2020 ᠣᠨ ᠤ ᠴᠢᠩ ᠱᠦᠢ ᠾᠧ ᠰᠢᠶᠠᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2020-03-30
      3 ᠳ᠋ᠤᠭᠠᠷ ᠰᠠᠷ᠎ᠠ ᠶᠢᠨ 23 ᠤ ᠡᠳᠦᠷ᠂ ᠰᠢᠶᠠᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠠᠵᠢᠯ ᠤᠨ ᠬᠤᠷᠠᠯ ᠰᠢᠶᠠᠨ ᠤ ᠴᠠᠬᠢᠯᠭᠠᠨ ᠬᠦᠴᠦᠨ ᠤ ᠺᠣᠮᠫᠠᠨᠢ ᠶᠢᠨ ᠬᠤᠷᠠᠯ ᠤᠨ ᠭᠡᠷ ᠲᠤ ᠬᠤᠷᠠᠯᠳᠤᠪᠠ᠃ ᠬᠤᠷᠠᠯ ᠠᠴᠠ ᠶᠡᠷᠦᠩᠬᠡᠶ ᠱᠦᠵᠢ ᠰᠢ ᠶᠢᠨ ᠫᠢᠩ ᠤᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠲᠦᠷᠢᠮ ᠢ ᠤᠯᠠᠮ ᠨᠢᠭᠡ ᠠᠯᠬᠤᠮ ᠴᠢᠩᠭᠠᠳᠬᠠᠨ ᠲᠡᠭᠦᠯᠳᠡᠷᠵᠢᠭᠦᠯᠬᠦ ᠲᠤᠬᠠᠶ ᠴᠢᠬᠤᠯᠠ ᠦᠵᠡᠯ ᠰᠠᠨᠠᠭ᠎ᠠ  ᠶᠢ ᠤᠯᠠᠮᠵᠢᠯᠠᠨ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ᠂ ᠬᠤᠲᠠ ᠶᠢᠨ ᠨᠠᠮ ᠤᠨ ᠬᠤᠷᠢᠶ᠎ᠠ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠠᠮ ᠤᠨ ᠤᠳᠤᠷᠢᠳᠤᠯᠭ᠎ᠠ ᠶᠢ ᠤᠯᠠᠮ ᠨᠢᠭᠡ ᠠᠯᠬᠤᠮ ᠴᠢᠩᠭᠠᠳᠬᠠᠵᠤ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠲᠤᠬᠠᠶ ᠳᠤᠮᠳᠠᠳᠤ ᠤᠯᠤᠰ ᠤᠨ ᠡᠪ ᠬᠠᠮᠲᠤ ᠨᠠᠮ ᠤᠨ ᠴᠢᠩ ᠱᠦᠶ ᠾᠧ ᠰᠢᠶᠠᠨ ᠤ ᠬᠤᠷᠢᠶ᠎ᠠ ᠶᠢᠨ ᠬᠡᠷᠡᠭᠵᠢᠭᠦᠯᠬᠦ ᠰᠠᠨᠠᠯ︾ ᠤᠨ ᠵᠣᠷᠢᠭ ᠰᠠᠨᠠᠭ᠎ᠠ ᠶᠢ ᠤᠯᠠᠮᠵᠢᠯᠠᠪᠠ᠃      ᠶᠦᠨ ᠯᠢᠨ ᠴᠢᠶᠦ᠋ᠩ᠂ ᠺᠠᠩ ᠶᠦᠩ ᠴᠢᠶᠠᠩ᠂ ᠶᠦᠨ ᠶᠤᠸᠠᠢ ᠺᠦᠶ᠂ ᠯᠢ ᠯᠠᠨ ᠹᠧᠩ ᠵᠡᠷᠭᠡ ᠰᠢᠶᠠᠨ ᠤ ᠳᠥᠷᠪᠡᠨ ᠶᠡᠭᠡ ᠤᠳᠤᠷᠢᠳᠬᠤ ᠪᠠᠭ ᠤᠨ ᠭᠤᠤᠯ ᠤᠳᠤᠷᠢᠳᠤᠯᠭ᠎ᠠ ᠬᠤᠷᠠᠯ ᠳᠤ ᠣᠷᠣᠯᠴᠠᠵᠠᠶ᠃      ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠺᠠᠩ ᠶᠦᠩ ᠴᠢᠶᠠᠩ ᠬᠤᠷᠠᠯ ᠢ ᠡᠷᠬᠢᠯᠡᠪᠡ᠃      ᠰᠢᠶᠠᠨ ᠤ ᠨᠠᠮ ᠤᠨ ᠬᠤᠷᠢᠶ᠎ᠠ ᠶᠢᠨ ᠱᠦᠵᠢ ᠶᠦᠨ ᠯᠢᠨ ᠴᠢᠶᠦ᠋ᠩ ᠬᠤᠷᠠᠯ ᠳᠡᠭᠡᠷ᠎ᠡ ᠶᠠᠷᠢᠶ᠎ᠠ ᠲᠠᠯᠪᠢᠬᠤ  ᠳᠠᠭᠠᠨ ᠵᠢᠭᠠᠵᠤ ᠭᠠᠷᠭᠠᠭᠰᠠᠨ ᠨᠢ᠂ ᠤᠯᠠᠨ ᠵᠢᠯ ᠤᠨ ᠲᠤᠷᠰᠢ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠬᠠᠮᠰᠠᠷ ᠠᠴᠠ ᠪᠠᠨ ᠨᠠᠮ ᠤᠨ ᠤᠳᠤᠷᠢᠳᠤᠯᠭ᠎ᠠ᠂ ᠠᠷᠠᠳ ᠲᠦᠮᠡᠨ ᠡᠵᠡᠨ ᠰᠠᠭᠤᠵᠤ ᠡᠷᠬᠡ ᠮᠡᠳᠡᠬᠦ᠂ ᠬᠠᠤᠯᠢ ᠶᠣᠰᠣᠭᠠᠷ ᠤᠯᠤᠰ ᠢᠶᠠᠨ ᠵᠠᠰᠠᠬᠤ ᠶᠢ ᠣᠷᠭᠠᠨᠢᠭ ᠢᠶᠠᠷ ᠨᠢᠭᠡᠳᠦᠭᠦᠯᠬᠦ ᠶᠢ ᠪᠠᠷᠢᠮᠲᠠᠯᠠᠵᠤ᠂ ᠰᠢᠶᠠᠨ ᠤ ᠨᠠᠮ ᠤᠨ ᠬᠤᠷᠢᠶ᠎ᠠ ᠶᠢᠨ ᠡᠯ᠎ᠡ ᠵᠦᠢᠯ ᠤᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠲᠠᠢ ᠤᠶᠠᠯᠳᠤᠭᠤᠯᠤᠨ᠂ ᠬᠥᠭᠵᠢᠯᠲᠡ  ᠶᠢᠨ ᠶᠡᠭᠡ ᠲᠠᠯ᠎ᠠ ᠲᠠᠢ ᠨᠢᠭᠲᠠ ᠤᠶᠠᠯᠳᠤᠭᠤᠯᠵᠤ᠂ ᠠᠷᠠᠳ ᠤᠨ ᠠᠮᠢᠳᠤᠷᠠᠯ ᠤᠨ ᠬᠡᠷᠡᠭᠴᠡᠭᠡ ᠲᠠᠢ ᠨᠢᠭᠲᠠ ᠤᠶᠠᠯᠳᠤᠭᠤᠯᠵᠤ᠂ ᠥᠭᠡᠷᠡᠴᠢᠯᠡᠯᠲᠡ ᠶᠢᠨ ᠠᠯᠬᠤᠮ ᠢ ᠴᠢᠩᠭ᠎ᠠ ᠳᠠᠭ᠋ᠵᠤ᠂ ᠪᠦᠬᠦ ᠰᠢᠶᠠᠨ ᠤ ᠭᠤᠤᠯ ᠠᠵᠢᠯ ᠳᠤ ᠠᠩᠬᠠᠷᠤᠯ ᠲᠠᠯᠪᠢᠬᠤ᠂ ᠡᠭᠦᠷᠭᠡ ᠴᠢᠳᠠᠪᠬᠢ ᠶᠢᠨ ᠦᠢᠯᠡᠳᠦᠯ ᠢᠶᠠᠨ ᠪᠠᠳᠠᠷᠠᠭᠤᠯᠬᠤ᠂ ᠴᠢᠳᠠᠪᠤᠷᠢ ᠶᠢ ᠳᠡᠭᠡᠭᠰᠢᠯᠡᠭᠦᠯᠬᠦ  ᠶᠢ ᠴᠢᠬᠤᠯᠠᠴᠢᠯᠠᠬᠤ ᠵᠡᠷᠭᠡ ᠲᠠᠯ᠎ᠠ ᠪᠠᠷ ᠨᠠᠷᠢᠯᠢᠭ ᠣᠨᠣᠪᠴᠢᠲᠠᠢ ᠲᠥᠪᠯᠡᠷᠡᠭᠦᠯᠵᠦ᠂ ᠬᠥᠭᠵᠢᠯᠲᠡ ᠳᠤ ᠦᠢᠯᠡᠴᠢᠯᠡᠬᠦ ᠠᠮᠵᠢᠯᠲᠠ ᠲᠠᠢ᠂ ᠠᠷᠠᠳ ᠤᠨ ᠠᠮᠢᠳᠤᠷᠠᠯ ᠢ ᠪᠠᠲᠤᠯᠠᠬᠤ ᠳᠤ ᠡᠷᠴᠢᠮ ᠲᠠᠢ᠂ ᠲᠥᠯᠥᠭᠡᠯᠡᠭᠴᠢᠳ ᠤᠨ ᠡᠭᠦᠷᠭᠡ ᠲᠤᠰᠢᠶᠠᠯ ᠢᠶᠠᠨ ᠪᠡᠶᠡᠯᠡᠭᠦᠯᠬᠦ ᠳᠤ ᠨᠡᠩ ᠭᠦᠢᠴᠡᠳ᠂ ᠲᠤᠰ ᠪᠡᠶ᠎ᠡ ᠶᠢᠨ ᠪᠠᠶᠢᠭᠤᠯᠤᠯᠲᠠ ᠪᠠᠨ ᠨᠡᠩ ᠴᠢᠩᠭ᠎ᠠ ᠪᠠᠶᠢᠯᠭᠠᠬᠤ ᠬᠠᠷᠠᠯᠲᠠ ᠶᠢ ᠪᠡᠶᠡᠯᠡᠭᠦᠯᠵᠡᠶ᠃ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠴᠢᠬᠤᠯᠠ ᠶᠡᠭᠡ ᠤᠴᠢᠷ ᠶᠠᠪᠤᠳᠠᠯ ᠢ ᠲᠣᠭᠲᠠᠭᠠᠬᠤ ᠡᠷᠬᠡ ᠪᠠᠨ ᠬᠢᠨᠠᠮᠠᠭᠠᠶ ᠬᠡᠷᠡᠭᠵᠢᠭᠦᠯᠬᠦ᠂ ᠰᠣᠩᠭᠤᠭᠤᠯᠢ ᠪᠠᠷ ᠲᠣᠮᠢᠯᠠᠬᠤ ᠪᠠ ᠪᠠᠭᠤᠯᠭᠠᠬᠤ ᠡᠷᠬᠡ ᠪᠠᠨ ᠬᠢᠨᠠᠮᠠᠭᠠᠶ ᠬᠡᠷᠡᠭᠵᠢᠭᠦᠯᠬᠦ᠂ ᠬᠢᠨᠠᠯᠲᠠ ᠲᠠᠯᠪᠢᠬᠤ ᠪᠠᠨ ᠴᠢᠩᠭᠠᠳᠬᠠᠬᠤ᠂ ᠲᠥᠯᠥᠭᠡᠯᠡᠭᠴᠢ ᠶᠢᠨ ᠦᠢᠯᠡᠳᠦᠯ ᠢ ᠪᠠᠳᠠᠷᠠᠭᠤᠯᠬᠤ ᠪᠠ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠬᠤ ᠵᠡᠷᠭᠡ ᠲᠠᠯ᠎ᠠ ᠪᠠᠷ ᠴᠥᠮ ᠢᠯᠡᠳᠲᠡ ᠦᠷ᠎ᠡ ᠪᠦᠲᠦᠮᠵᠢ ᠣᠯᠵᠤ᠂ ᠰᠢᠶᠠᠨ ᠤ ᠬᠡᠪᠴᠢᠶᠡᠨ ᠤ ᠠᠵᠤ ᠠᠬᠤᠶ ᠨᠡᠶᠢᠭᠡᠮ ᠤᠨ ᠬᠥᠭᠵᠢᠯᠲᠡ ᠪᠠ ᠠᠷᠠᠳᠴᠢᠯᠠᠯ ᠬᠠᠤᠯᠢ ᠪᠠᠷ ᠵᠠᠰᠠᠬᠤ ᠪᠠᠶᠢᠭᠤᠯᠤᠯᠲᠠ ᠶᠢ ᠲᠦᠯᠬᠢᠨ ᠠᠬᠢᠭᠤᠯᠬᠤ  ᠳᠤ ᠴᠢᠬᠤᠯᠠ ᠦᠶᠯᠡᠳᠦᠯ ᠪᠠᠳᠠᠷᠠᠭᠤᠯᠪᠠ ᠭᠡᠵᠡᠢ᠃      ᠲᠠᠷᠠᠭᠠᠴᠢ ᠶᠢᠨ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠬᠡᠷᠬᠢᠨ ᠰᠠᠶᠢᠲᠤᠷ ᠬᠢᠬᠦ ᠲᠤᠬᠠᠶ ᠶᠦᠨ ᠯᠢᠨ ᠴᠢᠶᠦ᠋ᠩ ᠱᠠᠭᠠᠷᠳᠠᠭᠰᠠᠨ ᠨᠢ᠂ ᠨᠢᠭᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠤᠯ ᠢ ᠪᠠᠷᠢᠮᠲᠠᠯᠠᠨ ᠲᠡᠭᠦᠯᠳᠡᠷᠵᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠨᠵᠡᠭᠡᠶ ᠲᠠᠨᠢᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠬᠠᠷᠢᠴᠠᠭᠤᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠤᠯᠠᠮ ᠨᠢᠭᠡ ᠠᠯᠬᠤᠮ ᠴᠢᠩᠭᠠᠳᠬᠠᠬᠤ ᠬᠡᠷᠡᠭᠲᠡᠶ᠃ ᠬᠤᠶᠠᠷ ᠲᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠵᠤ᠂ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠵᠥᠪ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠬᠦ ᠬᠡᠷᠡᠭᠲᠡᠢ᠃ ᠨᠠᠮ ᠤᠨ ᠤᠳᠤᠷᠢᠳᠤᠯᠭ᠎ᠠ ᠶᠢ ᠪᠠᠷᠢᠮᠲᠠᠯᠠᠬᠤ ᠪᠣᠯ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠳᠤᠷ ᠬᠢᠬᠦ ᠶᠢᠨ ᠦᠨᠳᠦᠰᠦᠨ ᠪᠠᠲᠤᠯᠠᠭ᠎ᠠ ᠪᠠ ᠵᠠᠩᠭᠢᠯᠠᠭ᠎ᠠ ᠮᠥᠨ᠃ ᠰᠢᠨ᠎ᠡ ᠴᠠᠭ ᠦᠶ᠎ᠡ ᠶᠢᠨ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠡᠯ᠎ᠡ ᠵᠦᠢᠯ ᠤᠨ ᠠᠵᠢᠯ ᠳᠤ ᠡᠷᠬᠡᠪᠰᠢ ᠨᠠᠮ ᠤᠨ ᠤᠳᠤᠷᠢᠳᠤᠯᠭ᠎ᠠ ᠶᠢ ᠢᠮᠠᠭᠲᠠ ᠪᠠᠷᠢᠮᠲᠠᠯᠠᠵᠤ᠂ ᠨᠠᠮ ᠤᠨ ᠪᠦᠬᠦ ᠲᠠᠯ᠎ᠠ ᠶᠢ ᠶᠡᠷᠦᠩᠬᠡᠶᠢᠯᠡᠨ ᠡᠵᠡᠮᠳᠡᠬᠦ᠂ ᠡᠯ᠎ᠡ ᠲᠠᠯ᠎ᠠ ᠶᠢ ᠵᠣᠬᠢᠴᠠᠭᠤᠯᠬᠤ ᠦᠨᠳᠦᠰᠦᠨ ᠱᠠᠭᠠᠷᠳᠠᠯᠭ᠎ᠠ ᠶᠢ ᠤᠬᠠᠮᠰᠠᠷ ᠠᠴᠠ ᠪᠠᠨ ᠲᠤᠭᠤᠰᠢᠯᠠᠭᠤᠯᠬᠤ ᠬᠡᠷᠡᠭᠲᠡᠢ᠃ ᠭᠤᠷᠪᠠ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠶᠢᠨ ᠡᠭᠦᠷᠭᠡ ᠴᠢᠳᠠᠪᠤᠷᠢ ᠶᠢᠨ ᠦᠶᠯᠡᠳᠦᠯ ᠢ ᠪᠦᠬᠦ ᠲᠠᠯ᠎ᠠ ᠪᠠᠷ ᠪᠠᠳᠠᠷᠠᠭᠤᠯᠵᠤ᠂ ᠢᠮᠠᠭᠲᠠ ᠨᠡᠩ ᠥᠨᠳᠥᠷ ᠪᠠᠷᠢᠮᠵᠢᠶ᠎ᠠ᠂ ᠨᠡᠩ ᠴᠢᠩᠭ᠎ᠠ ᠱᠠᠭᠠᠷᠳᠠᠯᠭ᠎ᠠ ᠪᠠᠷ ᠡᠯ᠎ᠡ ᠵᠦᠶᠯ ᠤᠨ ᠠᠵᠢᠯ ᠢ ᠲᠦᠯᠬᠢᠨ ᠠᠬᠢᠭᠤᠯᠬᠤ ᠬᠡᠷᠡᠭᠲᠡᠶ᠃ ᠨᠠᠮ ᠤᠨ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶ᠎ᠠ ᠶᠢᠨ ᠳᠥᠷᠪᠡᠳᠦᠭᠡᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠠᠢ ᠤᠶᠠᠯᠳᠤᠭᠤᠯᠤᠨ᠂ ᠪᠣᠳᠠᠲᠤ ᠪᠠᠶᠢᠳᠠᠯ ᠲᠠᠢ ᠨᠢᠭᠲᠠ ᠤᠶᠠᠯᠳᠤᠭᠤᠯᠵᠤ ᠂ ᠡᠯ᠎ᠡ ᠵᠦᠶᠯ ᠤᠨ ᠠᠵᠢᠯ ᠢ ᠪᠦᠲᠦᠭᠡᠯᠴᠢ ᠴᠢᠨᠠᠷᠲᠠᠶ ᠪᠠᠷ ᠰᠠᠶᠢᠲᠤᠷ ᠬᠢᠵᠦ᠂ ᠪᠦᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠶ᠃ ᠲᠦᠷᠪᠡ ᠳᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠶᠢ ᠴᠢᠩᠭᠠᠳᠬᠠᠨ ᠰᠠᠶᠢᠵᠢᠷᠠᠭᠤᠯᠬᠤ ᠪᠣᠯ ᠡᠯ᠎ᠡ ᠱᠠᠲᠤᠨ ᠤ ᠨᠠᠮ ᠤᠨ ᠬᠤᠷᠢᠶ᠎ᠠ ᠶᠢᠨ ᠴᠢᠬᠤᠯᠠ ᠲᠤᠰᠢᠶᠠᠯ ᠬᠠᠷᠢᠭᠤᠴᠠᠯᠭ᠎ᠠ ᠮᠥᠨ᠂ ᠪᠠᠰᠠ ᠴᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠢ ᠰᠠᠶᠢᠲᠤᠷ ᠬᠢᠬᠦ ᠶᠢᠨ ᠬᠦᠴᠦᠲᠡᠶ ᠪᠠᠲᠤᠯᠠᠭ᠎ᠠ ᠮᠥᠨ ᠭᠡᠵᠡᠢ᠃      ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ᠶᠦᠨ ᠶᠤᠸᠠᠢ ᠺᠦᠢ ᠶᠠᠷᠢᠶ᠎ᠠ ᠲᠠᠯᠪᠢᠬᠤ ᠳᠠᠭᠠᠨ᠂ ᠤᠯᠤᠰ ᠲᠦᠷᠦ ᠶᠢᠨ ᠴᠢᠭᠯᠡᠯ ᠢ ᠪᠠᠲᠤ ᠡᠵᠡᠮᠳᠡᠵᠦ᠂ ᠨᠠᠮ ᠤᠨ ᠤᠳᠤᠷᠢᠳᠤᠯᠭ᠎ᠠ ᠶᠢ ᠢᠮᠠᠭᠲᠠ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠠᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ ᠡᠷᠬᠡ ᠲᠤᠰᠢᠶᠠᠯ ᠢᠶᠠᠨ ᠬᠠᠤᠯᠢ ᠶᠣᠰᠣᠭᠠᠷ ᠭᠦᠶᠴᠡᠳᠬᠡᠵᠦ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠵᠢᠴᠢ ᠲᠡᠭᠦᠨ ᠤ ᠪᠠᠶᠢᠩᠭᠤ ᠶᠢᠨ ᠬᠤᠷᠢᠶ᠎ᠠ ᠦᠨᠳᠦᠰᠦᠨ ᠬᠠᠤᠯᠢ ᠬᠠᠤᠯᠢ ᠴᠠᠭᠠᠵᠠ ᠠᠴᠠ ᠣᠯᠭᠤᠭᠰᠠᠨ ᠡᠯ᠎ᠡ ᠵᠦᠶᠯ ᠤᠨ ᠲᠤᠰᠢᠶᠠᠯ ᠬᠠᠷᠢᠭᠤᠴᠠᠯᠭ᠎ᠠ ᠶᠢ ᠪᠦᠬᠦ ᠲᠠᠯ᠎ᠠ ᠪᠠᠷ ᠡᠭᠦᠷᠭᠡᠯᠡᠬᠦ ᠬᠡᠷᠡᠭᠲᠡᠶ᠃ ᠡᠭᠦᠷᠭᠡ ᠲᠤᠰᠢᠶᠠᠯ ᠢᠶᠠᠨ ᠭᠦᠢᠴᠡᠳᠬᠡᠬᠦ ᠴᠢᠳᠠᠪᠤᠷᠢ ᠪᠠᠨ ᠴᠢᠩᠭᠠᠳᠬᠠᠵᠤ᠂ ᠴᠢᠬᠤᠯᠠ ᠶᠡᠭᠡ ᠠᠰᠠᠭᠤᠳᠠᠯ ᠲᠠᠢ ᠨᠢᠭᠲᠠ ᠤᠶᠠᠯᠳᠤᠭᠤᠯᠤᠨ᠂ ᠡᠭᠦᠷᠭᠡ ᠴᠢᠳᠠᠪᠬᠢ ᠪᠠᠨ ᠭᠦᠢᠴᠡᠳᠬᠡᠬᠦ ᠪᠠ ᠭᠤᠣᠯ ᠠᠵᠢᠯ ᠳᠤ ᠦᠢᠯᠡᠴᠢᠯᠡᠬᠦ ᠶᠢᠨ ᠤᠶᠠᠯᠳᠤᠭᠤᠯᠬᠤ ᠴᠡᠭ ᠢ ᠣᠨᠣᠪᠴᠢᠲᠠᠢ ᠡᠷᠢᠨ ᠣᠯᠵᠤ᠂ ᠤᠨᠢᠨ ᠳᠡᠭᠡᠷ᠎ᠡ ᠨᠢ ᠬᠦᠴᠦᠯᠡᠵᠦ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ  ᠤᠨ ᠠᠵᠢᠯ ᠤᠨ ᠰᠢᠨ᠎ᠡ ᠴᠠᠭ ᠦᠶ᠎ᠡ ᠳᠤ ᠵᠣᠬᠢᠴᠠᠬᠤ ᠶᠢ ᠴᠢᠷᠮᠠᠶᠢᠨ ᠠᠬᠢᠭᠤᠯᠵᠤ᠂ ᠰᠢᠨ᠎ᠡ ᠬᠥᠭᠵᠢᠯᠲᠡ ᠶᠢ ᠪᠡᠶᠡᠯᠡᠭᠦᠯᠬᠦ ᠬᠡᠷᠡᠭᠲᠡᠢ᠃ ᠲᠤᠰ ᠪᠡᠶ᠎ᠡ ᠶᠢᠨ ᠪᠠᠶᠢᠭᠤᠯᠤᠯᠲᠠ ᠪᠠᠨ ᠴᠢᠩᠭᠠᠳᠬᠠᠵᠤ᠂ ᠡᠯ᠎ᠡ ᠱᠠᠲᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ ᠴᠣᠭᠴᠠ ᠶᠢᠨ ᠬᠠᠷᠢᠭᠤᠴᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ ᠶᠢᠨ ᠰᠤᠷᠲᠠᠯ ᠤᠨ ᠪᠠᠶᠢᠭᠤᠯᠤᠯᠲᠠ ᠶᠢ ᠴᠥᠬᠦᠷᠡᠰᠢ ᠦᠭᠡᠢ ᠰᠠᠶᠢᠲᠤᠷ ᠠᠳᠬᠤᠵᠤ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠵᠢᠯ ᠤᠨ ᠦᠷ᠎ᠡ ᠪᠦᠲᠦᠮᠵᠢ ᠶᠢ ᠳᠡᠭᠡᠭᠰᠢᠯᠡᠭᠦᠯᠬᠦ ᠬᠡᠷᠡᠭᠲᠡᠢ ᠭᠡᠵᠡᠢ᠃      ᠪᠦᠬᠦ ᠰᠢᠶᠠᠨ ᠤ ᠳᠡᠳ᠋ ᠭᠠᠵᠠᠷ ᠤᠨ ᠲᠡᠰ ᠠᠴᠠ ᠳᠡᠭᠡᠭᠰᠢᠬᠢ ᠤᠳᠤᠷᠢᠳᠬᠤ ᠺᠠᠳ᠋ᠷ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠭᠤᠯᠭ᠎ᠠ᠂ ᠡᠯ᠎ᠡ ᠰᠢᠶᠠᠩ ᠪᠠᠯᠭᠠᠰᠤᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ  ᠤᠨ ᠶᠡᠭᠡ ᠬᠤᠷᠠᠯ ᠤᠨ ᠭᠤᠤᠯ ᠬᠠᠷᠢᠭᠤᠴᠠᠯᠭᠠᠲᠠᠨ᠂ ᠰᠢᠶᠠᠨ ᠤ ᠰᠢᠭᠤᠳ ᠬᠠᠷᠢᠶ᠎ᠠ ᠡᠯ᠎ᠡ ᠰᠠᠯᠠᠭ᠎ᠠ ᠮᠥᠴᠢᠷ ᠡᠯ᠎ᠡ ᠨᠢᠭᠡᠴᠡ ᠶᠢᠨ ᠬᠠᠷᠢᠭᠤᠴᠠᠯᠭᠠᠲᠠᠨ᠂ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠬᠡᠰᠡᠭ ᠲᠥᠯᠥᠭᠡᠯᠡᠭᠴᠢ ᠬᠤᠷᠠᠯ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号