ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠬᠠᠪᠤᠷ ᠤᠨ ᠰᠢᠨ᠎ᠡ | ᠰᠤᠷᠤᠯᠭ᠎ᠠ ᠶᠢᠨ ᠬᠤᠭᠤᠴᠠᠭ᠎ᠠ ᠬᠦᠷᠴᠦ ᠢᠷᠡᠯ᠎ᠡ᠃ ᠳᠡᠬᠡᠳᠤ ᠱᠠᠳᠤᠨ ᠤ ᠱᠠᠭᠠᠷᠳᠠᠯᠭ᠎ᠠ ᠪᠠᠷ᠂ ᠬᠠᠯᠳᠠᠪᠤᠷᠢᠳᠤ ᠬᠢᠵᠢᠭ | ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠢ ᠦᠷᠬᠦᠯᠵᠢᠯᠡᠨ ᠰᠠᠶᠢᠳᠤᠷ ᠬᠢᠬᠦ ᠶᠢᠨ ᠬᠠᠮᠳᠤ ᠬᠢᠴᠢᠶᠡᠯ | ᠵᠤᠭᠰᠤᠭᠰᠠᠨ ᠴᠦ ᠰᠤᠷᠤᠯᠴᠠᠯᠭ᠎ᠠ ᠪᠠᠨ ᠵᠤᠭᠰᠤᠬᠤ ᠦᠬᠡᠢ ᠪᠠᠶᠢᠬᠤ ᠶᠢ ᠪᠠᠳᠤᠯᠠᠬᠤ ᠶᠢᠨ ᠲᠦᠯᠦᠬᠡ᠂ | ᠬᠦᠬᠡᠬᠤᠳᠠ ᠶᠢᠨ ᠦᠨᠳᠦᠰᠦᠳᠡᠨ ᠤ ᠳᠤᠷᠰᠢᠯᠳᠠ ᠶᠢᠨ ᠰᠤᠷᠭᠠᠭᠤᠯᠢ 3 ᠰᠠᠷ᠎ᠠ ᠶᠢᠨ 2 ᠠᠴᠠ ᠡᠬᠢᠯᠡᠨ ᠰᠦᠯᠵᠢᠶᠡᠨ | ᠤ ᠵᠢᠭᠠᠨ ᠰᠤᠷᠭᠠᠯᠳᠠ ᠶᠢ ᠡᠬᠢᠯᠡᠬᠦᠯᠪᠡ᠃ | ᠲᠤᠰ ᠰᠤᠷᠭᠠᠭᠤᠯᠢ ᠪᠤᠳᠠᠳᠤ ᠪᠠᠶᠢᠳᠠᠯ ᠳᠠᠭᠠᠨ ᠦᠨᠳᠦᠰᠦᠯᠡᠨ᠂ ᠨᠢᠬᠡᠳᠦᠬᠡᠷ ᠬᠤᠶᠠᠳᠤᠭᠠᠷ ᠣᠨ ᠤ | ᠰᠤᠷᠤᠭᠴᠢᠳ ᠲᠠᠭᠠᠨ ᠡᠳᠦᠷ ᠪᠦᠷᠢ ᠶᠢᠨ 10 ᠴᠠᠭ ᠠᠴᠠ 11 ᠴᠠᠭ ᠪᠣᠯᠲᠠᠯ᠎ᠠ᠂ 15 ᠮᠢᠨᠦ᠋ᠲ ᠤᠨ ᠴᠠᠭ ᠢᠶᠠᠷ | ᠬᠡᠯᠡᠨ ᠤ ᠪᠤᠯᠪᠠᠰᠤᠷᠠᠯ᠂ ᠰᠤᠨᠢᠷᠬᠠᠯᠳᠤ ᠲᠤᠭ᠎ᠠ᠂ ᠪᠠᠶᠠᠰᠤᠯᠳᠤ ᠬᠦᠳᠡᠯᠬᠡᠬᠡᠨ᠂ ᠤᠶᠠᠩᠭᠠᠳᠤ ᠳᠠᠭᠤᠤ᠂ ᠤᠷᠠᠨ | ᠵᠢᠷᠤᠭ ᠮᠡᠳᠤ ᠶᠢᠨ ᠤᠯᠠᠨ ᠲᠦᠷᠦᠯ ᠤᠨ ᠬᠢᠴᠢᠶᠡᠯ ᠳᠤᠬᠢᠷᠠᠭᠤᠯᠵᠤ᠂ ᠭᠤᠷᠪᠠᠳᠤᠭᠠᠷ᠂ ᠲᠦᠷᠪᠡᠳᠦᠬᠡᠷ᠂ ᠳᠠᠪᠤᠳᠤᠭᠠᠷ | ᠂ ᠵᠢᠷᠭᠤᠳᠤᠭᠠᠷ ᠣᠨ ᠤ ᠰᠤᠷᠤᠭᠴᠢᠳ ᠲᠠᠭᠠᠨ 15 ᠮᠢᠨᠦ᠋ᠲ ᠤᠨ ᠴᠠᠭ ᠢᠶᠠᠷ ᠡᠳᠦᠷ ᠪᠦᠷᠢ 4 ᠲᠥᠷᠥᠯ ᠤᠨ | ᠬᠢᠴᠢᠶᠡᠯ ᠳᠤᠬᠢᠷᠠᠭᠤᠯᠵᠠᠢ᠃ | ᠬᠤᠪᠧᠢ ᠮᠤᠵᠢ ᠠᠴᠠ ᠪᠤᠰᠤᠳ ᠭᠠᠵᠠᠷ ᠲᠤ ᠪᠠᠶᠢᠭ᠎ᠠ ᠰᠤᠷᠤᠭᠴᠢᠳ ᠬᠦᠬᠡᠬᠤᠳᠠ ᠳᠠᠭᠠᠨ ᠪᠤᠴᠠᠨ ᠢᠷᠡᠵᠦ | 14 ᠡᠳᠦᠷ ᠳᠤᠰᠠᠭᠠᠷᠯᠠᠬᠤ ᠶᠢ ᠰᠠᠨᠠᠭᠤᠯᠵᠤ᠂ ᠬᠡᠷ ᠤᠨ ᠠᠬᠠᠮᠠᠳ ᠬᠡᠦᠬᠡᠳ ᠲᠡᠭᠡᠨ ᠺᠤᠮᠫᠢᠦ᠋ᠲ᠋ᠧᠷ ᠪᠤᠶᠤ ᠭᠠᠷ | ᠤᠳᠠᠰᠤ ᠪᠡᠯᠡᠳᠬᠡᠨ ᠦᠭᠴᠦ ᠬᠢᠴᠢᠶᠡᠯ ᠢ ᠴᠠᠭ ᠳᠤᠬᠠᠢ ᠳᠤᠨᠢ ᠬᠦᠯᠢᠶᠡᠨ ᠠᠪᠴᠤ ᠰᠤᠷᠤᠯᠴᠠᠬᠤ᠂ ᠪᠠᠭᠰᠢ ᠶᠢᠨ | ᠦᠯᠡᠳᠡᠬᠡᠭᠰᠡᠨ ᠳᠠᠰᠬᠠᠯ ᠢ ᠴᠢᠨᠠᠷᠯᠢᠭ ᠰᠠᠶᠢᠬᠠᠨ ᠪᠡᠶᠡᠯᠡᠬᠦᠯᠬᠦ᠂ ᠡᠳᠦᠷ ᠪᠦᠷᠢ ᠨᠢᠳᠤᠨ ᠳᠠᠮᠢᠷ ᠬᠢᠬᠦ᠂ ᠵᠤᠬᠢᠬᠤ | ᠪᠡᠶ᠎ᠡ ᠶᠢᠨ ᠲᠠᠮᠢᠷ ᠬᠢᠬᠦ᠂ ᠭᠡᠷ ᠤᠨ ᠠᠷᠰᠠᠷ ᠠᠵᠢᠯ ᠬᠢᠵᠦ ᠡᠷᠡᠬᠦᠯ ᠴᠢᠬᠢᠷᠠᠭ ᠢᠶᠠᠷ ᠰᠤᠷᠤᠯᠴᠠᠬᠤ ᠶᠢ ᠠᠩᠬᠠᠷᠤᠭᠤᠯᠵᠤ | ᠨᠠᠶᠢᠳᠠᠪᠠ᠃ |