ᠭᠠᠩᠪᠦ᠋ᠬᠡ ᠬᠤᠷᠢᠨᠭᠡᠷ ᠰᠢᠶᠠᠨ ᠤ ᠳᠠᠭᠠᠭᠠᠴᠢᠯᠠᠨ ᠬᠠᠷᠢᠯᠴᠠᠵᠣ ᠪᠠᠶᠢᠭ᠎ᠠ ᠠᠵᠤ ᠠᠬᠤᠶᠢᠯᠠᠯ ᠳᠤ ᠬᠦᠷᠴᠦ ᠪᠠᠶᠢᠴᠠᠭᠠᠨ ᠰᠣᠳᠣᠯᠣᠯᠲᠠ ᠬᠢᠪᠡ
ᠨᠡᠶᠢᠲᠡᠯᠡᠭᠰᠡᠨ ᠴᠠᠭ᠄
2020-03-31
     3 ᠳ᠋ᠤᠭᠠᠷ ᠰᠠᠷ᠎ᠠ ᠶᠢᠨ 30 ᠤ ᠡᠳᠦᠷ ᠤᠨ ᠦᠳᠡ ᠶᠢᠨ ᠡᠮᠦᠨ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠭᠠᠩᠪᠦ᠋ᠬᠡ ᠨᠠᠷ ᠮᠠᠨ ᠤ ᠰᠢᠶᠠᠨ ᠳᠤ ᠳᠠᠭᠠᠭᠠᠴᠢᠯᠠᠨ ᠬᠠᠷᠢᠯᠴᠠᠵᠣ ᠪᠠᠶᠢᠭ᠎ᠠ ᠠᠵᠤ ᠠᠬᠤᠶᠢᠯᠠᠯ ᠥᠪᠥᠷ ᠮᠣᠩᠭᠤᠯ ᠤᠨ ᠬᠤᠤ ᠶᠤᠸᠠᠨ ᠰᠢᠨ᠎ᠡ ᠮᠠᠲ᠋ᠧᠷᠢᠶᠠᠯ ᠤᠨ ᠬᠤᠪᠢ ᠣᠷᠣᠭᠤᠯᠣᠭᠰᠠᠨ ᠬᠢᠵᠠᠭᠠᠷᠲᠤ ᠺᠣᠮᠫᠠᠨᠢ᠂ ᠮᠧᠩ ᠱᠤ᠋ ᠠᠮᠢ ᠠᠬᠤᠶ ᠶᠢᠨ ᠪᠥᠲᠥᠭᠡᠨ ᠪᠠᠶᠢᠭᠤᠯᠤᠯᠲᠠ ᠶᠢᠨ ᠪᠦᠯᠦᠭᠯᠡᠯ ᠤᠨ ᠬᠢᠵᠠᠭᠠᠷᠲᠤ ᠺᠣᠮᠫᠠᠨᠢ᠂ ᠥᠪᠥᠷ ᠮᠣᠩᠭᠤᠯ ᠤᠨ ᠨᠸᠢ ᠳ᠋ᠠ ᠱᠧᠩ ᠮᠦ ᠮᠠᠯ ᠠᠵᠤ ᠠᠬᠤᠶ ᠳᠡᠭᠡᠳᠦ ᠰᠢᠨᠵᠢᠯᠡᠬᠦ ᠤᠬᠠᠭᠠᠨ ᠮᠡᠷᠭᠡᠵᠢᠯ ᠤᠨ ᠮᠠᠯ ᠠᠵᠤ ᠠᠬᠤᠶ ᠶᠢᠨ ᠬᠢᠵᠠᠭᠠᠷᠲᠤ ᠺᠣᠮᠫᠠᠨᠢ ᠳᠤ ᠭᠦᠨᠵᠡᠭᠡᠶᠢᠷᠡᠨ ᠠᠵᠤ ᠠᠬᠤᠶᠢᠯᠠᠯ ᠤᠨ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ᠂ ᠬᠢᠵᠢᠭ ᠲᠤ ᠨᠦᠯᠦᠭᠡᠯᠡᠭᠳᠡᠭᠰᠡᠨ ᠪᠠᠶᠢᠳᠠᠯ ᠵᠡᠷᠭᠡ ᠶᠢᠨ ᠲᠤᠬᠠᠶ ᠪᠠᠶᠢᠴᠠᠭᠠᠨ ᠰᠤᠳᠤᠯᠤᠯᠲᠠ ᠬᠢᠪᠠ᠃      ᠭᠠᠩᠪᠦ᠋ᠬᠡ ᠠᠵᠤ ᠠᠬᠤᠶᠢᠯᠠᠯ ᠤᠨ ᠬᠠᠷᠢᠭᠤᠴᠠᠯᠭᠠᠲᠠᠨ ᠲᠠᠢ ᠨᠢᠭᠤᠷᠳᠠᠨ ᠶᠠᠷᠢᠯᠴᠠᠵᠤ᠂ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠭᠰᠡᠨ ᠪᠠᠶᠢᠳᠠᠯ᠂ ᠬᠢᠵᠢᠭ ᠲᠤ ᠨᠦᠯᠦᠭᠡᠯᠡᠭᠳᠡᠭᠰᠡᠨ ᠪᠠᠶᠢᠳᠠᠯ᠂ ᠣᠳᠣᠬᠠᠨ ᠳᠤ ᠣᠷᠣᠰᠢᠵᠤ ᠪᠠᠶᠢᠭ᠎ᠠ ᠠᠰᠠᠭᠤᠳᠠᠯ ᠵᠢᠴᠢ ᠬᠦᠴᠢᠷᠳᠡᠯ ᠤᠨ ᠲᠤᠬᠠᠶ ᠬᠠᠷᠢᠭᠤ ᠮᠡᠳᠡᠭᠦᠯᠦᠯᠲᠡ ᠶᠢ ᠨᠠᠷᠢᠨ ᠬᠢᠨᠠᠮᠠᠭᠠᠶ ᠰᠣᠨᠣᠰᠪᠠ᠃            ᠭᠠᠩᠪᠦ᠋ᠬᠡ ᠵᠢᠭᠠᠵᠤ ᠭᠠᠷᠭᠠᠭᠰᠠᠨ ᠨᠢ᠂ ᠣᠳᠣᠬᠠᠨ ᠳᠤ ᠵᠠᠬ᠎ᠠ ᠳᠡᠯᠭᠡᠭᠦᠷ ᠤᠨ ᠪᠦᠬᠦᠯᠢ ᠴᠣᠭᠴᠠ ᠶᠢᠨ ᠣᠷᠴᠢᠨ ᠲᠣᠭᠤᠷᠢᠨ ᠬᠢᠵᠢᠭ ᠤᠨ ᠪᠠᠶᠢᠳᠠᠯ ᠳᠤ ᠨᠡᠯᠢᠶᠡᠳ ᠶᠡᠭᠡ ᠨᠥᠯᠥᠭᠡᠯᠡᠭᠳᠡᠵᠦ ᠪᠠᠶᠢᠨ᠎ᠠ᠂ ᠡᠯ᠎ᠡ ᠠᠵᠤ ᠠᠬᠤᠶᠢᠯᠠᠯ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠳᠡᠮᠵᠢᠯᠭᠡ ᠳᠣᠤᠷ᠎ᠠ᠂ ᠤᠯᠤᠰ ᠠᠴᠠ ᠨᠡᠶᠢᠲᠡᠯᠡᠭᠰᠡᠨ ᠠᠵᠤ ᠠᠬᠤᠶᠢᠯᠠᠯ ᠳᠤ ᠠᠰᠢᠭ ᠬᠦᠷᠲᠡᠭᠡᠬᠦ ᠡᠯ᠎ᠡ ᠵᠦᠢᠯ ᠤᠨ ᠲᠥᠷᠥ ᠶᠢᠨ ᠪᠣᠳᠣᠯᠭ᠎ᠠ ᠶᠢ ᠠᠰᠢᠭᠯᠠᠨ᠂ ᠠᠵᠤ ᠠᠬᠤᠶᠢᠯᠠᠯ ᠤᠨ ᠲᠣᠰ ᠪᠡᠶ᠎ᠡ ᠶᠢᠨ ᠳᠠᠪᠠᠭᠤᠯᠢᠭ ᠢ ᠭᠦᠢᠴᠡᠳ ᠠᠰᠢᠭᠯᠠᠵᠤ᠂ ᠠᠰᠢᠭ ᠦᠭᠡᠢ ᠬᠦᠴᠦᠨ ᠵᠦᠢᠯ ᠢ ᠠᠰᠢᠭᠲᠠᠢ ᠨᠥᠬᠦᠴᠡᠯ ᠪᠣᠯᠭᠠᠨ᠂ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠶᠢ ᠰᠠᠶᠢᠲᠤᠷ ᠬᠢᠬᠦ ᠶᠢᠨ ᠬᠠᠮᠲᠤ ᠠᠵᠤ ᠠᠬᠤᠶᠢᠯᠠᠯ ᠤᠨ ᠠᠵᠢᠯ ᠢᠶᠠᠨ ᠰᠡᠷᠭᠦᠭᠡᠵᠦ ᠦᠢᠯᠡᠳᠪᠦᠷᠢᠯᠡᠯ ᠢᠶᠠᠨ ᠰᠡᠷᠭᠦᠭᠡᠬᠦ ᠠᠵᠢᠯ ᠢ ᠪᠦᠬᠦ ᠬᠦᠴᠦᠨ ᠢᠶᠠᠷ ᠢᠶᠠᠨ ᠰᠠᠶᠢᠲᠤᠷ ᠠᠳᠬᠤᠵᠤ᠂ ᠠᠯᠢ ᠴᠢᠳᠠᠬᠤ ᠪᠠᠷ ᠬᠤᠬᠢᠷᠠᠯ ᠢ ᠵᠣᠭᠰᠣᠭᠠᠵᠤ ᠣᠷᠣᠯᠭ᠎ᠠ ᠪᠠᠨ ᠨᠡᠮᠡᠭᠳᠡᠭᠦᠯᠦᠨ᠂ ᠦᠢᠯᠡᠳᠪᠦᠷᠢᠯᠡᠯ ᠤᠨ ᠦᠷ᠎ᠡ ᠠᠰᠢᠭ ᠢ ᠳᠡᠭᠡᠭᠰᠢᠯᠡᠭᠦᠯᠵᠦ᠂ ᠡᠯ᠎ᠡ ᠱᠠᠲᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠴᠤ ᠪᠦᠬᠦ ᠬᠦᠴᠦᠨ ᠢᠶᠠᠷ ᠢᠶᠠᠨ ᠬᠠᠮᠵᠢᠯᠴᠠᠵᠤ᠂ ᠠᠵᠤ ᠠᠬᠤᠶᠢᠯᠠᠯ ᠤᠨ ᠬᠥᠭᠵᠢᠨ ᠪᠤᠵᠠᠭᠠᠶᠢᠷᠠᠬᠤ ᠳᠤ ᠬᠠᠪᠰᠤᠷᠤᠯᠭ᠎ᠠ ᠦᠵᠡᠭᠦᠯᠬᠦ ᠬᠡᠷᠡᠭᠲᠡᠢ ᠭᠡᠰᠡᠨ ᠪᠠᠶᠢᠨ᠎ᠠ᠃      ᠭᠠᠩᠪᠦ᠋ᠬᠡ ᠠᠵᠤ ᠠᠬᠤᠶᠢᠯᠠᠯ ᠳᠤ ᠣᠷᠣᠰᠢᠵᠤ ᠪᠠᠶᠢᠭ᠎ᠠ ᠬᠦᠴᠢᠷᠳᠡᠯ ᠪᠣᠯᠤᠨ ᠠᠰᠠᠭᠤᠳᠠᠯ ᠢ ᠨᠠᠷᠢᠨ ᠣᠶᠢᠯᠠᠭᠠᠭᠰᠠᠨ ᠤ ᠳᠠᠷᠠᠭ᠎ᠠ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ︽ᠭᠤᠷᠪᠠᠨ ᠶᠡᠭᠡ ᠪᠣᠭᠤᠮᠲᠠ ᠰᠢᠪᠲᠣᠯᠬᠤ ᠳᠠᠶᠢᠨ︾ ᠤ ᠢᠯᠠᠯᠲᠠ ᠶᠢ ᠤᠯᠬᠤ ᠵᠠᠩᠭᠢᠯᠠᠭ᠎ᠠ ᠶᠢᠨ ᠨᠢᠭᠡ ᠵᠢᠯ ᠮᠥᠨ᠂ ᠡᠯ᠎ᠡ ᠱᠠᠲᠤᠨ ᠤ ᠵᠠᠰᠠᠭ ᠤᠨ ᠣᠷᠳᠣᠨ ᠳᠤ ᠴᠥᠮ ︽ᠥᠷᠢ ᠰᠢᠷᠢ ᠶᠢ ᠢᠯᠭᠠᠷᠠᠭᠤᠯᠬᠤ︾ ᠡᠭᠦᠷᠭᠡ ᠣᠷᠣᠰᠢᠵᠤ ᠪᠠᠶᠢᠨ᠎ᠠ᠂ ᠬᠤᠲᠠ ᠶᠢᠨ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠠᠷᠭ᠎ᠠ ᠰᠦᠪᠡᠭᠴᠢᠯᠡᠨ ᠵᠣᠬᠢᠴᠠᠭᠤᠯᠵᠤ᠂ ᠬᠠᠪᠰᠤᠷᠤᠨ ᠰᠢᠢᠳᠪᠦᠷᠢᠯᠡᠵᠦ᠂ ᠡᠯ᠎ᠡ ᠠᠵᠤ ᠠᠬᠤᠶᠢᠯᠠᠯ ᠴᠤ ᠰᠡᠳᠬᠢᠬᠦᠶ ᠪᠠᠨ ᠬᠤᠪᠢᠷᠠᠭᠤᠯᠵᠤ᠂ ᠵᠢᠭᠡᠯᠡᠯᠭᠡ ᠶᠢᠨ ᠲᠡᠮᠳᠡᠭᠲᠦ᠂ ᠰᠢᠯᠵᠢᠭᠦᠯᠦᠨ ᠥᠭᠬᠦ᠂ ᠳᠠᠨᠵᠢᠯᠠᠬᠤ ᠵᠡᠷᠭᠡ ᠣᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ᠂ ᠵᠣᠭᠤᠰ ᠢᠶᠠᠨ ᠡᠭᠡᠭᠦᠯᠦᠨ ᠬᠤᠷᠢᠶᠠᠵᠤ᠂ ᠪᠡᠯᠡ ᠮᠦᠩᠭᠦᠨ ᠤ ᠬᠡᠯᠬᠢᠶ᠎ᠡ ᠶᠢ ᠠᠮᠢᠳᠤᠯᠢᠭ ᠪᠣᠯᠭᠠᠵᠤ᠂ ᠬᠦᠴᠢᠷ ᠪᠣᠭᠤᠮᠲᠠ ᠶᠢ ᠡᠷᠲᠡᠬᠡᠨ ᠲᠤᠭᠤᠯᠬᠤ ᠪᠠᠷ ᠴᠢᠷᠮᠠᠶᠢᠬᠤ ᠬᠡᠷᠡᠭᠲᠡᠶ ᠭᠡᠵᠡᠶ᠃      ᠰᠢᠶᠠᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠨᠢᠭᠡᠳᠦᠮᠡᠯ ᠹᠷᠣᠨᠲ ᠤᠨ ᠬᠡᠯᠲᠡᠰ ᠤᠨ ᠳᠠᠷᠤᠭ᠎ᠠ ᠰᠤ᠋ ᠵᠢᠶᠦ᠋ᠨ᠂ ᠰᠢᠶᠠᠨ ᠤ ᠳᠡᠳ᠋ ᠳᠠᠷᠤᠭ᠎ᠠ ᠾᠧ ᠹᠧᠩ᠂ ᠠᠵᠤ ᠠᠬᠤᠶ ᠶᠢᠨ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶᠠᠨ ᠤ ᠱᠦᠵᠢ᠂ ᠬᠠᠮᠢᠶᠠᠷᠤᠯᠲᠠ ᠶᠢᠨ ᠵᠥᠪᠯᠡᠯ ᠤᠨ ᠡᠷᠬᠢᠯᠡᠭᠴᠢ ᠶᠠᠨ ᡁᠢ ᠶᠦᠩ ᠵᠢᠴᠢ ᠬᠤᠯᠪᠣᠭᠳᠠᠯ ᠪᠥᠬᠦᠶ ᠬᠥᠮᠦᠰ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号