ᠦᠪᠦᠷ ᠮᠤᠩᠭᠤᠯ ᠤᠨ ᠡᠳᠦᠷ ᠤᠨ ᠰᠤᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ | ᠤᠯᠠᠭᠠᠨᠳᠤᠶᠠᠭ᠎ᠠ ︶ ᠣᠶᠢᠷ᠎ᠠ ᠳᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠦᠵᠡᠮᠵᠢ ᠶᠢᠨ ᠣᠷᠣᠨ ᠢ | ᠬᠦᠭᠵᠢᠭᠦᠯᠬᠦ ᠵᠢᠴᠢ ᠥᠷᠭᠡᠨ ᠣᠯᠠᠨ ᠠᠷᠠᠳ ᠲᠦᠮᠡᠨ ᠤ ᠬᠡᠷᠡᠭᠴᠡᠭᠡ ᠶᠢ ᠪᠦᠲᠦᠮᠵᠢᠲᠡᠶ ᠬᠠᠩᠭᠠᠵᠤ᠂ ᠰᠣᠶᠣᠯ ᠪᠠ | ᠵᠢᠭᠤᠯᠴᠢᠯᠠᠯ ᠤᠨ ᠶᠠᠮᠤᠨ ᠤ ᠡᠬᠢ ᠪᠠᠶᠠᠯᠢᠭ ᠤᠨ ᠨᠡᠭᠡᠭᠡᠯᠲᠡ ᠶᠢᠨ ᠵᠤᠷᠭᠠᠨ ᠤ ᠳᠠᠷᠤᠮᠠᠯᠯᠠᠨ ᠲᠠᠷᠬᠠᠭᠠᠭᠰᠠᠨ ︽ | ᠵᠢᠭᠤᠯᠴᠢᠯᠠᠯ ᠤᠨ ᠦᠵᠡᠮᠵᠢ ᠶᠢᠨ ᠤᠷᠤᠨ ᠢ ᠰᠡᠷᠭᠦᠭᠡᠨ ᠨᠡᠭᠡᠭᠡᠬᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠠᠷᠭ᠎ᠠ ᠬᠡᠮᠵᠢᠶ᠎ᠡ ᠶᠢᠨ ᠵᠦᠭᠯᠡᠭᠦᠷ︾ ᠤᠨ ᠮᠡᠳᠡᠭᠳᠡᠯ ᠤᠨ ᠱᠠᠭᠠᠷᠳᠠᠯᠭ᠎ᠠ ᠶᠢ ᠴᠢᠩᠭ᠎ᠠ ᠬᠡᠷᠡᠭᠵᠢᠭᠦᠯᠬᠦ ᠶᠢᠨ ᠲᠤᠰᠠᠳᠠ | ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ ︽ᠬᠥᠬᠡᠬᠤᠲᠠ ᠶᠢᠨ A ᠲᠠᠰ ᠤᠨ | ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠡᠷᠭᠦᠭᠡᠨ ᠨᠡᠭᠡᠭᠡᠬᠦ ᠠᠵᠢᠯ ᠤᠨ ᠵᠦᠭᠯᠡᠭᠦᠷ︾ ᠢ ᠲᠤᠭᠲᠠᠭᠠᠪᠠ᠃ | ︽ᠵᠦᠭᠯᠡᠭᠦᠷ︾ ᠲᠤ᠂ ᠣᠷᠣᠨ ᠬᠤᠪᠢᠶᠠᠨ ᠳᠡᠰ ᠬᠤᠪᠢᠶᠠᠨ ᠨᠡᠭᠡᠭᠡᠬᠦ ᠵᠠᠷᠴᠢᠮ ᠢ ᠪᠠᠷᠢᠮᠲᠠᠯᠠᠵᠤ᠂ ᠦᠵᠡᠮᠵᠢ | ᠶᠢᠨ ᠣᠷᠣᠨ ᠢ ᠨᠡᠭᠡᠭᠡᠬᠦ ᠨᠥᠬᠦᠴᠡᠯ ᠪᠠ ᠴᠢᠬᠤᠯᠠ ᠴᠢᠨᠠᠷ ᠢ ᠪᠥᠬᠦ ᠲᠠᠯ᠎ᠠ ᠪᠠᠷ ᠦᠨᠡᠯᠡᠬᠦ ᠪᠠ ᠶᠡᠷᠦᠩᠬᠡᠶᠢᠯᠡᠨ | ᠰᠤᠳᠤᠯᠤᠨ ᠮᠠᠭᠠᠳᠯᠠᠵᠤ᠂ ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠨᠡᠭᠡᠭᠡᠬᠦ ᠠᠴᠠ ᠪᠠᠨ | ᠡᠮᠦᠨ᠎ᠡ ᠲᠤᠬᠠᠶ ᠶᠢᠨ ᠭᠠᠵᠠᠷ ᠤᠨ ᠨᠠᠮ ᠤᠨr ᠬᠤᠶᠢᠶ᠎ᠠ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠬᠦ | ᠴᠢᠬᠤᠯᠠ ᠲᠠᠢ ᠪᠠᠶᠢᠬᠤ ᠶᠢᠨ ᠬᠠᠮᠲᠤ ᠬᠤᠲᠠ ᠶᠢᠨ ᠠᠵᠢᠯ ᠲᠥᠷᠥᠯ ᠤᠨ ᠭᠤᠤᠯᠯᠠᠨ ᠬᠠᠮᠢᠶᠠᠷᠬᠤ ᠰᠠᠯᠠᠭ᠎ᠠ | ᠮᠥᠴᠢᠷ ᠲᠤ ᠳᠠᠩᠰᠠᠯᠠᠭᠤᠯᠬᠤ ᠬᠡᠷᠡᠭᠲᠡᠶ︔ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠡᠭᠡᠭᠡᠬᠦ ᠪᠠᠷ ᠪᠡᠯᠡᠳᠬᠡᠵᠦ ᠪᠠᠶᠢᠭ᠎ᠠ ᠦᠵᠡᠮᠵᠢ ᠶᠢᠨ | ᠣᠷᠣᠨ ᠨᠢ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠢᠶ᠎ᠠ | ᠣᠷᠣᠨ ᠤ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ | ᠠᠵᠢᠯ ᠤᠨ ᠪᠠᠶᠢᠷᠢᠯᠠᠭᠤᠯᠤᠯᠲᠠ ᠶᠣᠰᠣᠭᠠᠷ᠂ ︽ᠦᠵᠡᠮᠵᠢ ᠶᠢᠨ ᠣᠷᠣᠨ ᠤ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾ ᠢ ᠰᠠᠶᠢᠲᠤᠷ ᠪᠡᠶᠡᠯᠡᠭᠦᠯᠵᠦ᠂ ᠳᠣᠲᠣᠭᠠᠳᠤ | ᠶᠢᠨ ᠰᠡᠷᠭᠡᠶᠢᠯᠡᠨ ᠡᠵᠡᠮᠳᠡᠬᠦ ᠬᠠᠮᠢᠶᠠᠷᠤᠯᠲᠠ ᠶᠢ ᠴᠢᠩᠭᠠᠷᠠᠭᠤᠯᠤᠨ᠂ ᠥᠵᠡᠮᠵᠢ ᠶᠢᠨ ᠣᠷᠣᠨ ᠪᠣᠯ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ ᠴᠤᠭᠴᠠ ᠶᠢᠨ ᠬᠠᠷᠢᠭᠤᠴᠠᠯᠭᠠᠲᠤ ᠨᠢᠭᠡᠴᠢ ᠪᠠᠶᠢᠵᠤ᠂ ᠦᠵᠡᠮᠵᠢ ᠶᠢᠨ | ᠣᠷᠣᠨ ᠤ ᠭᠤᠤᠯ ᠬᠠᠷᠢᠭᠤᠴᠠᠯᠭᠠᠲᠠᠨ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠦᠵᠡᠮᠵᠢ ᠶᠢᠨ ᠣᠷᠣᠨ ᠢ ᠰᠡᠷᠭᠦᠭᠡᠨ | ᠨᠡᠭᠡᠭᠡᠬᠦ ᠠᠵᠢᠯ ᠤᠨ ᠠᠮᠤᠷ ᠲᠦᠪᠰᠢᠨ ᠤ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ︔ ᠤᠬᠠᠭᠤᠯᠤᠨ | ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ | ᠦᠵᠡᠯ ᠤᠬᠠᠮᠰᠠᠷ ᠢ ᠳᠡᠭᠡᠭᠰᠢᠯᠡᠭᠦᠯᠦᠨ᠂ ᠦᠵᠡᠮᠵᠢ ᠶᠢᠨ ᠣᠷᠣᠨ ᠢ ᠨᠡᠭᠡᠭᠡᠭᠰᠡᠨ ᠠᠴᠠ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠦᠭᠰᠢᠭᠦᠷᠢ ᠶᠢ ᠨᠡᠮᠡᠭᠳᠡᠭᠦᠯᠬᠦ ᠠᠴᠠ ᠵᠠᠶᠢᠯᠠᠰᠬᠢᠵᠦ᠂ ᠬᠥᠮᠦᠰ ᠬᠤᠷᠠᠨ ᠴᠤᠭᠯᠠᠷᠠᠬᠤ᠂ | ᠵᠤᠭᠠᠴᠠᠭᠰᠠᠳ ᠤᠨ ᠭᠡᠯᠮᠡᠭᠳᠡᠯ ᠪᠠ ᠨᠠᠵᠠᠭᠠᠶ ᠶᠠᠷᠢᠶ᠎ᠠ ᠬᠡᠯᠡᠯᠴᠡᠭᠡ ᠡᠭᠦᠰᠭᠡᠬᠦ ᠠᠴᠠ ᠵᠠᠶᠢᠯᠠᠰᠬᠢᠬᠦ ᠬᠡᠷᠡᠭᠲᠡᠶ ᠭᠡᠵᠦ | ᠱᠠᠭᠠᠷᠳᠠᠭᠰᠠᠨ ᠪᠠᠶᠢᠨ᠎ᠠ᠃ |