ᠬᠥᠬᠡᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ ᠪᠣᠯᠤᠨ ᠰᠢᠨ᠎ᠡ ᠬᠤᠲᠠ ᠲᠣᠭᠤᠷᠢᠭ ᠤᠨ ᠨᠠᠮ ᠤᠨ | ᠬᠤᠷᠢᠶ᠎ᠠ᠂ ᠲᠤᠭᠤᠷᠢᠭ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠰᠢᠰᠲ᠋ᠧᠮ ᠤᠨ ᠬᠠᠪᠤᠷ ᠤᠨ | ᠤᠯᠠᠷᠢᠯ ᠤᠨ ᠰᠤᠷᠭᠠᠭᠤᠯᠢ ᠳᠠᠭᠠᠨ ᠪᠤᠴᠠᠵᠤ ᠰᠤᠷᠭᠠᠭᠤᠯᠢ ᠡᠬᠢᠯᠡᠬᠦ ᠬᠤᠭᠤᠴᠠᠭᠠᠨ ᠳᠠᠬᠢ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠪᠠ ᠰᠤᠷᠭᠠᠭᠤᠯᠢ ᠡᠬᠢᠯᠡᠬᠦ ᠪᠡᠯᠡᠳᠬᠡᠯ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ | ᠥᠷᠭᠡᠨ ᠣᠯᠠᠨ ᠪᠠᠭᠰᠢ ᠰᠤᠷᠤᠭᠴᠢᠳ ᠤᠨ ᠡᠷᠡᠭᠦᠯ ᠮᠡᠨᠳᠦ ᠪᠠ ᠠᠮᠢ ᠨᠠᠰᠤᠨ ᠤ ᠠᠮᠤᠷ ᠲᠦᠪᠰᠢᠨ ᠢ ᠦᠨᠡᠨᠬᠦ | ᠪᠠᠲᠤᠯᠠᠵᠤ᠂ ᠮᠠᠨ ᠤ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠠᠮᠤᠷ ᠲᠦᠪᠰᠢᠨ ᠤᠷᠤᠭᠰᠢᠲᠠᠢ ᠰᠤᠷᠭᠠᠭᠤᠯᠢ ᠡᠬᠢᠯᠡᠬᠦ ᠶᠢ ᠦᠨᠡᠨᠬᠦ ᠪᠠᠲᠤᠯᠠᠬᠤ ᠶᠢᠨ ᠲᠥᠯᠥᠭᠡ᠂ | ᠣᠶᠢᠷ᠎ᠠ ᠳᠤ ᠰᠢᠨ᠎ᠡ ᠬᠤᠲᠠ ᠲᠣᠭᠤᠷᠢᠭ ᠤᠨ ᠳ᠋ᠢᠩ ᠰᠢᠶᠠᠩ ᠵᠠᠮ ᠤᠨ ᠪᠠᠭ᠎ᠠ ᠰᠤᠷᠭᠠᠭᠤᠯᠢ ᠶᠢᠨ ᠣᠯᠠᠨ ᠴᠢᠳᠠᠮᠵᠢᠲᠤ | ᠬᠤᠷᠠᠯ ᠤᠨ ᠭᠡᠷ ᠲᠤ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠣᠪᠴᠢᠶ᠎ᠠ᠂ ᠰᠢᠨ᠎ᠡ ᠬᠤᠲᠠ | ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠬᠠᠮᠲᠤᠷᠠᠨ ︽ᠰᠢᠨ᠎ᠡ ᠬᠤᠲᠠ ᠲᠣᠭᠤᠷᠢᠭ ᠤᠨ | ᠰᠤᠷᠭᠠᠨ ᠬᠥᠮᠦᠵᠢᠯ ᠤᠨ ᠰᠢᠰᠲ᠋ᠧᠮ ᠤᠨ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠲᠤᠬᠠᠶᠢᠯᠠᠭᠰᠠᠨ ᠠᠵᠢᠯ ᠤᠨ ᠮᠡᠳᠡᠯᠭᠡ ᠶᠢᠨ ᠪᠣᠯᠪᠠᠰᠤᠷᠠᠭᠤᠯᠤᠯ ᠤᠨ ᠬᠤᠷᠠᠯ︾ ᠢ | ᠬᠤᠷᠠᠯᠳᠤᠭᠤᠯᠪᠠ᠃ ᠪᠦᠬᠦ ᠲᠤᠭᠤᠷᠢᠭ ᠤᠨ 60 ᠭᠠᠷᠤᠢ ᠳᠤᠮᠳᠠ ᠵᠡᠷᠭᠡ ᠶᠢᠨ ᠠᠵᠢᠯ ᠮᠡᠷᠭᠡᠵᠢᠯ᠂ ᠳᠤᠮᠳᠠᠳᠤ ᠪᠠᠭ᠎ᠠ | ᠰᠤᠷᠭᠠᠭᠤᠯᠢ᠂ ᠬᠤᠶᠠᠳᠤᠭᠠᠷ ᠳᠡᠰ ᠤᠨ ᠨᠢᠭᠡᠴᠢ ᠵᠢᠴᠢ ᠬᠤᠯᠪᠤᠭᠳᠠᠯ ᠪᠦᠬᠦᠢ ᠰᠠᠯᠠᠭ᠎ᠠ ᠲᠠᠰᠤᠭ ᠪᠣᠯᠪᠠᠰᠤᠷᠠᠯ ᠳᠤ | ᠣᠷᠣᠯᠴᠠᠪᠠ᠃ | | | | | | ᠰᠢᠨ᠎ᠡ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠡᠪᠡᠳᠴᠢᠨ ᠡᠮᠭᠡᠭ ᠢ | ᠰᠡᠷᠭᠡᠶᠢᠯᠡᠨ ᠬᠢᠵᠠᠭᠠᠷᠯᠠᠬᠤ ᠲᠥᠪ ᠤᠨ ᠬᠢᠵᠢᠭ ᠰᠡᠷᠭᠡᠶᠢᠯᠡᠬᠦ ᠰᠠᠯᠠᠭᠠᠨ ᠤ ᠳᠠᠷᠤᠭ᠎ᠠ ᠰᠢᠤᠶ ᠯᠢᠶᠠᠩ ᠸᠧᠨ | ᠣᠷᠢᠯᠠᠭ᠎ᠠ ᠪᠠᠷ ᠪᠣᠯᠪᠠᠰᠤᠷᠠᠯ ᠬᠢᠵᠡᠶ᠃ ᠰᠢᠤᠢ ᠯᠢᠶᠠᠩ ᠸᠧᠨ ᠣᠳᠣᠬᠢ ᠱᠠᠲᠤᠨ ᠤ ᠰᠢᠨ᠎ᠡ ᠲᠢᠲᠢᠮᠯᠢᠭ ᠠᠭᠤᠰᠬᠢᠨ | ᠦᠷᠪᠢᠰᠦᠯ ᠤᠨ ᠡᠮᠴᠢᠯᠡᠭᠡ᠂ ᠰᠡᠷᠭᠡᠶᠢᠯᠡᠨ ᠡᠵᠡᠮᠳᠡᠬᠦ᠂ ᠠᠷᠢᠭᠤᠳᠬᠠᠬᠤ ᠵᠡᠷᠭᠡ ᠭᠤᠷᠪᠠᠨ ᠲᠠᠯ᠎ᠠ ᠪᠠᠷ | ᠲᠤᠰᠬᠠᠶᠢᠵᠢᠭᠰᠠᠨ ᠵᠢᠯᠣᠭᠤᠳᠤᠯᠭ᠎ᠠ ᠬᠢᠪᠡ᠃ | | | | | | ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠰᠤᠷᠭᠠᠨ ᠬᠥᠮᠦᠵᠢᠯ ᠤᠨ ᠲᠤᠪᠴᠢᠶ᠎ᠠ ᠶᠢᠨ ᠳᠡᠳ᠋ | ᠲᠤᠪᠴᠢᠶ᠎ᠠ ᠶᠢᠨ ᠳᠠᠷᠤᠭ᠎ᠠ ᠸᠠᠩ ᠰᠢᠤᠸᠠᠢ ᠳ᠋ᠦᠩ ᠲᠠᠷᠠᠭᠠᠴᠢ ᠶᠢᠨ ᠠᠯᠬᠤᠮ ᠤᠨ ᠬᠢᠵᠢᠭ ᠤᠨ ᠪᠠᠶᠢᠳᠠᠯ ᠢ ᠰᠡᠷᠭᠡᠶᠢᠯᠡᠨ | ᠡᠵᠡᠮᠳᠡᠬᠦ ᠠᠵᠢᠯ ᠳᠤ ᠪᠤᠲᠠᠲᠠᠢ ᠱᠠᠭᠠᠷᠳᠠᠯᠭ᠎ᠠ ᠳᠤᠷᠠᠳᠴᠤ᠂ ᠣᠳᠣᠬᠠᠨ ᠳᠤ ᠪᠥᠬᠦ ᠤᠯᠤᠰ ᠤᠨ ᠬᠢᠵᠢᠭ ᠤᠨ | ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠢᠳᠡᠪᠬᠢᠲᠡᠶ ᠰᠠᠶᠢᠵᠢᠷᠠᠵᠤ᠂ ᠡᠯ᠎ᠡ ᠭᠠᠵᠠᠷ ᠵᠠᠯᠭᠠᠭ᠎ᠠ ᠪᠠᠷ ᠰᠤᠷᠤᠯᠭ᠎ᠠ ᠪᠠᠨ | ᠰᠡᠷᠭᠦᠭᠡᠨ ᠡᠬᠢᠯᠡᠵᠦ᠂ ᠪᠥᠬᠦ ᠲᠤᠭᠤᠷᠢᠭ ᠤᠨ ᠳᠤᠮᠳᠠᠳᠤ ᠪᠠᠭ᠎ᠠ ᠰᠤᠷᠭᠠᠭᠤᠯᠢ ᠶᠢᠨ ᠰᠤᠷᠤᠯᠭ᠎ᠠ ᠪᠠᠨ ᠰᠡᠷᠭᠦᠭᠡᠬᠦ ᠠᠵᠢᠯ | ᠡᠷᠬᠡᠪᠰᠢ ᠤᠷᠢᠳᠴᠢᠯᠠᠨ ᠪᠡᠯᠡᠳᠬᠡᠯ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃ ᠲᠡᠷᠡ ᠱᠠᠭᠠᠷᠳᠠᠭᠰᠠᠨ ᠨᠢ᠂ ︽ | ᠲᠠᠪᠤ ᠶᠢ ᠡᠷᠬᠡᠪᠰᠢ ᠪᠣᠳᠠᠲᠠᠶᠢᠵᠢᠭᠤᠯᠬᠤ︾ ᠶᠢ ᠴᠢᠩᠭ᠎ᠠ ᠨᠠᠶᠢᠲᠠᠪᠤᠷᠢᠵᠢᠭᠤᠯᠵᠤ᠂ ᠲᠤᠬᠠᠶᠢᠯᠠᠪᠠᠯ ᠰᠡᠷᠭᠡᠶᠢᠯᠡᠨ ᠡᠵᠡᠮᠳᠡᠬᠦ | ᠲᠠᠯᠠᠪᠤᠷ ᠤᠨ ᠲᠣᠬᠢᠷᠠᠭᠤᠯᠤᠯᠲᠠ ᠶᠢ ᠡᠷᠬᠡᠪᠰᠢ ᠪᠣᠳᠠᠲᠠᠶᠢᠵᠢᠭᠤᠯᠬᠤ᠂ ᠡᠳ᠋ ᠪᠣᠳᠠᠰ ᠤᠨ ᠨᠥᠭᠡᠴᠡᠯᠡᠯᠲᠡ ᠶᠢ ᠡᠷᠬᠡᠪᠰᠢ | ᠪᠣᠳᠠᠲᠠᠶᠢᠵᠢᠭᠤᠯᠬᠤ᠂ ᠪᠠᠭᠰᠢ ᠠᠵᠢᠯᠲᠠᠨ ᠪᠠ ᠰᠤᠷᠤᠭᠴᠢᠳ ᠤᠨ ᠡᠷᠡᠭᠦᠯ ᠮᠡᠨᠳᠦ ᠶᠢᠨ ᠪᠠᠶᠢᠴᠠᠭᠠᠯᠲᠠ ᠶᠢ ᠡᠷᠬᠡᠪᠰᠢ | ᠪᠣᠳᠠᠲᠠᠶᠢᠵᠢᠭᠤᠯᠬᠤ᠂ ᠰᠤᠷᠭᠠᠭᠤᠯᠢ ᠡᠬᠢᠯᠡᠬᠦ ᠠᠴᠠ ᠡᠮᠦᠨᠡᠬᠢ ᠰᠣᠷᠢᠯᠲᠠ ᠶᠢ ᠡᠷᠬᠡᠪᠰᠢ ᠪᠣᠳᠠᠲᠠᠶᠢᠵᠢᠭᠤᠯᠬᠤ᠂ ᠪᠥᠬᠦ | ᠠᠵᠢᠯᠲᠠᠨ ᠤ ᠪᠣᠯᠪᠠᠰᠤᠷᠠᠭᠤᠯᠤᠯ ᠢ ᠡᠷᠬᠡᠪᠰᠢ ᠪᠣᠳᠠᠲᠠᠶᠢᠵᠢᠭᠤᠯᠬᠤ ᠬᠡᠷᠡᠭᠲᠡᠶ᠃ ᠡᠯ᠎ᠡ ᠰᠤᠷᠭᠠᠭᠤᠯᠢ ᠰᠤᠷᠭᠠᠭᠤᠯᠢ | ᠡᠬᠢᠯᠡᠬᠦ ᠠᠵᠢᠯ ᠢᠶᠠᠨ ᠪᠠᠴᠢᠮ ᠲᠤᠯᠭᠠᠮ ᠪᠡᠯᠡᠳᠬᠡᠵᠦ᠂ ᠪᠥᠬᠦ ᠬᠦᠴᠦ ᠪᠠᠷ ᠢᠶᠠᠨ ᠴᠢᠷᠮᠠᠶᠢᠵᠤ᠂ ᠨᠠᠷᠢᠨ ᠨᠢᠮᠪᠠᠶ | ᠳᠣᠭᠢᠷᠠᠭᠤᠯᠤᠨ᠂ ᠣᠨᠣᠪᠴᠢᠲᠠᠶ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠷᠭᠠᠭᠤᠯᠢ ᠡᠬᠢᠯᠡᠬᠦ ᠠᠮᠤᠷ ᠲᠦᠪᠰᠢᠨ᠂ | ᠤᠷᠤᠭᠰᠢᠲᠠᠶ᠂ ᠲᠣᠭᠲᠠᠭᠤᠨ ᠪᠠᠶᠢᠬᠤ ᠶᠢ ᠪᠠᠲᠤᠯᠠᠬᠤ ᠬᠡᠷᠡᠭᠲᠡᠶ ᠭᠡᠪᠡ᠃ |