ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢᠰᠬᠡᠯ ᠰᠤᠯᠢᠬᠤ ᠬᠡᠰᠡᠭ ᠲᠤᠬᠠᠢᠢᠯᠠᠬᠰᠨᠨ ᠠᠵᠢᠯ ᠢᠶᠠᠨ ᠰᠡᠷᠬᠦᠬᠡᠪᠡ
ᠨᠡᠶᠢᠲᠡᠯᠡᠭᠰᠡᠨ ᠴᠠᠭ᠄
2020/3/9
      ᠥᠪᠥᠷ ᠮᠣᠩᠭᠤᠯ ᠤᠨ ᠡᠳᠦᠷ ᠤᠨ ᠰᠣᠨᠢᠨ ᠤ ᠮᠡᠳᠡᠭᠡ ︵ᠰᠤᠷᠪᠤᠯᠵᠢᠯᠠᠬᠴᠢ ᠬᠠᠢ ᠴᠢᠤᠧᠠᠨ︶ 3 ᠰᠠᠷ᠎ᠠ ᠶᠢᠨ 3 ᠤ ᠡᠳᠦᠷ ᠠᠴᠠ ᠡᠬᠢᠯᠡᠵᠦ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢ ︽ᠬᠦᠬᠡᠬᠤᠳᠠ ᠪᠠᠷ ᠨᠢᠰᠴᠤ ᠦᠩᠬᠡᠷᠡᠬᠦ︾ ᠨᠢᠰᠬᠡᠯ ᠰᠤᠯᠢᠬᠤ ᠬᠡᠰᠡᠭ ᠲᠤᠬᠠᠢᠢᠯᠠᠬᠰᠨᠨ ᠠᠵᠢᠯ ᠢᠶᠠᠨ ᠰᠡᠷᠬᠦᠬᠡᠵᠦ᠂ ᠠᠶᠠᠨᠴᠢᠳ ᠲᠤ ᠳᠥᠭᠦᠮ ᠦᠵᠡᠭᠦᠯᠦᠭᠰᠡᠨ ᠪᠠᠶᠢᠨ᠎ᠠ᠃      ᠤᠢᠢᠯᠠᠭᠠᠬᠰᠠᠨ ᠢᠶᠠᠷ᠂ ᠬᠦᠬᠡᠬᠤᠳᠠ ᠶᠢᠨ ᠴᠠᠭᠠᠨ ᠰᠤᠪᠤᠷᠭ᠎ᠠ ᠤᠯᠠᠨ ᠤᠯᠤᠰ ᠤᠨ ᠨᠢᠰᠬᠡᠯ ᠤᠨ ᠪᠠᠭᠤᠳᠠᠯ ᠨᠢ ︽ᠬᠦᠬᠡᠬᠤᠳᠠ ᠪᠠᠷ ᠨᠢᠰᠴᠤ ᠦᠩᠬᠡᠷᠡᠬᠦ︾ ᠨᠢᠰᠬᠡᠯ ᠰᠤᠯᠢᠬᠤ ᠬᠡᠰᠡᠭ ᠲᠤᠬᠠᠢᠢᠯᠠᠬᠰᠨᠨ ᠠᠵᠢᠯ ᠢᠶᠠᠨ ᠰᠡᠷᠬᠦᠬᠡᠵᠦ᠂ ︽ᠬᠦᠬᠡᠬᠤᠳᠠ ᠪᠠᠷ ᠨᠢᠰᠴᠤ ᠦᠩᠬᠡᠷᠡᠬᠦ︾ ᠵᠢᠷᠤᠮᠵᠢᠬᠰᠠᠨ ᠲᠠᠷᠠᠭᠠᠯᠠᠯ ᠶᠤᠰᠤᠭᠠᠷ ᠠᠶᠠᠨᠴᠢᠳ‌‍ᠲ᠋ᠤ ᠨᠢᠰᠬᠡᠯ ᠳᠤ ᠰᠠᠭᠤᠬᠤ ᠭᠠᠷᠳᠠᠮ ᠢ ᠨᠢᠬᠡᠯᠡ ᠤᠳᠠᠭ᠎ᠠ ᠬᠦᠢᠴᠡᠳᠬᠡᠬᠦ ᠲᠤᠬᠠᠢᠢᠯᠠᠬᠰᠠᠨ ᠠᠵᠢᠯ ᠬᠦᠢᠴᠡᠳᠬᠡᠵᠦ ᠡᠬᠢᠯᠡᠭᠰᠡᠨ ᠪᠠᠶᠢᠨ᠎ᠠ᠃ ᠲᠤᠰ ᠲᠤᠬᠠᠢᠢᠯᠠᠬᠰᠠᠨ ᠠᠵᠢᠯ ᠢ ᠬᠦᠢᠴᠡᠳᠬᠡᠬᠦ ᠬᠦᠷᠢᠶ᠎ᠡ ᠬᠡᠪᠴᠢᠶ᠎ᠡ ᠨᠢ ᠨᠢᠰᠬᠡᠯ ᠰᠤᠯᠢᠬᠤ ᠠᠶᠠᠨᠴᠢᠳ ᠲᠤ ᠨᠢᠰᠬᠡᠯ ᠳᠤ ᠭᠠᠷᠬᠤ ᠫᠠᠶᠢᠰᠠ ᠵᠢᠴᠢ ᠪᠤᠬᠴᠤ ᠪᠣᠭᠤᠳᠠᠯ ᠢ ᠬᠤᠯᠪᠤᠭᠠᠯᠠᠨ ᠲᠡᠬᠡᠬᠡᠪᠦᠷᠢᠯᠡᠬᠦ ᠲᠤᠬᠠᠢᠢᠯᠠᠬᠰᠠᠨ ᠠᠵᠢᠯ ᠢ ᠬᠦᠢᠴᠡᠳᠬᠡᠵᠦ ᠦᠭᠬᠦ ᠪᠠᠷ ᠬᠢᠵᠠᠭᠠᠷᠯᠠᠵᠦ᠂ ᠠᠶᠠᠨᠴᠢᠳ ᠤᠨ ᠬᠦᠬᠡᠬᠤᠳᠠ ᠳᠤ ᠨᠢᠰᠬᠡᠯ ᠰᠤᠯᠢᠬᠤ ᠳᠤᠨᠢ ᠲᠦᠬᠦᠮ ᠦᠵᠡᠬᠦᠯᠬᠦ ᠪᠣᠯᠣᠨ᠎ᠠ᠃ ᠬᠠᠮᠳᠤ ᠳᠤᠨᠢ᠂ ᠲᠤᠰ ᠨᠢᠰᠬᠡᠯ ᠤᠨ ᠪᠠᠭᠤᠳᠠᠯ ᠨᠢ ᠪᠠᠰᠠ ᠨᠢᠰᠬᠡᠯ ᠰᠤᠯᠢᠬᠤ ᠠᠶᠠᠨᠴᠢᠳ ᠲᠤ ᠬᠤᠶᠠᠳᠤᠭᠠᠷ ᠤᠳᠠᠭ᠎ᠠ ᠠᠮᠤᠷ ᠲᠦᠪᠰᠢᠨ ᠤ ᠪᠠᠶᠢᠴᠠᠭᠠᠯᠳᠠ ᠬᠢᠬᠦ ᠦᠬᠡᠢ᠂ ᠪᠤᠭᠴᠤ ᠪᠤᠭᠤᠳᠠᠯ ᠢᠶᠠᠨ ᠲᠡᠬᠡᠬᠡᠪᠦᠷᠢᠯᠡᠬᠦ ᠳᠠᠷᠠᠭᠠᠯᠠᠯ ᠢ ᠲᠠᠬᠢᠵᠦ ᠬᠦᠢᠴᠡᠳᠬᠡᠬᠦ ᠦᠬᠡᠢ ᠵᠡᠷᠬᠡ ︽ᠬᠦᠬᠡᠬᠤᠳᠠ ᠪᠠᠷ ᠨᠢᠰᠴᠤ ᠦᠩᠬᠡᠷᠡᠬᠦ︾ ᠨᠢᠰᠬᠡᠯ ᠰᠤᠯᠢᠬᠤ ᠶᠢ ᠪᠠᠳᠤᠯᠠᠬᠤ ᠳᠠᠷᠠᠭᠠᠯᠠᠯ ᠢ ᠰᠡᠷᠬᠦᠭᠡᠭᠰᠡᠨ ᠪᠠᠶᠢᠨ᠎ᠠ᠃ ᠡᠬᠦᠨ ᠳᠤ᠂ ᠲᠤᠰ ᠨᠢᠰᠬᠡᠯ ᠤᠨ ᠪᠠᠭᠤᠳᠠᠯ ᠨᠢ ᠤᠳᠤᠬᠠᠨ ᠳᠤ ᠤᠷᠤᠨ ᠤ ᠲᠤᠳᠤᠨᠠᠬᠢ ᠰᠠᠯᠪᠤᠷᠢ ᠱᠤᠭᠤᠮ ᠤᠨ ᠨᠢᠰᠬᠡᠯ ᠤᠨ ᠪᠠᠭᠤᠳᠠᠯ ᠠᠴᠠ ᠵᠦᠬᠡᠬᠡᠪᠦᠷᠢᠯᠡᠵᠦ ᠢᠷᠡᠭᠰᠡᠨ ᠨᠢᠰᠬᠡᠯ ᠰᠤᠯᠢᠬᠤ ᠠᠶᠠᠨᠴᠢᠳ ᠲᠤ ᠲᠤᠬᠠᠢᠢᠯᠠᠬᠰᠠᠨ ᠠᠵᠢᠯ ᠬᠦᠢᠴᠡᠳᠬᠡᠬᠦ ᠶᠢ ᠰᠡᠷᠬᠦᠬᠡᠵᠦ᠂ ᠤᠷᠤᠨ ᠤ ᠭᠠᠳᠠᠨ᠎ᠠ ᠠᠴᠠ ᠬᠦᠬᠡᠬᠤᠳᠠ ᠳᠤ ᠪᠠᠭᠤᠬᠰᠠᠨ ᠨᠢᠰᠬᠡᠯ ᠰᠤᠯᠢᠬᠤ ᠠᠶᠠᠨᠴᠢᠳ ᠲᠤ ᠲᠦᠷ ᠴᠠᠬ ᠲᠤᠬᠠᠢᠢᠯᠠᠬᠰᠠᠨ ᠠᠵᠢᠯ ᠢ ᠬᠦᠢᠴᠡᠳᠬᠡᠭᠡ ᠦᠬᠡᠢ ᠪᠠᠶᠢᠨ᠎ᠠ᠃ ᠨᠢᠰᠬᠡᠯ ᠰᠤᠯᠢᠬᠤ ᠠᠮᠠᠷᠠᠬᠤ ᠲᠤᠭᠤᠷᠢᠬ᠂ ᠨᠢᠰᠬᠡᠯ ᠰᠤᠯᠢᠬᠤ ᠬᠤᠭᠤᠯᠠ᠂ ᠨᠢᠰᠬᠡᠯ ᠰᠤᠯᠢᠬᠤ ᠪᠠᠭᠤᠳᠠᠯ ᠵᠡᠷᠬᠡ ᠪᠤᠰᠤᠳ ᠲᠤᠬᠠᠢᠢᠯᠠᠬᠰᠠᠨ ᠠᠵᠢᠯ ᠢ ᠬᠠᠷᠠᠬᠠᠨ ᠨᠡᠬᠡᠬᠡᠯᠳᠡ ᠲᠠᠢ ᠪᠣᠯᠭᠠᠭᠠᠳᠤᠢ ᠪᠠᠶᠢᠨ᠎ᠠ᠃
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
IE11 ᠪᠤᠶᠤ ᠪᠤᠰᠤᠳ ᠰᠢᠨ᠎ᠡ ᠬᠥᠲᠥᠴᠢ ᠶᠢ ᠠᠰᠢᠭᠯᠠᠭᠠᠷᠠᠢ