ᠮᠠᠨ ᠤ ᠬᠤᠲᠠ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠪᠠ
ᠨᠡᠶᠢᠲᠡᠯᠡᠭᠰᠡᠨ ᠴᠠᠭ᠄
2020-03-06
       ︵ᠰᠤᠷᠪᠤᠯᠵᠢᠯᠠᠭᠴᠢ ᠶᠦᠨ ᠶᠠᠨ︶ ᠥᠴᠥᠭᠡᠳᠦᠷ᠂  ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠣᠶᠢᠯᠠᠭᠠᠭᠰᠠᠨ ᠢᠶᠠᠷ᠂ ᠲᠥᠪ ᠬᠤᠲᠠ ᠶᠢᠨ ᠠᠵᠤ ᠠᠬᠤᠢ ᠨᠡᠶᠢᠭᠡᠮ ᠤᠨ ᠡᠷᠡᠭᠦᠯ ᠬᠥᠭᠵᠢᠯᠲᠡ ᠳᠤ ᠨᠡᠩ ᠰᠠᠶᠢᠨ ᠦᠢᠯᠡᠴᠢᠯᠡᠵᠦ᠂ ᠲᠤᠰᠬᠠᠢ ᠮᠡᠷᠭᠡᠵᠢᠯ ᠤᠨ ᠰᠢᠯᠢᠳᠡᠭ ᠮᠡᠷᠭᠡᠵᠢᠯ ᠤᠨ ᠲᠤᠯᠭᠠᠭᠤᠷᠢᠯᠠᠯ ᠬᠠᠩᠭᠠᠬᠤ ᠶᠢᠨ ᠲᠤᠰᠠᠳᠠ᠂ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ᠠᠴᠠ ᠤᠤᠯ ᠤᠨ ᠪᠠᠶᠢᠭᠰᠠᠨ ᠲᠤᠰᠬᠠᠢ ᠮᠡᠷᠭᠡᠵᠢᠯᠲᠡᠨ ᠤ ᠬᠥᠮᠥᠷᠭᠡ ᠶᠢᠨ ᠰᠠᠭᠤᠷᠢᠨ ᠳᠡᠭᠡᠷ᠎ᠡ ᠨᠢᠭᠡ ᠪᠦᠯᠦᠭ ᠠᠶᠤᠯᠭᠦᠢ ᠦᠢᠯᠡᠳᠪᠦᠷᠢᠯᠡᠯ᠂ ᠭᠠᠮᠰᠢᠭ ᠢ ᠰᠡᠷᠭᠡᠶᠢᠯᠡᠵᠦ ᠭᠠᠮᠰᠢᠭ ᠢ ᠪᠠᠭᠠᠰᠬᠠᠬᠤ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠠᠯ᠎ᠠ ᠶᠢᠨ ᠲᠤᠰᠬᠠᠢ ᠮᠡᠷᠭᠡᠵᠢᠯᠲᠡᠨ ᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ ᠨᠥᠬᠦᠪᠦᠷᠢᠯᠡᠵᠦ᠂ ᠬᠥᠬᠡᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠶᠢ ᠪᠠᠶᠢᠭᠤᠯᠬᠤ ᠪᠠᠷ ᠲᠣᠭᠲᠠᠪᠠ᠃       ᠣᠶᠢᠯᠠᠭᠠᠭᠰᠠᠨ ᠢᠶᠠᠷ᠂ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠤᠰᠬᠠᠢ ᠮᠡᠷᠭᠡᠵᠢᠯᠲᠡᠨ ᠤ ᠬᠥᠮᠥᠷᠭᠡ ᠪᠠᠶᠢᠭᠤᠯᠤᠭᠳᠠᠭᠰᠠᠨ ᠤ ᠳᠠᠷᠠᠭ᠎ᠠ᠂ ᠡᠯ᠎ᠡ ᠵᠦᠢᠯ ᠤᠨ ᠪᠠᠶᠢᠭᠠᠯᠢ ᠶᠢᠨ ᠭᠠᠮᠰᠢᠭ᠂ ᠠᠶᠤᠯᠭᠦᠢ ᠦᠢᠯᠡᠳᠪᠦᠷᠢᠯᠡᠯ ᠵᠡᠷᠭᠡ ᠭᠡᠨᠡᠳᠲᠡ ᠶᠢᠨ ᠬᠡᠷᠡᠭ ᠪᠠ ᠠᠳᠡᠯ ᠤᠨ ᠬᠠᠮᠢᠶᠠᠷᠤᠯᠲᠠ ᠵᠡᠷᠭᠡ ᠲᠠᠯ᠎ᠠ ᠳᠤ᠂ ᠮᠠᠨ ᠤ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠭᠠᠮᠰᠢᠭ ᠢ ᠰᠡᠷᠭᠡᠶᠢᠯᠡᠬᠦ ᠭᠠᠮᠰᠢᠭ ᠢ ᠪᠠᠭᠠᠰᠬᠠᠬᠤ ᠭᠠᠮᠰᠢᠭ ᠠᠴᠠ ᠠᠪᠤᠷᠠᠬᠤ ᠶᠡᠷᠦᠩᠬᠡᠢ ᠠᠵᠢᠯ ᠤᠨ ᠴᠢᠳᠠᠪᠤᠷᠢ ᠶᠢ ᠳᠡᠭᠡᠭᠰᠢᠯᠡᠭᠦᠯᠦᠨ᠂ ᠲᠤᠰᠬᠠᠢ ᠮᠡᠷᠭᠡᠵᠢᠯ ᠤᠨ ᠬᠥᠮᠥᠨ ᠲᠤᠰᠬᠠᠢ ᠮᠡᠷᠭᠡᠵᠢᠯ ᠤᠨ ᠠᠵᠢᠯ ᠬᠢᠬᠦ ᠢᠳᠡᠪᠬᠢ ᠦᠢᠯᠡᠳᠦᠯ ᠢ ᠭᠦᠢᠴᠡᠳ ᠪᠠᠳᠠᠷᠠᠭᠤᠯᠵᠤ᠂ ᠲᠥᠪ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ  ᠤᠨ ᠡᠷᠡᠭᠦᠯ ᠢᠶᠠᠷ ᠬᠥᠭᠵᠢᠬᠦ ᠳᠤ ᠮᠡᠷᠭᠡᠵᠢᠯ ᠤᠨ ᠪᠠᠲᠤᠯᠠᠭ᠎ᠠ ᠬᠠᠩᠭᠠᠬᠤ ᠪᠣᠯᠣᠨ᠎ᠠ᠃
 
ᠢᠷᠡᠯᠲᠡ᠄ ᠬᠥᠬᠡᠬᠤᠲᠠ ᠶᠢᠨ ᠣᠷᠣᠢ ᠶᠢᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号