠠᠵᠤ ᠠᠵᠢᠯ  ᠢᠶᠠᠨ ᠰᠡᠷᠬᠦᠭᠡᠭᠰᠡᠳ  ᠢ ᠬᠦᠳᠡᠯᠦᠩᠬᠦᠢ ᠪᠠᠷ ᠵᠢᠬᠰᠠᠭᠠᠨ ᠪᠠᠶᠢᠴᠠᠭᠠᠵᠤ ᠰᠤᠷᠪᠤᠯᠵᠢᠯᠠᠨ ᠠᠰᠠᠭᠤᠬᠤ ᠠᠵᠢᠯ ᠢ  ᠴᠢᠩᠭᠠᠷᠠᠭᠤᠯᠤᠨ᠎ᠠ᠃ ᠲᠠᠪᠤ᠂  ᠠᠵᠢᠯ ᠤᠨ ᠪᠠᠶᠢᠷᠢ ᠳᠠᠭᠠᠨ ᠪᠤᠴᠠᠵᠤ ᠠᠵᠢᠯ  ᠢᠶᠠᠨ ᠰᠡᠷᠭᠦᠭᠡᠭᠰᠡᠳ ᠤᠨ  ᠬᠡᠷ ᠪᠠᠶᠢᠰᠢᠩ ᠲᠦᠷᠢᠶᠡᠰᠦᠯᠡᠬᠦ ᠲᠦᠳᠡ ᠵᠠᠮ  ᠭᠠᠷᠭᠠᠨ᠎ᠠ  ᠃ ᠵᠢᠷᠭᠤᠭ᠎ᠠ᠂ ᠰᠦᠯᠵᠢᠶᠡᠨ ᠲᠡᠭᠡᠷᠡᠬᠢᠠᠵᠢᠯ ᠰᠢᠢᠳᠪᠦᠷᠢᠯᠡᠬᠦ ᠡᠷᠴᠢᠮ ᠢᠶᠠᠨ  ᠴᠢᠩᠭᠠᠷᠠᠭᠤᠯᠤᠨ᠎ᠠ᠃ ᠳᠤᠯᠤᠭ᠎ᠠ᠂ ᠪᠠᠴᠢᠮ ᠶᠠᠪᠤᠳᠠᠯ ᠢ ᠲᠦᠷᠬᠡᠨ ᠰᠢᠢᠳᠪᠦᠷᠢᠯᠡᠵᠦ ᠤᠨᠴᠠᠭᠠᠢ ᠶᠠᠪᠤᠳᠠᠯ ᠢ ᠤᠨᠴᠠᠭᠠᠢ ᠰᠢᠢᠳᠪᠦᠷᠢᠯᠡᠬᠦ ᠲᠦᠷᠢᠮ  ᠪᠠᠶᠢᠭᠤᠯᠤᠨ᠎ᠠ᠃ ᠨᠠᠢᠮᠠ᠂ ᠠᠵᠢᠯ  ᠲᠦᠷᠦᠯ ᠤᠨ ᠬᠠᠮᠢᠶᠠᠷᠤᠯᠳᠠ ᠶᠢᠨ ᠦᠢᠯᠡᠴᠢᠯᠡᠭᠡ ᠶᠢᠨ  ᠠᠷᠭ᠎ᠠ ᠬᠡᠮᠵᠢᠶ᠎ᠡ ᠶᠢ  ᠰᠢᠯᠢᠳᠡᠭᠵᠢᠬᠦᠯᠦᠨ᠎ᠡ᠃ᠶᠢᠰᠦ᠂ ᠠᠵᠤ ᠠᠬᠤᠢᠢᠯᠠᠯ ᠲᠠᠢ ᠬᠤᠯᠪᠤᠬᠳᠠᠬᠰᠠᠨ  ᠬᠡᠷᠡᠭ ᠤᠨ ᠪᠠᠶᠢᠳᠠᠯ ᠤᠨ ᠵᠢᠭᠤᠷᠠᠭᠠᠨ ᠢ ᠰᠠᠶᠢᠳᠤᠷ  ᠰᠢᠢᠳᠪᠦᠷᠢᠯᠡᠨ᠎ᠡ  ᠃ ᠠᠷᠪᠠ᠂ ᠵᠦᠷᠢᠴᠡᠯ  ᠵᠢᠭᠤᠷᠠᠭᠠᠨ ᠢ ᠵᠢᠬᠰᠠᠭᠠᠨ ᠪᠠᠶᠢᠴᠠᠭᠠᠵᠤ ᠰᠢᠢᠳᠪᠦᠷᠢᠯᠡᠬᠦᠠᠵᠢᠯ  ᠢ ᠬᠦᠨᠵᠡᠬᠡᠢ  ᠥᠷᠨᠢᠭᠦᠯᠦᠨ᠎ᠡ᠃ ᠠᠷᠪᠠᠨ ᠨᠢᠬᠡ᠂ ᠬᠢᠵᠢᠭ ᠲᠠᠢ ᠬᠤᠯᠪᠤᠬᠳᠠᠬᠰᠠᠨ ᠠᠵᠤ ᠠᠬᠤᠢᠢᠯᠠᠯ ᠲᠠᠢ ᠬᠤᠯᠪᠤᠬᠳᠠᠬᠰᠠᠨ ᠬᠠᠤᠯᠢ ᠠᠴᠠ ᠵᠦᠷᠢᠴᠡᠭᠰᠡᠨ ᠶᠠᠯᠠᠳᠤ  ᠠᠵᠢᠯᠯᠠᠭ᠎ᠠ ᠳᠤ  ᠴᠢᠩᠭ᠎ᠠ ᠴᠣᠬᠢᠯᠲᠠ ᠦᠭᠭᠦᠨ᠎ᠡ  ᠃ ᠠᠷᠪᠠᠨ ᠬᠤᠶᠠᠷ᠂ ᠨᠢᠬᠡ ᠠᠵᠤ ᠠᠬᠤᠢᠢᠯᠠᠯ ᠳᠤ ᠨᠢᠬᠡ‌‍ᠲ᠋ᠦ᠋ᠷᠦ  ᠶᠢᠨ ᠪᠤᠳᠤᠯᠭ᠎ᠠ ᠠᠪᠬᠤ ᠬᠡᠯᠪᠡᠷᠢ   ᠪᠠᠷ  ᠰᠡᠷᠭᠡᠶᠢᠯᠡᠨ ᠡᠵᠡᠮᠳᠡᠨ᠎ᠡ  ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号