ᠬᠦᠭᠡᠬᠤᠳᠠ ᠶᠢᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠶᠢᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠪᠦᠬᠦ ᠤᠷᠤᠨ ᠤ ᠲᠦᠷᠤᠬᠦᠤ ᠲᠠᠯᠠᠪᠠᠢ 5G ᠰᠤᠶᠤᠯ ᠵᠢᠭᠤᠯᠴᠢᠯᠠᠯ ᠤᠨ ᠰᠢᠭᠤᠳ ᠨᠡᠪᠳᠡᠷᠡᠬᠦᠯᠭᠡ ᠶᠢᠨ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2020-03-09
      3 ᠰᠠᠷ᠎ᠠ ᠶᠢᠨ 7 ᠤ ᠡᠳᠦᠷ᠂ ᠬᠦᠭᠡᠬᠤᠳᠠ ᠶᠢᠨ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠲᠣᠪᠴᠢᠶ᠎ᠠ ᠶᠢᠨ ᠵᠢᠭᠤᠯᠴᠢᠯᠠᠯ ᠤᠨ ᠦᠢᠯᠡᠴᠢᠯᠡᠭᠡᠨ ᠤ ᠲᠥᠪ ᠤᠨ ᠬᠢᠨ ᠲᠤᠮᠳᠠᠳᠤ ᠤᠯᠤᠰ ᠤᠨ ᠨᠢᠭᠡᠳᠦᠭᠰᠡᠨ ᠬᠤᠯᠪᠤᠭᠠᠨ ᠤ ᠺᠤᠮᠫᠠᠨᠢ ᠶᠢᠨ ᠦᠪᠤᠷ ᠮᠤᠩᠭᠤᠯ ᠳᠠᠬᠢ ᠬᠤᠪᠢᠶᠠᠷᠢ ᠺᠤᠮᠫᠠᠨᠢ ᠯᠤᠭ᠎ᠠ ᠬᠠᠮᠳᠤᠷᠠᠨ ᠵᠤᠤ ᠵᠢᠶᠦ᠋ᠨ ᠮᠦᠽᠸᠢ ᠳᠤ ᠦᠷᠭᠡᠨ ᠤᠯᠠᠨ ᠬᠤᠳᠠ ᠶᠢᠨ ᠠᠷᠠᠳ ᠪᠤᠯᠤᠨ ᠪᠦᠬᠦ ᠤᠯᠤᠰ ᠤᠨ ᠵᠢᠭᠤᠯᠴᠢᠯᠠᠬᠰᠡᠳ ᠲᠤ ᠬᠠᠨᠳᠤᠭᠤᠯᠤᠨ ᠪᠦᠬᠦ ᠤᠷᠤᠨ ᠤ ᠲᠦᠷᠤᠬᠦᠤ ᠲᠠᠯᠠᠪᠠᠢ 5G ᠰᠤᠶᠤᠯ ᠵᠢᠭᠤᠯᠴᠢᠯᠠᠯ ᠤᠨ ᠰᠢᠭᠤᠳ ᠨᠡᠪᠳᠡᠷᠡᠬᠦᠯᠭᠡ ᠶᠢᠨ ᠠᠵᠢᠯᠯᠠᠭ᠎ᠠ ᠦᠷᠨᠢᠬᠦᠯᠦᠭᠰᠡᠨ ᠪᠠᠶᠢᠨ᠎ᠠ᠃ ᠵᠢᠷᠤᠭ ᠪᠤᠯ ᠲᠠᠶᠢᠯᠪᠤᠷᠢᠯᠡᠬᠴᠢ ᠰᠦᠯᠵᠢᠶᠠᠨ ᠤ ᠨᠡᠪᠳᠡᠷᠡᠬᠦᠯᠦᠭᠴᠢ ᠶᠢᠨ ᠬᠤᠪᠢ ᠪᠠᠷ ᠦᠷᠭᠡᠨ ᠤᠯᠠᠨ ᠦᠵᠡᠭᠴᠢ ᠶᠢ ᠲᠠᠭᠠᠭᠤᠯᠤᠨ ᠰᠦᠯᠵᠢᠶᠠᠨ ᠳᠡᠭᠡᠷ᠎ᠡ ᠬᠦᠭᠡᠬᠤᠳᠠ ᠶᠢᠨ ᠵᠤᠤ ᠵᠢᠶᠦ᠋ᠨ ᠮᠦᠽᠸᠢ ᠶᠢᠨ ᠤᠨᠴᠠᠯᠢᠬᠳᠤ ᠲᠠᠯᠭᠡᠨ ᠦᠵᠡᠭᠦᠯᠭᠡ ᠶᠢ ᠰᠣᠨᠢᠷᠬᠠᠵᠤ ᠪᠠᠶᠢᠭ᠎ᠠ ᠨᠢ᠃ ᠲᠤᠰ ᠰᠤᠨᠢᠨ ᠤ ᠰᠤᠷᠪᠤᠯᠵᠢᠯᠠᠬᠴᠢ ᠸᠠᠩ ᠯᠧᠢ ᠰᠡᠭᠦᠳᠡᠷᠯᠡᠪᠡ
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号