ᠵᠠᠩ ᠶᠦᠩ ᠸᠧᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠣᠬᠢᠴᠠᠭᠤᠯᠣᠯᠲᠠ ᠶᠢᠨ ᠬᠤᠷᠠᠯ ᠢ ᠡᠷᠬᠢᠯᠡᠨ ᠬᠤᠷᠠᠯᠳᠤᠭᠤᠯᠪᠠ
ᠨᠡᠶᠢᠲᠡᠯᠡᠭᠰᠡᠨ ᠴᠠᠭ᠄
2020-03-31
     3 ᠳ᠋ᠤᠭᠠᠷ ᠰᠠᠷ᠎ᠠ ᠶᠢᠨ 26 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠱᠦᠵᠢ ᠵᠠᠩ ᠶᠦᠩ ᠸᠧᠨ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠲᠥᠷᠥᠯ ᠵᠦᠢᠯ ᠤᠨ ᠵᠣᠬᠢᠴᠠᠭᠤᠯᠣᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠬᠤ ᠳᠠᠭᠠᠨ᠂ ᠬᠤᠷᠢᠨᠭᠡᠷ ᠰᠢᠶᠠᠨ ᠤ ᠲᠣᠰ ᠭᠠᠵᠠᠷ ᠤᠨ ᠠᠵᠤ ᠠᠬᠤᠶᠢᠯᠠᠯ ᠤᠨ ᠦᠢᠯᠡᠳᠬᠦᠨ ᠤ ᠣᠷᠣᠨ ᠨᠤᠲᠤᠭ ᠤᠨ ᠠᠵᠤ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠶᠠᠪᠤᠴᠠ ᠳᠠᠬᠢ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠬᠢᠭᠡᠳ ᠣᠷᠣᠨ ᠨᠤᠲᠤᠭ ᠤᠨ ᠬᠠᠮᠲᠤ ᠶᠢᠨ ᠬᠥᠭᠵᠢᠯᠲᠡ ᠶᠢᠨ ᠰᠠᠶᠢᠨ ᠣᠷᠴᠢᠯ ᠢ ᠪᠣᠶ ᠪᠣᠯᠭᠠᠬᠤ ᠶᠢ ᠳᠥᠯᠭᠢᠨ ᠠᠬᠢᠭᠤᠯᠵᠤ᠂ ᠤᠶᠤᠨᠲᠤ ᠬᠤᠲᠠ ᠶᠢᠨ ᠪᠥᠲᠥᠭᠡᠨ ᠪᠠᠶᠢᠭᠤᠯᠤᠯᠲᠠ ᠨᠢ ᠰᠢᠶᠠᠨ ᠾᠦᠩ ᠦᠢᠯᠡᠳᠬᠦᠨ ᠳᠤ ᠰᠠᠭᠤᠷᠢᠯᠠᠵᠤ᠂ ᠬᠤᠸᠠ ᠸᠧᠶ ᠲᠦᠰᠥᠯ ᠳᠤ ᠲᠦᠰᠢᠭᠯᠡᠨ᠂ ᠮᠧᠩ ᠰᠢᠨ ᠮᠡᠷᠭᠡᠵᠢᠯ ᠢ ᠬᠡᠷᠡᠭᠯᠡᠨ᠂ ᠤᠶᠤᠨᠲᠤ ᠬᠤᠲᠠ ᠶᠢᠨ ︽ᠬᠤᠷᠢᠨᠭᠡᠷ ᠤᠨ ᠵᠠᠭᠪᠤᠷ︾ ᠢ ᠦᠨᠡᠨᠬᠦ ᠪᠣᠶ ᠪᠣᠯᠭᠠᠵᠤ ᠂ ᠬᠠᠭᠤᠯᠪᠤᠷᠢᠯᠠᠵᠤ ᠪᠣᠯᠬᠤ᠂ ᠳᠡᠯᠭᠡᠷᠡᠭᠦᠯᠵᠦ ᠪᠣᠯᠬᠤ ︽ᠬᠤᠷᠢᠨᠭᠡᠷ ᠤᠨ ᠲᠤᠷᠰᠢᠯᠭ᠎ᠠ︾ ᠶᠢ ᠬᠦᠴᠦᠯᠡᠨ ᠪᠣᠶ ᠪᠣᠯᠭᠠᠬᠤ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ ᠰᠢᠶᠠᠨ ᠬᠤᠩ ᠰᠢᠨᠵᠢᠯᠡᠬᠦ ᠤᠬᠠᠭᠠᠨ ᠮᠡᠷᠭᠡᠵᠢᠯ᠂ ᠬᠤᠸᠠ ᠸᠧᠢ ᠪᠦᠯᠦᠭᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠤ ᠣᠶᠣᠨᠲᠣ ᠬᠤᠳᠠ ᠶᠢᠨ ᠪᠠᠶᠢᠳᠠᠯ ᠤᠨ ᠲᠤᠬᠠᠢ ᠲᠠᠨᠢᠯᠴᠠᠭᠤᠯᠭ᠎ᠠ ᠶᠢ ᠰᠣᠨᠣᠰᠴᠤ᠂ ᠰᠢᠶᠠᠨ ᠤ ᠰᠢᠭᠤᠳ ᠬᠠᠷᠢᠶ᠎ᠠ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠤᠷᠢᠳ ᠬᠤᠵᠢᠳ ᠶᠠᠷᠢᠶ᠎ᠠ ᠲᠠᠯᠪᠢᠪᠠ᠃      ᠵᠠᠩ ᠶᠦᠩ ᠸᠧᠨ᠂ ᠤᠶᠤᠨᠲᠤ ᠬᠤᠳᠠ ᠶᠢ ᠪᠦᠳᠦᠭᠡᠨ ᠪᠠᠶᠢᠭᠤᠯᠬᠤ ᠨᠢ ᠬᠤᠷᠢᠨᠭᠡᠷ ᠰᠢᠶᠠᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠲᠦᠷᠭᠡᠳᠬᠡᠬᠦ᠂ ᠬᠤᠳᠠ ᠶᠢᠨ ᠵᠠᠰᠠᠯᠲᠠ ᠶᠢᠨ ᠰᠢᠰᠲ᠋ᠧᠮ ᠪᠣᠯᠤᠨ ᠵᠠᠰᠠᠯᠲᠠ ᠶᠢᠨ ᠴᠢᠳᠠᠪᠤᠷᠢ ᠶᠢᠨ ᠣᠳᠣᠬᠢᠴᠢᠯᠠᠯᠲᠠ ᠶᠢ ᠠᠬᠢᠭᠤᠯᠬᠤ᠂ ᠠᠷᠠᠳ ᠤᠨ ᠠᠮᠢᠳᠤᠷᠠᠯ ᠢ ᠪᠠᠲᠤᠯᠠᠨ ᠰᠠᠶᠢᠵᠢᠷᠠᠭᠤᠯᠬᠤ ᠳᠤ ᠴᠢᠬᠤᠯᠠ ᠠᠴᠢ ᠬᠤᠯᠪᠣᠭᠳᠠᠯ ᠲᠠᠢ ᠶᠤᠮ᠃ ᠨᠢᠭᠡᠳᠦᠯᠲᠡᠢ ᠲᠥᠯᠥᠪᠵᠢᠭᠦᠯᠬᠦ᠂ ᠬᠤᠭᠤᠴᠠᠭ᠎ᠠ ᠬᠤᠪᠢᠶᠠᠨ ᠬᠡᠷᠡᠭᠵᠢᠭᠦᠯᠬᠦ ᠶᠢ ᠪᠠᠷᠢᠮᠲᠠᠯᠠᠵᠤ᠂ ᠠᠯᠤᠰ ᠬᠡᠳᠤ ᠶᠢᠨ ᠠᠰᠢᠭ ᠲᠤᠰᠠ ᠶᠢ ᠪᠣᠳᠣᠯᠬᠢᠯᠠᠬᠤ ᠮᠥᠷᠲᠡᠭᠡᠨ ᠪᠠᠰᠠ ᠪᠣᠳᠠᠲᠤ ᠬᠡᠷᠡᠭᠴᠡᠭᠡ ᠶᠢ ᠪᠣᠳᠣᠯᠬᠢᠯᠠᠬᠤ ᠬᠡᠷᠡᠭᠲᠡᠢ︔ ᠴᠢᠳᠠᠯ ᠤᠨ ᠢᠶᠠᠨ ᠬᠢᠷᠢ ᠪᠠᠷ ᠴᠢᠷᠮᠠᠶᠢᠬᠤ ᠮᠥᠷᠲᠡᠭᠡᠨ ᠴᠢᠳᠠᠯ ᠤᠨ ᠢᠶᠠᠨ ᠬᠢᠷᠢ ᠪᠠᠷ ᠬᠢᠬᠦ ᠬᠡᠷᠡᠭᠲᠡᠶ︔ ᠪᠣᠳᠠᠲᠠᠶ ᠪᠠᠭ᠎ᠠ ᠶᠠᠪᠤᠳᠠᠯ ᠠᠴᠠ ᠭᠠᠷᠳᠠᠬᠤ ᠮᠥᠷᠲᠡᠭᠡᠨ ᠪᠠᠰᠠ ᠪᠦᠬᠦ ᠲᠠᠯ᠎ᠠ ᠳᠤ ᠬᠤᠯᠪᠣᠭᠳᠠᠬᠤ ᠶᠡᠭᠡ ᠶᠠᠪᠤᠳᠠᠯ ᠠᠴᠠ ᠡᠭᠦᠰᠴᠦ᠂ ᠬᠠᠤᠯᠢ ᠶᠣᠰᠣᠭᠠᠷ ᠲᠣᠭᠲᠠᠭᠠᠯ ᠳᠤ ᠨᠡᠶᠢᠴᠡᠭᠦᠯᠵᠦ᠂ ᠪᠣᠳᠠᠲᠠᠶ ᠶᠢ ᠡᠷᠬᠢᠮᠯᠡᠨ ᠥᠨᠳᠥᠷ ᠪᠦᠲᠦᠮᠵᠢᠲᠡᠢ ᠪᠠᠷ ᠣᠶᠣᠨᠲᠣ ᠬᠤᠲᠠ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠬᠡᠷᠡᠭᠲᠡᠶ ᠭᠡᠵᠦ ᠵᠢᠭᠠᠵᠣ ᠭᠠᠷᠭᠠᠪᠠ᠃      ᠵᠠᠩ ᠶᠦᠩ ᠸᠧᠨ᠂ ︽ᠪᠣᠳᠠᠲᠤ ᠬᠡᠷᠡᠭᠴᠡᠭᠡ ᠲᠠᠢ᠂ ᠪᠣᠳᠠᠲᠤ ᠦᠷ᠎ᠡ ᠪᠦᠲᠦᠮᠵᠢ︾ ᠪᠠᠷ ᠪᠠᠷᠢᠮᠵᠢᠶ᠎ᠠ ᠪᠣᠯᠭᠠᠵᠤ᠂ ︽ᠪᠠᠭ᠎ᠠ ᠮᠥᠷᠲᠡᠭᠡᠨ ᠰᠢᠯᠢᠳᠡᠭ᠂ ᠪᠠᠭ᠎ᠠ ᠮᠥᠷᠲᠡᠭᠡᠨ ᠣᠨᠴᠠᠭᠠᠢ︾ ᠳᠤ ᠰᠠᠭᠤᠷᠢᠯᠠᠵᠤ᠂ ᠤᠶᠤᠨᠲᠤ ᠬᠤᠳᠠ ᠶᠢᠨ ᠡᠵᠡᠩᠨᠡᠯᠲᠡ ᠶᠢ ᠨᠡᠩ ᠴᠢᠬᠤᠯᠠᠴᠢᠯᠠᠵᠤ᠂ ᠵᠠᠰᠠᠯᠲᠠ ᠶᠢᠨ ᠴᠢᠳᠠᠪᠤᠷᠢ ᠪᠣᠯᠤᠨ ᠦᠢᠯᠡᠴᠢᠯᠡᠭᠡᠨ ᠤ ᠲᠦᠪᠰᠢᠨ ᠢ ᠲᠠᠰᠤᠷᠠᠯᠲᠠ ᠦᠭᠡᠢ ᠳᠡᠭᠡᠭᠰᠢᠯᠡᠭᠦᠯᠵᠦ᠂ ᠬᠤᠳᠠ ᠶᠢᠨ ᠬᠠᠮᠢᠶᠠᠷᠤᠯᠲᠠ ᠦᠢᠯᠡᠴᠢᠯᠡᠭᠡᠨ ᠤ ᠶᠠᠪᠤᠴᠠ ᠳᠠᠬᠢ ᠪᠣᠭᠤᠮᠢ ᠪᠣᠯᠤᠨ ᠳᠤᠲᠠᠭᠤᠳᠠᠯ ᠢ ᠡᠩ ᠲᠡᠷᠢᠭᠦᠨ ᠳᠤ ᠰᠢᠢᠳᠪᠦᠷᠢᠯᠡᠬᠦ ᠬᠡᠷᠡᠭᠲᠡᠢ᠃ ᠲᠠᠪᠴᠠᠩ ᠢ ᠨᠢᠭᠡᠳᠬᠡᠵᠦ᠂ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳᠠᠪᠬᠤᠷᠳᠠᠭᠤᠯᠤᠨ ᠪᠥᠲᠥᠭᠡᠨ ᠪᠠᠶᠢᠭᠤᠯᠬᠤ ᠪᠠ ᠡᠬᠢ ᠪᠠᠶᠠᠯᠢᠭ ᠢ ᠪᠦᠷᠢᠯᠭᠡᠨ ᠰᠦᠢᠳᠬᠡᠬᠦ ᠠᠴᠠ ᠵᠠᠶᠢᠯᠠᠰᠬᠢᠵᠦ᠂ ᠨᠢᠭᠡ ᠪᠦᠯᠦᠭ ᠣᠯᠠᠨ ᠲᠦᠮᠡᠨ ᠤ ᠪᠠᠴᠢᠮ ᠬᠡᠷᠡᠭᠴᠡᠭᠡ ᠲᠠᠢ᠂ ᠰᠠᠭᠤᠷᠢ ᠪᠥᠷᠢᠳᠦᠭᠰᠡᠨ᠂ ᠪᠣᠳᠠᠲᠤ ᠬᠡᠷᠡᠭᠴᠡᠭᠡ ᠲᠠᠢ ᠬᠡᠷᠡᠭᠯᠡᠭᠡᠨ ᠤ ᠲᠥᠷᠥᠯ ᠵᠦᠢᠯ ᠢ ᠤᠷᠢᠳᠠᠪᠠᠷ ᠪᠥᠲᠥᠭᠡᠨ ᠪᠠᠶᠢᠭᠤᠯᠵᠤ᠂ ᠪᠠᠷᠢᠮᠵᠢᠶᠠᠵᠢᠭᠤᠯᠬᠤ ᠪᠠᠷ ᠬᠥᠲᠥᠯᠦᠨ ᠳᠠᠭᠠᠭᠤᠯᠵᠤ᠂ ᠲᠤᠭ᠎ᠠ ᠪᠠᠷᠢᠮᠲᠠ ᠶᠢᠨ ᠮᠡᠳᠡᠭᠡ ᠵᠠᠩᠭᠢ ᠶᠢᠨ ᠡᠬᠢ ᠪᠠᠶᠠᠯᠢᠭ ᠢ ᠬᠡᠰᠡᠭᠯᠡᠬᠦ ᠵᠡᠷᠭᠡ ᠠᠰᠠᠭᠤᠳᠠᠯ ᠢ ᠪᠥᠬᠦ ᠬᠦᠴᠦᠨ ᠢᠶᠠᠷ ᠢᠶᠠᠨ ᠠᠷᠢᠯᠭᠠᠵᠤ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ᠂ ᠬᠠᠮᠲᠣ ᠪᠠᠷ ᠪᠠᠶᠢᠭᠤᠯᠵᠤ ᠬᠠᠮᠲᠤ ᠪᠠᠷ ᠡᠳ᠋ᠯᠡᠬᠦ ᠶᠢ ᠪᠡᠶᠡᠯᠡᠭᠦᠯᠬᠦ ᠬᠡᠷᠡᠭᠲᠡᠶ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠤᠯᠠᠮ ᠨᠢᠭᠡ ᠠᠯᠬᠤᠮ ᠴᠢᠩᠭᠠᠳᠬᠠᠨ᠂ ᠠᠵᠢᠯ ᠤᠨ ᠪᠠᠶᠢᠭᠤᠯᠣᠮᠵᠢ ᠪᠠᠨ ᠲᠡᠭᠦᠯᠳᠡᠷᠵᠢᠭᠦᠯᠵᠦ᠂ ᠤᠶᠤᠨᠲᠤ ᠬᠤᠲᠠ ᠶᠢᠨ ᠪᠦᠲᠦᠭᠡᠨ ᠪᠠᠶᠢᠭᠤᠯᠤᠯᠲᠠ ᠶᠢᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠰᠤᠳᠤᠯᠤᠨ ᠲᠣᠬᠢᠷᠠᠭᠤᠯᠵᠤ᠂ ᠡᠯ᠎ᠡ ᠵᠦᠢᠯ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ ᠶᠢ ᠨᠠᠶᠢᠳᠠᠪᠤᠷᠢᠵᠢᠭᠤᠯᠬᠤ ᠪᠠ ᠬᠡᠷᠡᠭᠵᠢᠭᠦᠯᠬᠦ ᠶᠢ ᠲᠦᠷᠭᠡᠳᠬᠡᠬᠦ ᠬᠡᠷᠡᠭᠲᠡᠶ ᠭᠡᠵᠦ ᠴᠢᠩᠭᠠᠳᠬᠠᠪᠠ᠃      ᠰᠢᠶᠠᠨ ᠤ ᠤᠳᠤᠷᠢᠳᠤᠯᠭ᠎ᠠ ᠵᠠᠩ ᠯᠢᠨ ᠯᠢᠨ᠂ ᠸᠠᠩ ᠯᠠᠶ ᠵᠦ᠂ ᠵᠠᠩ ᠴᠢᠤᠸᠠᠨ ᠱᠧᠩ᠂ ᠾᠧ ᠹᠧᠩ ᠬᠤᠷᠠᠯ ᠳᠤ ᠣᠷᠣᠯᠴᠠᠭᠰᠠᠨ ᠪᠥᠭᠡᠳ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ ᠮᠠᠨ ᠤ ᠰᠢᠶᠠᠨ ᠤ ᠤᠶᠤᠨᠲᠤ ᠬᠤᠳᠠ ᠶᠢᠨ ᠪᠦᠳᠦᠭᠡᠨ ᠪᠠᠶᠢᠭᠤᠯᠣᠯᠲᠠ ᠶᠢᠨ ᠪᠠᠶᠢᠳᠠᠯ ᠤᠨ ᠲᠤᠬᠠᠶ ᠪᠣᠳᠠᠲᠠᠶ ᠰᠠᠨᠠᠭᠤᠯᠭ᠎ᠠ ᠪᠠ ᠰᠠᠨᠠᠯ ᠳᠤᠷᠠᠳᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号