ᠬᠥᠬᠡᠬᠤᠲᠠAᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠢ ᠰᠡᠷᠭᠦᠭᠡᠨ ᠨᠡᠭᠡᠭᠡᠬᠦ ᠠᠵᠢᠯ ᠤᠨ ᠵᠦᠭᠯᠡᠭᠦᠷ ᠢ ᠲᠤᠭᠠᠲᠠᠭᠠᠪᠠ
ᠨᠡᠶᠢᠲᠡᠯᠡᠭᠰᠡᠨ ᠴᠠᠭ᠄
2020/3/30
 ᠦᠪᠦᠷ ᠮᠤᠩᠭᠤᠯ ᠤᠨ ᠡᠳᠦᠷ ᠤᠨ ᠰᠤᠨᠢᠨ ᠤ ᠮᠡᠳᠡᠭᠡ ︵ᠬᠠᠮ ᠵᠠᠭᠤᠴᠢᠯᠠᠭᠤᠷ ᠤᠨ ᠰᠤᠷᠪᠤᠯᠵᠢᠯᠠᠭᠴᠢ  ᠤᠯᠠᠭᠠᠨᠳᠤᠶᠠᠭ᠎ᠠ  ︶ ᠣᠶᠢᠷ᠎ᠠ ᠳᠤ᠂ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠵᠦ᠂ ᠦᠵᠡᠮᠵᠢ ᠶᠢᠨ ᠣᠷᠣᠨ ᠢ ᠬᠦᠭᠵᠢᠭᠦᠯᠬᠦ ᠵᠢᠴᠢ ᠥᠷᠭᠡᠨ ᠣᠯᠠᠨ ᠠᠷᠠᠳ ᠲᠦᠮᠡᠨ  ᠤ ᠬᠡᠷᠡᠭᠴᠡᠭᠡ  ᠶᠢ ᠪᠦᠲᠦᠮᠵᠢᠲᠡᠶ ᠬᠠᠩᠭᠠᠵᠤ᠂ ᠰᠣᠶᠣᠯ ᠪᠠ ᠵᠢᠭᠤᠯᠴᠢᠯᠠᠯ  ᠤᠨ ᠶᠠᠮᠤᠨ  ᠤ ᠡᠬᠢ ᠪᠠᠶᠠᠯᠢᠭ ᠤᠨ ᠨᠡᠭᠡᠭᠡᠯᠲᠡ ᠶᠢᠨ ᠵᠤᠷᠭᠠᠨ ᠤ ᠳᠠᠷᠤᠮᠠᠯᠯᠠᠨ ᠲᠠᠷᠬᠠᠭᠠᠭᠰᠠᠨ ︽ᠵᠢᠭᠤᠯᠴᠢᠯᠠᠯ  ᠤᠨ  ᠦᠵᠡᠮᠵᠢ ᠶᠢᠨ ᠤᠷᠤᠨ ᠢ ᠰᠡᠷᠭᠦᠭᠡᠨ ᠨᠡᠭᠡᠭᠡᠬᠦ ᠬᠢᠵᠢᠭ ᠤᠨ ᠪᠠᠶᠢᠳᠠᠯ  ᠢ ᠰᠡᠷᠭᠡᠶᠢᠯᠡᠨ ᠡᠵᠡᠮᠳᠡᠬᠦ  ᠠᠷᠭ᠎ᠠ ᠬᠡᠮᠵᠢᠶ᠎ᠡ ᠶᠢᠨ  ᠵᠦᠭᠯᠡᠭᠦᠷ︾ ᠤᠨ ᠮᠡᠳᠡᠭᠳᠡᠯ ᠤᠨ  ᠱᠠᠭᠠᠷᠳᠠᠯᠭ᠎ᠠ ᠶᠢ  ᠴᠢᠩᠭ᠎ᠠ ᠬᠡᠷᠡᠭᠵᠢᠭᠦᠯᠬᠦ ᠶᠢᠨ ᠲᠤᠰᠠᠳᠠ᠂ ᠬᠥᠬᠡᠬᠤᠲᠠ ᠶᠢᠨ ᠰᠣᠶᠣᠯ ᠵᠢᠭᠤᠯᠴᠢᠯᠠᠯ ᠷᠠᠳᠢᠣ᠋ ᠲᠧᠯᠸᠢᠰ  ᠤᠨ ᠲᠣᠪᠴᠢᠶ᠎ᠠ ︽ᠬᠥᠬᠡᠬᠤᠲᠠ ᠶᠢᠨ A ᠲᠠᠰ ᠤᠨ ᠵᠢᠭᠤᠯᠴᠢᠯᠠᠯ ᠤᠨ ᠦᠵᠡᠮᠵᠢ  ᠶᠢᠨ ᠣᠷᠣᠨ  ᠢ ᠰᠡᠷᠭᠦᠭᠡᠨ ᠨᠡᠭᠡᠭᠡᠬᠦ ᠠᠵᠢᠯ  ᠤᠨ ᠵᠦᠭᠯᠡᠭᠦᠷ︾ ᠢ ᠲᠤᠭᠲᠠᠭᠠᠪᠠ᠃       ︽ᠵᠦᠭᠯᠡᠭᠦᠷ︾ ᠲᠤ᠂ ᠣᠷᠣᠨ ᠬᠤᠪᠢᠶᠠᠨ ᠳᠡᠰ ᠬᠤᠪᠢᠶᠠᠨ ᠨᠡᠭᠡᠭᠡᠬᠦ ᠵᠠᠷᠴᠢᠮ ᠢ ᠪᠠᠷᠢᠮᠲᠠᠯᠠᠵᠤ᠂ ᠦᠵᠡᠮᠵᠢ  ᠶᠢᠨ ᠣᠷᠣᠨ ᠢ ᠨᠡᠭᠡᠭᠡᠬᠦ ᠨᠥᠬᠦᠴᠡᠯ ᠪᠠ ᠴᠢᠬᠤᠯᠠ ᠴᠢᠨᠠᠷ ᠢ ᠪᠥᠬᠦ ᠲᠠᠯ᠎ᠠ  ᠪᠠᠷ ᠦᠨᠡᠯᠡᠬᠦ ᠪᠠ ᠶᠡᠷᠦᠩᠬᠡᠶᠢᠯᠡᠨ ᠰᠤᠳᠤᠯᠤᠨ ᠮᠠᠭᠠᠳᠯᠠᠵᠤ᠂  ᠡᠯ᠎ᠡ A ᠲᠠᠰ ᠤᠨ ᠵᠢᠭᠤᠯᠴᠢᠯᠠᠯ ᠤᠨ ᠦᠵᠡᠮᠵᠢ  ᠶᠢᠨ ᠣᠷᠣᠨ ᠢ ᠨᠡᠭᠡᠭᠡᠬᠦ ᠠᠴᠠ ᠪᠠᠨ ᠡᠮᠦᠨ᠎ᠡ ᠲᠤᠬᠠᠶ ᠶᠢᠨ  ᠭᠠᠵᠠᠷ ᠤᠨ ᠨᠠᠮ  ᠤᠨr ᠬᠤᠶᠢᠶ᠎ᠠ ᠵᠠᠰᠠᠭ ᠤᠨ ᠤᠷᠳᠤᠨ ᠢᠶᠠᠷ ᠵᠥᠪᠰᠢᠶᠡᠷᠡᠭᠦᠯᠬᠦ ᠴᠢᠬᠤᠯᠠ ᠲᠠᠢ ᠪᠠᠶᠢᠬᠤ ᠶᠢᠨ ᠬᠠᠮᠲᠤ ᠬᠤᠲᠠ ᠶᠢᠨ ᠠᠵᠢᠯ ᠲᠥᠷᠥᠯ ᠤᠨ  ᠭᠤᠤᠯᠯᠠᠨ ᠬᠠᠮᠢᠶᠠᠷᠬᠤ  ᠰᠠᠯᠠᠭ᠎ᠠ ᠮᠥᠴᠢᠷ ᠲᠤ ᠳᠠᠩᠰᠠᠯᠠᠭᠤᠯᠬᠤ ᠬᠡᠷᠡᠭᠲᠡᠶ︔ ᠬᠢᠵᠢᠭ ᠤᠨ ᠪᠠᠶᠢᠳᠠᠯ  