3 ᠳ᠋ᠤᠭᠠᠷ ᠰᠠᠷ᠎ᠠ ᠶᠢᠨ 27 ᠤ ᠡᠳᠦᠷ᠂ ᠬᠥᠬᠡᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ | ᠵᠥᠪᠯᠡᠯ ᠤᠨ ᠡᠬᠡ ᠨᠢᠯᠬᠠᠰ ᠤᠨ ᠰᠠᠯᠠᠭᠠᠨ ᠤ ᠳᠠᠷᠤᠭ᠎ᠠ ᠹᠧᠩ ᠰᠦ᠋ ᠴᠢᠨ ᠪᠣᠯᠤᠨ ᠲᠤᠰᠬᠠᠶ ᠮᠡᠷᠭᠡᠵᠢᠯᠲᠡᠨ ᠤ | ᠳᠤᠭᠤᠶᠢᠯᠠᠩ ᠤᠨ ᠬᠢᠨ ᠴᠢᠩ ᠱᠦᠶ ᠾᠧ ᠰᠢᠶᠠᠨ ᠤ ᠡᠮᠨᠡᠯᠭᠡ ᠶᠢᠨ ᠬᠤᠷᠢᠶᠠᠨ ᠤ ᠬᠦᠨᠳᠦ ᠲᠦᠭᠰᠢᠭᠦᠷᠢᠲᠡᠶ | ᠵᠢᠷᠮᠦᠰᠦᠨ ᠡᠮᠡᠭᠲᠡᠶ ᠪᠠ ᠨᠢᠷᠠᠶ ᠬᠡᠦᠬᠡᠳ ᠢ ᠡᠮᠨᠡᠨ ᠵᠠᠰᠠᠬᠤ ᠲᠥᠪ ᠤᠨ ᠪᠥᠲᠥᠭᠡᠨ ᠪᠠᠶᠢᠭᠤᠯᠤᠯᠲᠠ ᠶᠢᠨ ᠪᠠᠶᠢᠳᠠᠯ ᠢ | ᠰᠢᠮᠳᠠᠭᠤᠯᠤᠨ ᠵᠢᠯᠣᠭᠤᠳᠴᠤ ᠪᠠᠶᠢᠴᠠᠭᠠᠪᠠ᠃ ᠪᠠᠶᠢᠴᠠᠭᠠᠬᠤ ᠳᠤᠭᠤᠶᠢᠯᠠᠩ ᠭᠤᠤᠯᠳᠠᠭᠤ ᠬᠠᠷᠢᠭᠤ ᠮᠡᠳᠡᠭᠦᠯᠦᠯᠲᠡ | ᠰᠣᠨᠣᠰᠬᠤ᠂ ᠲᠤᠬᠠᠶ ᠶᠢᠨ ᠭᠠᠵᠠᠷ ᠲᠤᠨᠢ ᠪᠠᠶᠢᠴᠠᠭᠠᠨ ᠦᠵᠡᠬᠦ᠂ ᠮᠠᠲ᠋ᠧᠷᠢᠶᠠᠯ ᠢ ᠪᠠᠶᠢᠴᠠᠭᠠᠨ ᠦᠵᠡᠬᠦ ᠵᠢᠴᠢ ᠤᠨᠤᠯ | ᠤᠨ ᠤᠷ᠎ᠠ ᠴᠢᠳᠠᠪᠤᠷᠢ ᠶᠢ ᠲᠠᠰᠢᠷᠠᠮ ᠳᠠᠭᠠᠤ ᠠᠰᠠᠭᠤᠵᠤ ᠬᠢᠨᠠᠨ ᠰᠢᠯᠭᠠᠬᠤ ᠵᠡᠷᠭᠡ ᠠᠷᠭ᠎ᠠ ᠮᠠᠶ᠋ᠢᠭ ᠢᠶᠠᠷ | ᠶᠠᠪᠤᠭᠳᠠᠭᠤᠯᠪᠠ᠃ ᠪᠠᠶᠢᠴᠠᠭᠠᠯᠲᠠ ᠳᠠᠭᠤᠰᠤᠭᠰᠠᠨ ᠤ ᠳᠠᠷᠠᠭ᠎ᠠ᠂ ᠪᠠᠶᠢᠴᠠᠭᠠᠬᠤ ᠳᠤᠭᠤᠶᠢᠯᠠᠩ ᠰᠢᠶᠠᠨ ᠤ | ᠡᠮᠨᠡᠯᠭᠡ ᠶᠢᠨ ᠬᠤᠷᠢᠶᠠᠨ ᠤ ᠬᠦᠨᠳᠦ ᠲᠦᠭᠰᠢᠭᠦᠷᠢᠲᠡᠶ ᠵᠢᠷᠮᠦᠰᠦᠨ ᠡᠮᠡᠭᠲᠡᠶ ᠪᠠ ᠨᠢᠷᠠᠢ ᠬᠡᠦᠬᠡᠳ ᠢ ᠡᠮᠨᠡᠨ ᠵᠠᠰᠠᠬᠤ | ᠲᠥᠪ ᠤᠨ ᠰᠠᠭᠤᠷᠢ ᠪᠥᠲᠥᠭᠡᠨ ᠪᠠᠶᠢᠭᠤᠯᠤᠯᠲᠠ᠂ ᠵᠣᠬᠢᠶᠠᠨ ᠪᠠᠶᠢᠭᠤᠯᠤᠯᠲᠠ ᠶᠢᠨ ᠬᠠᠮᠢᠶᠠᠷᠤᠯᠲᠠ᠂ ᠠᠵᠢᠯᠲᠠᠨ ᠪᠠ | ᠲᠥᠬᠦᠭᠡᠷᠦᠮᠵᠢ ᠶᠢᠨ ᠲᠣᠬᠢᠷᠠᠭᠤᠯᠤᠯᠲᠠ᠂ ᠦᠨᠳᠦᠰᠦᠨ ᠲᠦᠷᠢᠮ ᠤᠨ ᠪᠠᠶᠢᠭᠤᠯᠤᠯᠲᠠ᠂ ᠦᠶᠯᠡᠴᠢᠯᠡᠭᠡᠨ ᠤ ᠤᠷ᠎ᠠ | ᠴᠢᠳᠠᠪᠤᠷᠢ᠂ ᠲᠤᠬᠠᠶᠢᠯᠠᠭᠰᠠᠨ ᠠᠵᠢᠯ ᠤᠨ ᠬᠠᠮᠢᠶᠠᠷᠤᠯᠲᠠ ᠵᠢᠴᠢ ᠬᠠᠯᠳᠠᠪᠤᠷᠢᠯᠠᠯ ᠢ ᠰᠡᠷᠭᠡᠶᠢᠯᠡᠬᠦ ᠪᠠ ᠡᠵᠡᠮᠳᠡᠬᠦ ᠵᠡᠷᠭᠡ | ᠲᠠᠯ᠎ᠠ ᠪᠠᠷ ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠬᠠᠷᠢᠭᠤ ᠲᠤᠰᠬᠠᠬᠤ ᠰᠠᠨᠠᠯ ᠳᠤᠷᠠᠳᠪᠠ᠃ ᠰᠢᠶᠠᠨ ᠤ | ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯᠤᠨ ᠰᠢᠶᠠᠨ ᠤ ᠡᠮᠨᠡᠯᠭᠡ ᠶᠢᠨ ᠬᠤᠷᠢᠶᠠᠨ ᠤ ᠭᠤᠤᠯ | ᠤᠳᠤᠷᠢᠳᠤᠯᠭ᠎ᠠ ᠪᠠᠶᠢᠴᠠᠭᠠᠬᠤ ᠳᠤᠭᠤᠶᠢᠯᠠᠩ ᠤᠨ ᠰᠢᠨᠵᠢᠯᠡᠬᠦ ᠤᠬᠠᠭᠠᠨᠴᠢ ᠵᠢᠯᠣᠭᠤᠳᠣᠯᠭ᠎ᠠ ᠪᠣᠯᠤᠨ ᠳᠤᠷᠠᠳᠤᠭᠰᠠᠨ | ᠰᠠᠨᠠᠭᠤᠯᠭ᠎ᠠ ᠳᠤ ᠲᠠᠯᠠᠷᠬᠠᠵᠤ ᠪᠠᠶᠢᠬᠤ ᠪᠠᠨ ᠢᠯᠡᠳᠬᠡᠭᠰᠡᠨ ᠪᠥᠭᠡᠳ ᠣᠶᠢᠷ᠎ᠠ ᠳᠤ ᠰᠢᠨ᠎ᠡ ᠬᠡᠯᠪᠡᠷᠢ ᠶᠢᠨ ᠲᠢᠲᠢᠮᠯᠢᠭ | ᠸᠢᠷᠦ᠋ᠰ ᠤᠨ ᠬᠠᠯᠳᠠᠪᠤᠷᠢᠯᠠᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠬᠦ ᠶᠢᠨ | ᠬᠠᠮᠲᠤ᠂ ︽ᠬᠤᠶᠠᠷ ᠲᠥᠪ ᠤᠨ ᠪᠥᠲᠥᠭᠡᠨ ᠪᠠᠶᠢᠭᠤᠯᠤᠯᠲᠠ︾ ᠳᠤ ᠣᠷᠣᠰᠢᠵᠤ ᠪᠠᠶᠢᠭ᠎ᠠ ᠠᠰᠠᠭᠤᠳᠠᠯ ᠳᠤ | ᠴᠢᠭᠯᠡᠭᠦᠯᠦᠨ᠂ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠲᠥᠪ ᠤᠨ ᠪᠥᠲᠥᠭᠡᠨ ᠪᠠᠶᠢᠭᠤᠯᠤᠯᠲᠠ ᠶᠢᠨ ᠠᠵᠢᠯ ᠤᠨ | ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠦᠨᠡᠨ ᠬᠦ ᠰᠠᠶᠢᠲᠤᠷ ᠠᠳᠬᠤᠵᠤ᠂ ᠪᠥᠲᠥᠭᠡᠨ | ᠪᠠᠶᠢᠭᠤᠯᠤᠯᠲᠠ ᠶᠢᠨ ᠡᠭᠦᠷᠭᠡ ᠪᠠᠨ ᠲᠡᠭᠦᠰ ᠠᠮᠵᠢᠯᠲᠠ ᠲᠠᠢ ᠪᠡᠶᠡᠯᠡᠭᠦᠯᠵᠦ᠂ ᠡᠬᠡ ᠨᠢᠯᠬᠠᠰ ᠤᠨ ᠠᠮᠤᠷ ᠲᠦᠪᠰᠢᠨ ᠢ | ᠪᠠᠲᠤᠯᠠᠨ᠎ᠠ ᠭᠡᠪᠡ᠃ |