ᠺᠠᠩ ᠶᠦᠩ ᠴᠢᠶᠠᠩ ᠰᠢᠶᠠᠩ ᠪᠠᠯᠭᠠᠰᠤᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-03-04
     3 ᠳ᠋ᠤᠭᠠᠷ ᠰᠠᠷ᠎ᠠ ᠶᠢᠨ 1 ᠤ ᠡᠳᠦᠷ᠂ ᠰᠢᠶᠠᠨ ᠤ ᠨᠠᠮ ᠤᠨ ᠬᠤᠷᠢᠶ᠎ᠠ ᠶᠢᠨ ᠳᠡᠳ᠋ ᠱᠦᠵᠢ᠂ ᠰᠢᠶᠠᠨ ᠤ ᠳᠠᠷᠤᠭ᠎ᠠ ᠺᠠᠩ ᠶᠦᠩ ᠴᠢᠶᠠᠩ ᠤᠯᠢᠶᠠᠰᠤᠲᠠᠢ ᠰᠢᠶᠠᠩ᠂ ᠬᠤᠩ ᠾᠧ ᠪᠠᠯᠭᠠᠰᠤ ᠪᠣᠯᠤᠨ ᠴᠧᠩ ᠭᠤᠸᠠᠨ ᠪᠠᠯᠭᠠᠰᠤᠨ  ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠠᠵᠢᠯ ᠢ ᠪᠠᠶᠢᠴᠠᠭᠠᠨ ᠰᠤᠳᠤᠯᠪᠠ᠃      ᠪᠠᠶᠢᠴᠠᠭᠠᠨ ᠰᠤᠳᠤᠯᠤᠯᠲᠠ ᠶᠢᠨ ᠳᠤᠮᠳᠠ᠂ ᠺᠠᠩ ᠶᠦᠩ ᠴᠢᠶᠠᠩ ᠡᠩ ᠲᠡᠷᠢᠭᠦᠨ ᠳᠤ ᠤᠯᠢᠶᠠᠰᠤᠲᠠᠢ ᠰᠢᠶᠠᠩ  ᠳᠤ ᠶᠠᠳᠠᠭᠤ ᠢ ᠲᠡᠳᠬᠦᠬᠦ ᠠᠵᠢᠯ ᠤᠨ ᠪᠠᠶᠢᠴᠠᠭᠠᠨ ᠰᠤᠳᠤᠯᠬᠤ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠵᠤ᠂ ᠤᠯᠢᠶᠠᠰᠤᠲᠠᠢ ᠰᠢᠶᠠᠩ ᠤᠨ ︽ᠪᠦᠬᠦ ᠲᠠᠯ᠎ᠠ ᠪᠠᠷ ᠴᠠᠭᠠᠷᠠᠭᠰᠠᠨ᠂ ᠡᠮᠦᠨ᠎ᠡ ᠡᠩᠨᠡᠭᠡᠨ ᠳᠤ ᠶᠠᠪᠤᠬᠤ︾ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠤᠨ ᠲᠤᠬᠠᠢ ᠬᠠᠷᠢᠭᠤ ᠮᠡᠳᠡᠭᠦᠯᠦᠯᠲᠡ  ᠶᠢ ᠲᠤᠰᠬᠠᠢ ᠰᠡᠳᠦᠪ ᠢᠶᠠᠷ ᠰᠣᠨᠣᠰᠪᠠ᠃ ᠺᠠᠩ ᠶᠦᠩ ᠴᠢᠶᠠᠩ ᠵᠢᠭᠠᠵᠤ ᠭᠠᠷᠭᠠᠭᠰᠠᠨ ᠨᠢ᠂ ᠰᠢᠶᠠᠩ ᠤᠨ ᠨᠠᠮ ᠵᠠᠰᠠᠭ ᠤᠨ ᠤᠳᠤᠷᠢᠳᠬᠤ ᠪᠠᠭ ᠤᠨ ᠪᠥᠬᠦ ᠪᠦᠷᠢᠯᠳᠦᠬᠦᠨ ᠦᠵᠡᠯ ᠰᠠᠨᠠᠭ᠎ᠠ ᠪᠠᠨ ᠨᠢᠭᠡᠳᠬᠡᠵᠦ᠂ ᠠᠵᠢᠯ ᠤᠨ ᠬᠠᠷᠠᠯᠲᠠ᠂ ᠠᠵᠢᠯ ᠤᠨ ᠠᠷᠭ᠎ᠠ ᠬᠡᠮᠵᠢᠶ᠎ᠡ ᠵᠢᠴᠢ ᠠᠵᠢᠯ ᠤᠨ ᠬᠠᠷᠢᠭᠤᠴᠠᠯᠭ᠎ᠠ ᠪᠠᠨ ᠰᠠᠯᠠᠭ᠎ᠠ ᠮᠥᠴᠢᠷ ᠨᠢᠭᠡᠪᠦᠷᠢ᠂ ᠬᠥᠮᠦᠨ ᠨᠢᠭᠡᠪᠦᠷᠢ ᠳᠤ ᠬᠦᠷᠲᠡᠯ᠎ᠡ ᠨᠠᠶᠢᠳᠠᠪᠤᠷᠢᠵᠢᠭᠤᠯᠬᠤ ᠬᠡᠷᠡᠭᠲᠡᠶ᠃ ᠴᠡᠭᠴᠡᠯᠡᠨ ᠰᠠᠶᠢᠵᠢᠷᠠᠭᠤᠯᠬᠤ ᠲᠠᠯ᠎ᠠ ᠪᠠᠷ ᠲᠣᠪᠣᠶᠢᠮ᠎ᠠ ᠠᠰᠠᠭᠤᠳᠠᠯ ᠢ ᠳᠠᠭᠠᠵᠤ᠂ ᠭᠤᠤᠯᠳᠠᠯᠭ᠎ᠠ ᠲᠠᠢ ᠠᠰᠠᠭᠤᠳᠠᠯ ᠢ ᠬᠢᠨᠠᠮᠠᠭᠠᠶ ᠡᠮᠬᠢᠯᠡᠵᠦ᠂ ᠲᠥᠷᠥᠯ ᠬᠤᠪᠢᠶᠠᠨ ᠢᠯᠡᠷᠡᠭᠦᠯᠵᠦ᠂ ᠠᠰᠠᠭᠤᠳᠠᠯ ᠤᠨ ᠨᠠᠷᠢᠨ ᠲᠠᠩᠰᠠ᠂ ᠴᠡᠭᠴᠡᠯᠡᠨ ᠰᠠᠶᠢᠵᠢᠷᠠᠭᠤᠯᠬᠤ ᠨᠠᠷᠢᠨ ᠲᠠᠩᠰᠠ ᠶᠢ ᠵᠢᠭᠰᠠᠭᠠᠵᠤ᠂ ᠠᠵᠢᠯ ᠤᠨ ᠡᠬᠡ ᠲᠠᠩᠰᠠ ᠶᠢ ᠪᠣᠶ ᠪᠣᠯᠭᠠᠬᠤ ᠬᠡᠷᠡᠭᠲᠡᠶ᠃ ᠳᠠᠭᠠᠭᠠᠴᠢᠯᠠᠨ ᠲᠡᠳᠬᠦᠬᠦ ᠬᠠᠷᠢᠭᠤᠴᠠᠯᠭ᠎ᠠ ᠪᠣᠯᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ᠃ ᠡᠭᠦᠨ ᠤ ᠬᠠᠮᠲᠤ ᠲᠤᠷᠰᠢᠯᠭ᠎ᠠ  ᠪᠠᠨ ᠳ᠋ᠦᠩᠨᠡᠬᠦ ᠶᠢ ᠴᠢᠬᠤᠯᠠᠴᠢᠯᠠᠵᠤ᠂ ᠪᠦᠷᠢᠨ ᠲᠡᠭᠦᠯᠳᠡᠷ ᠲᠣᠭᠲᠠᠴᠠ ᠶᠢᠨ ᠰᠢᠰᠲ᠋ᠧᠮ ᠢ ᠪᠠᠶᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠬᠤ ᠬᠡᠷᠡᠭᠲᠡᠢ ᠭᠡᠵᠡᠢ᠃      ᠳᠠᠷᠠᠭ᠎ᠠ ᠨᠢ᠂ ᠺᠠᠩ ᠶᠦᠩ ᠴᠢᠶᠠᠩ ᠪᠠᠰᠠ ᠤᠯᠢᠶᠠᠰᠤᠲᠠᠢ ᠰᠢᠶᠠᠩ ᠤᠨ ᠭᠤᠴᠢᠨ ᠨᠢᠭᠡᠳᠦᠭᠡᠷ ᠨᠣᠮᠧᠷᠲᠤ ᠲᠣᠰᠬᠤᠨ ᠤ ᠶᠤᠸᠠᠨ ᠲᠦᠩ ᠲᠠᠷᠢᠶᠠᠯᠠᠩ ᠣᠶ ᠰᠢᠭᠤᠶ ᠮᠠᠯ ᠠᠵᠤ ᠠᠬᠤᠶ ᠶᠢᠨ ᠲᠤᠰᠬᠠᠶ ᠬᠤᠷᠰᠢᠶ᠎ᠠ᠂ ᠬᠤᠩ ᠾᠧ ᠪᠠᠯᠭᠠᠰᠤᠨ ᠤ ᠴᠢᠶᠠᠨ ᠯᠢᠶᠠᠩ ᠮᠠᠯ ᠠᠵᠤ ᠠᠬᠤᠶ ᠶᠢᠨ ᠰᠠᠭᠤᠷᠢᠨ ᠭᠠᠵᠠᠷ ᠪᠣᠯᠤᠨ ᠴᠧᠩ ᠭᠤᠸᠠᠨ ᠪᠠᠯᠭᠠᠰᠤᠨ ᠤ ᠱᠧᠩ ᠳ᠋ᠢ ᠸᠠᠨ ᠣᠢ ᠶᠢᠨ ᠵᠢᠮᠢᠰ ᠤᠨ ᠰᠠᠭᠤᠷᠢᠨ ᠭᠠᠵᠠᠷ ᠲᠤ ᠭᠦᠨᠵᠡᠭᠡᠶᠢᠷᠡᠨ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠤᠯᠲᠠ ᠬᠢᠪᠠ᠃      ᠰᠢᠶᠠᠨ ᠤ ᠳᠡᠳ᠋ ᠳᠠᠷᠤᠭ᠎ᠠ ᠯᠢ ᠵᠢᠶᠦ᠋ᠨ ᠪᠣᠯᠤᠨ ᠰᠢᠭᠦᠬᠦ ᠬᠤᠷᠢᠶ᠎ᠠ ᠶᠢᠨ ᠳᠠᠷᠤᠭ᠎ᠠ ᠹᠠᠨ ᠷᠦᠢ ᠰᠢ ᠪᠠᠶᠢᠴᠠᠭᠠᠨ ᠰᠤᠳᠤᠯᠬᠤ ᠠᠵᠢᠯᠯᠠᠭ᠎ᠠ ᠳᠤ ᠣᠷᠣᠯᠴᠠᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号