ᠢ ᠰᠡᠷᠭᠡᠶᠢᠯᠡᠨᠡᠵᠡᠮᠳᠡᠬᠦ ᠲᠣᠭᠲᠠᠴᠠ ᠶᠢ ᠪᠠᠶᠢᠭᠤᠯᠤᠨ ᠪᠦᠷᠢᠨᠰᠢᠬᠦᠯᠵᠦ᠂ ᠨᠡᠭᠡᠭᠡᠬᠦ ᠪᠠᠷ ᠪᠡᠯᠡᠳᠬᠡᠵᠦ ᠪᠠᠶᠢᠭ᠎ᠠ ᠦᠵᠡᠮᠵᠢ ᠶᠢᠨ ᠣᠷᠣᠨ ᠨᠢ ᠬᠢᠵᠢᠭ  ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠲᠡᠷᠢᠭᠦᠨ ᠳᠤ ᠲᠠᠯᠪᠢᠬᠤ ᠶᠢ ᠪᠠᠷᠢᠮᠲᠠᠯᠠᠵᠤ᠂ ᠬᠠᠷᠢᠶ᠎ᠠ ᠣᠷᠣᠨ  ᠤ ᠬᠢᠵᠢᠭ ᠤᠨ ᠪᠠᠶᠢᠳᠠᠯ ᠢ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦᠠᠵᠢᠯ ᠤᠨ  ᠪᠠᠶᠢᠷᠢᠯᠠᠭᠤᠯᠤᠯᠲᠠ ᠶᠣᠰᠣᠭᠠᠷ᠂ ︽ᠦᠵᠡᠮᠵᠢ  ᠶᠢᠨ ᠣᠷᠣᠨ ᠤ ᠬᠢᠵᠢᠭ  ᠤᠨ ᠪᠠᠶᠢᠳᠠᠯ  ᠢᠰᠡᠷᠭᠡᠶᠢᠯᠡᠨ ᠡᠵᠡᠮᠳᠡᠬᠦ ᠪᠠᠴᠢᠮ ᠪᠠᠶᠢᠳᠠᠯ ᠢ ᠠᠷᠭᠠᠴᠠᠭᠠᠬᠤ ᠲᠥᠰᠦᠯ︾  ᠢ ᠰᠠᠶᠢᠲᠤᠷ ᠪᠡᠶᠡᠯᠡᠭᠦᠯᠵᠦ᠂ ᠳᠣᠲᠣᠭᠠᠳᠤ  ᠶᠢᠨ  ᠰᠡᠷᠭᠡᠶᠢᠯᠡᠨ ᠡᠵᠡᠮᠳᠡᠬᠦ  ᠬᠠᠮᠢᠶᠠᠷᠤᠯᠲᠠ ᠶᠢ  ᠴᠢᠩᠭᠠᠷᠠᠭᠤᠯᠤᠨ᠂  ᠥᠵᠡᠮᠵᠢ ᠶᠢᠨ ᠣᠷᠣᠨ ᠪᠣᠯ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠭᠤᠤᠯ  ᠴᠤᠭᠴᠠ ᠶᠢᠨ ᠬᠠᠷᠢᠭᠤᠴᠠᠯᠭᠠᠲᠤ ᠨᠢᠭᠡᠴᠢ ᠪᠠᠶᠢᠵᠤ᠂  ᠦᠵᠡᠮᠵᠢ ᠶᠢᠨ ᠣᠷᠣᠨ ᠤ ᠭᠤᠤᠯ ᠬᠠᠷᠢᠭᠤᠴᠠᠯᠭᠠᠲᠠᠨ ᠪᠣᠯ ᠬᠢᠵᠢᠭ ᠤᠨ  ᠪᠠᠶᠢᠳᠠᠯ ᠢ ᠰᠡᠷᠭᠡᠶᠢᠯᠡᠨᠡᠵᠡᠮᠳᠡᠬᠦ ᠨᠢᠭᠡᠳᠦᠭᠡᠷ ᠬᠠᠷᠢᠭᠤᠴᠠᠯᠭᠠᠲᠠᠨ ᠪᠣᠯᠬᠤ ᠶᠢ ᠲᠣᠳᠣᠷᠬᠠᠶᠢᠯᠠᠵᠤ᠂ ᠦᠵᠡᠮᠵᠢ  ᠶᠢᠨ ᠣᠷᠣᠨ ᠢ ᠰᠡᠷᠭᠦᠭᠡᠨ ᠨᠡᠭᠡᠭᠡᠬᠦ ᠠᠵᠢᠯ ᠤᠨ ᠠᠮᠤᠷ ᠲᠦᠪᠰᠢᠨ ᠤ ᠡᠮᠬᠢ ᠵᠢᠷᠤᠮ ᠲᠠᠢ ᠪᠠᠶᠢᠬᠤ ᠶᠢ ᠪᠠᠲᠤᠯᠠᠬᠤ ᠬᠡᠷᠡᠭᠲᠡᠶ︔ ᠤᠬᠠᠭᠤᠯᠤᠨ ᠵᠢᠯᠣᠭᠤᠳᠬᠤ ᠠᠵᠢᠯ ᠢ ᠰᠠᠶᠢᠲᠤᠷ ᠬᠢᠵᠦ᠂ ᠣᠯᠠᠨ ᠨᠡᠶᠢᠲᠡ ᠶᠢᠨ ᠬᠢᠵᠢᠭ ᠤᠨ ᠪᠠᠶᠢᠳᠠᠯ   ᠢ ᠰᠡᠷᠭᠡᠶᠢᠯᠡᠨ ᠡᠵᠡᠮᠳᠡᠬᠦ ᠦᠵᠡᠯ ᠤᠬᠠᠮᠰᠠᠷ ᠢ ᠳᠡᠭᠡᠭᠰᠢᠯᠡᠭᠦᠯᠦᠨ᠂ ᠦᠵᠡᠮᠵᠢ  ᠶᠢᠨ ᠣᠷᠣᠨ ᠢ ᠨᠡᠭᠡᠭᠡᠭᠰᠡᠨ ᠠᠴᠠ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠲᠦᠭᠰᠢᠭᠦᠷᠢ ᠶᠢ ᠨᠡᠮᠡᠭᠳᠡᠭᠦᠯᠬᠦ ᠠᠴᠠ ᠵᠠᠶᠢᠯᠠᠰᠬᠢᠵᠦ᠂ ᠬᠥᠮᠦᠰ ᠬᠤᠷᠠᠨ ᠴᠤᠭᠯᠠᠷᠠᠬᠤ᠂ ᠵᠤᠭᠠᠴᠠᠭᠰᠠᠳ ᠤᠨ ᠭᠡᠯᠮᠡᠭᠳᠡᠯ ᠪᠠ ᠨᠠᠵᠠᠭᠠᠶ ᠶᠠᠷᠢᠶ᠎ᠠ ᠬᠡᠯᠡᠯᠴᠡᠭᠡ ᠡᠭᠦᠰᠭᠡᠬᠦ ᠠᠴᠠ ᠵᠠᠶᠢᠯᠠᠰᠬᠢᠬᠦ ᠬᠡᠷᠡᠭᠲᠡᠶ ᠭᠡᠵᠦ ᠱᠠᠭᠠᠷᠳᠠᠭᠰᠠᠨ  ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