ᠮᠦᠭᠦ ᠶᠢᠨ ᠦᠢᠯᠡᠰ ᠤᠨ ᠰᠠᠭᠤᠷᠢᠨ ᠭᠠᠵᠠᠷ ᠦᠢᠯᠡᠳᠪᠦᠷᠢᠯᠡᠯ ᠢᠶᠠᠨ ᠰᠡᠷᠭᠦᠭᠡᠭᠡᠳ ᠶᠠᠭᠠᠷᠠᠯᠳᠠᠢ ᠠᠵᠢᠯᠯᠠᠨ᠎ᠠ
ᠨᠡᠶᠢᠲᠡᠯᠡᠭᠰᠡᠨ ᠴᠠᠭ᠄
2020-03-30
      ᠵᠧᠩ ᠰᠢᠩ ᠶᠤᠸᠠᠨ ᠰᠠᠭᠤᠷᠢᠨ ᠭᠠᠵᠠᠷ ᠪᠣᠯ ᠬᠦᠬᠡᠬᠤᠲᠠ ᠶᠢᠨ ᠮᠧᠩ ᠡᠾᠧ ᠶᠤᠸᠠᠨ ᠮᠦᠭᠦ ᠶᠢᠨ ᠦᠢᠯᠡᠰ ᠤᠨ ᠺᠤᠮᠫᠠᠨᠢ ᠶᠢᠨ ᠲᠦᠷᠪᠡᠳᠦᠭᠡᠷ ᠲᠤᠮᠤ ᠰᠠᠭᠤᠷᠢᠨ ᠭᠠᠵᠠᠷ ᠪᠠᠶᠢᠵᠤ᠂ ᠤᠳᠤᠬᠠᠨ ᠳᠤ ᠨᠢᠭᠡᠨᠲᠡ170  ᠰᠠᠭᠤᠷᠢ ᠬᠦᠯᠡᠮᠵᠢ ᠠᠰᠢᠭᠯᠠᠯᠲᠠ ᠳᠤ ᠤᠷᠤᠵᠤ᠂ ᠪᠣᠯᠳᠤᠷᠤᠤ ᠮᠦᠭᠦ᠂ ᠴᠠᠭᠠᠨ ᠤᠷᠬᠤᠳᠠᠢ ᠶᠢᠨ ᠪᠠᠺᠲ᠋ᠧᠷᠢ᠂  ᠤᠯᠠᠭᠠᠨ ᠲᠤᠰᠬᠤᠭᠤᠷᠳᠤ ᠦᠨᠦᠷᠲᠤ ᠬᠤᠯᠤᠰᠤ᠂ ᠬᠠᠶᠢᠯᠠᠰᠤᠨ ᠮᠦᠭᠦ᠂ ᠪᠣᠷᠣ ᠭᠤᠤᠯᠳᠤ ᠮᠦᠬᠦ ᠲᠠᠪᠤᠨ ᠲᠦᠷᠦᠯ ᠵᠦᠢᠯ ᠢ ᠪᠤᠶᠢᠵᠢᠭᠤᠯᠤᠨ ᠲᠠᠷᠢᠵᠤ᠂ ᠵᠢᠯ ᠤᠨ ᠦᠢᠯᠡᠳᠬᠦᠨ ᠤ ᠥᠷᠲᠡᠭ 1200 ᠲᠦᠮᠡᠨ ᠲᠦᠭᠦᠷᠢᠭ ᠢ  ᠳᠠᠪᠠᠵᠤ ᠪᠤᠢ᠃ ᠤᠳᠤᠬᠠᠨ ᠳᠤ ᠺᠤᠮᠫᠠᠨᠢ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠳᠤᠷ ᠬᠢᠭᠰᠡᠨ ᠤᠷᠢᠳᠠᠯ ᠲᠤᠤᠷ᠎ᠠ᠂ ᠨᠢᠭᠡᠨᠲᠡ ᠠᠵᠢᠯ ᠢᠶᠠᠨ ᠡᠬᠢᠯᠡᠭᠦᠯᠵᠦ ᠦᠢᠯᠡᠳᠪᠦᠷᠢᠯᠡᠯ ᠢᠶᠠᠨ ᠰᠡᠷᠭᠦᠭᠡᠨ᠂  ᠲᠤᠬᠠᠢ ᠶᠢᠨ ᠤᠷᠤᠨ ᠤ100 ᠭᠠᠷᠤᠢ  ᠲᠠᠷᠢᠶᠠᠴᠢᠨ ᠳᠤ ᠠᠵᠢᠯ ᠣᠯᠭᠤᠵᠤ ᠪᠤᠯᠤᠨ᠎ᠠ᠃ ᠵᠢᠷᠤᠭ  ᠪᠣᠯ ᠮᠦᠭᠦ ᠶᠢᠨ ᠮᠤᠨᠠ ᠶᠢᠨ ᠦᠢᠯᠡᠳᠪᠦᠷᠢᠯᠡᠯ ᠤᠨ ᠲᠠᠰᠤᠭ ᠤᠨ ᠬᠢᠨ  ᠪᠦᠬᠦ ᠬᠦᠴᠦᠨ ᠢᠶᠠᠷ ᠢᠶᠠᠨ ᠮᠦᠭᠦ ᠶᠢᠨ ᠮᠤᠨᠠ ᠦᠢᠯᠡᠳᠪᠦᠷᠢᠯᠡᠵᠦ ᠪᠠᠶᠢᠭ᠎ᠠ  ᠨᠢ᠃       ᠬᠦᠬᠡᠬᠤᠲᠠ ᠶᠢᠨ ᠡᠳᠦᠷ ᠤᠨ ᠰᠣᠨᠢᠨ ᠤ  ᠠᠬᠠᠯᠠᠭᠴᠢ ᠰᠤᠷᠪᠤᠯᠵᠢᠯᠠᠭᠴᠢ   ᠯᠢ ᠬᠠᠢ  ᠵᠧᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号