ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠩ ᠾᠦᠢ ᠬᠤᠷᠢᠨᠭᠡᠷ ᠰᠢᠶᠠᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2020-04-01
     3 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠥᠩ ᠾᠦᠢ ᠳᠤᠭᠤᠶᠢᠯᠠᠩ ᠳᠠᠭᠠᠭᠤᠯᠤᠨ ᠬᠤᠷᠢᠨᠭᠡᠷ ᠰᠢᠶᠠᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠪᠠᠶᠢᠴᠠᠭᠠᠨ ᠰᠤᠳᠤᠯᠬᠤ ᠶᠢᠨ ᠬᠠᠮᠲᠤ ᠳᠠᠭᠠᠭᠠᠴᠢᠯᠠᠨ ᠳᠡᠳᠬᠦᠬᠦ ᠲᠣᠰᠬᠤᠨ ᠤ ᠶᠠᠳᠠᠭᠤ ᠬᠦᠴᠢᠷᠳᠡᠯᠲᠡᠶ ᠡᠷᠦᠬᠡ ᠶᠢ ᠪᠣᠯᠭᠤᠭᠠᠨ ᠦᠵᠡᠪᠡ᠃ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠪᠠᠶ ᠷᠦᠢ ᠶᠢᠨ ᠵᠢᠴᠢ ᠬᠤᠯᠪᠣᠭᠳᠠᠯ ᠪᠥᠬᠦᠶ  ᠬᠠᠷᠢᠭᠤᠴᠠᠯᠭᠠᠲᠠᠳ ᠪᠠᠷ᠎ᠠ ᠪᠣᠯᠵᠣ ᠪᠠᠶᠢᠴᠠᠭᠠᠨ ᠰᠤᠳᠤᠯᠤᠯᠲᠠ ᠬᠢᠪᠠ᠃      ᠰᠠᠭᠤᠳᠠᠯ ᠤᠨ ᠬᠤᠷᠠᠯ ᠳᠡᠭᠡᠷ᠎ᠡ᠂ ᠰᠦᠩ ᠾᠦᠢ ᠨᠠᠷ ᠬᠤᠷᠢᠨᠭᠡᠷ ᠰᠢᠶᠠᠨ ᠤ ᠤᠯᠤᠰ ᠲᠦᠷᠦ ᠶᠢᠨ ᠵᠥᠪᠯᠡᠯᠭᠡᠨ ᠠᠴᠠ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠨ ᠥᠷᠨᠢᠭᠦᠯᠦᠭᠰᠡᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠵᠢᠴᠢ ᠤᠯᠤᠰ ᠲᠦᠷᠦ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠵᠡᠷᠭᠡ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠨᠢ ᠳᠠᠭᠠᠭᠠᠴᠢᠯᠠᠨ ᠲᠡᠳᠬᠦᠭᠰᠡᠨ ᠵᠠᠩᠭᠢ ᠬᠤᠲᠣᠭᠲᠣ ᠲᠣᠰᠬᠤᠨ ᠳᠤ ᠭᠦᠨᠵᠡᠭᠡᠶᠢᠷᠡᠨ ᠶᠠᠳᠠᠭᠤ ᠶᠢ ᠲᠡᠳᠬᠦᠬᠦ ᠬᠦᠷᠢᠶ᠎ᠡ ᠴᠠᠷᠠᠭ᠎ᠠ ᠶᠢᠨ ᠠᠵᠢᠯ ᠳᠤ ᠪᠠᠶᠢᠴᠠᠭᠠᠨ ᠰᠤᠳᠤᠯᠤᠯᠲᠠ ᠬᠢᠵᠦ ᠵᠢᠭᠠᠨ ᠵᠢᠯᠣᠭᠤᠳᠬᠤ ᠶᠢᠨ ᠬᠠᠮᠲᠤ ᠵᠠᠩᠭᠢ ᠬᠤᠲᠣᠭᠲᠣ᠂ ᠶᠠᠨ ᠴᠧᠩ ᠶᠢᠩ ᠵᠡᠷᠭᠡ ᠲᠣᠰᠬᠤᠨ ᠤ 5 ᠶᠠᠳᠠᠭᠤ ᠬᠦᠴᠢᠷᠳᠡᠯᠲᠡᠢ ᠡᠷᠦᠬᠡ ᠶᠢ ᠪᠣᠯᠭᠤᠭᠠᠨ ᠦᠵᠡᠪᠡ᠃      ᠰᠦᠩ ᠾᠦᠢ ᠰᠢᠶᠠᠨ ᠤ ᠤᠯᠤᠰ ᠲᠦᠷᠦ ᠶᠢᠨ ᠵᠥᠪᠯᠡᠯᠭᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ  ᠠᠵᠢᠯ ᠢ ᠭᠦᠢᠴᠡᠳ ᠨᠤᠲᠠᠯᠠᠵᠤ᠂ ᠬᠤᠯᠪᠣᠭᠳᠠᠯ ᠪᠦᠬᠦᠢ ᠨᠢᠭᠡᠴᠡ ᠶᠢᠨ ᠤᠷᠳᠤ ᠬᠤᠭᠤᠴᠠᠭᠠᠨ ᠤ ᠲᠤᠷᠰᠢ ᠤᠯᠤᠰ ᠲᠦᠷᠦ ᠶᠢᠨ ᠵᠥᠪᠯᠡᠯᠭᠡᠨ ᠤ ᠠᠵᠢᠯ ᠳᠤ ᠳᠡᠮᠵᠢᠯᠭᠡ ᠦᠵᠡᠭᠦᠯᠦᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ᠂ ᠬᠤᠷᠢᠨᠭᠡᠷ ᠰᠢᠶᠠᠨ ᠬᠥᠳᠡᠭᠡ ᠲᠣᠰᠬᠤᠨ ᠤ ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠴᠣᠭᠴᠠᠯᠠᠯᠲᠠ ᠶᠢ ᠴᠢᠩᠭᠠᠳᠬᠠᠵᠤ᠂ ᠢᠯᠭᠠᠨ ᠲᠠᠨᠢᠬᠤ ᠪᠠ ᠬᠠᠪᠰᠤᠷᠤᠨ ᠲᠡᠳᠬᠦᠭᠰᠡᠨ ᠨᠢ ᠣᠨᠣᠪᠴᠢ ᠦᠭᠡᠢ ᠪᠠᠶᠢᠬᠤ ᠵᠡᠷᠭᠡ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠶᠠᠳᠠᠭᠤ ᠶᠢ ᠲᠡᠳᠬᠦᠬᠦ ᠪᠠ ᠤᠶᠤᠨ ᠤᠬᠠᠭᠠᠨ ᠢ ᠲᠡᠳᠬᠦᠬᠦ᠂ ᠡᠷᠴᠢ ᠵᠣᠷᠢᠭ ᠢ ᠨᠢ ᠲᠡᠳᠬᠦᠬᠦ ᠶᠢ ᠤᠶᠠᠯᠳᠤᠭᠤᠯᠵᠤ᠂ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠢᠳᠡᠪᠬᠢᠵᠢᠯ ᠢ ᠲᠠᠶᠢᠴᠢᠯᠠᠨ᠂ ᠠᠵᠤ ᠦᠢᠯᠡᠰ ᠢᠶᠠᠷ ᠲᠤᠯᠭᠠᠭᠤᠷᠢᠯᠠᠯ ᠪᠣᠯᠭᠠᠵᠤ᠂ ᠶᠠᠳᠠᠭᠤ ᠬᠦᠴᠢᠷᠳᠡᠯᠲᠡᠢ ᠵᠠᠬ᠎ᠠ ᠬᠦᠪᠡᠭᠡ ᠶᠢᠨ ᠡᠷᠦᠬᠡ ᠶᠢᠨ ᠥᠪᠡᠷ ᠢ ᠪᠠᠨ ᠬᠥᠭᠵᠢᠭᠦᠯᠬᠦ ᠴᠢᠳᠠᠪᠤᠷᠢ ᠶᠢ ᠦᠨᠡᠨᠬᠦ ᠴᠢᠩᠭᠠᠳᠬᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠯᠤᠭ᠎ᠠ ᠪᠦᠲᠦᠮᠵᠢᠲᠡᠢ ᠵᠣᠯᠭᠠᠭᠤᠯᠵᠤ᠂ ᠠᠵᠤ ᠦᠢᠯᠡᠰ ᠤᠨ ᠳᠡᠮᠵᠢᠯᠭᠡ ᠪᠦᠬᠦᠢ ᠵᠢᠱᠢᠶ᠎ᠡ ᠦᠵᠡᠭᠦᠯᠬᠦ ᠲᠣᠰᠬᠤᠨ ᠢ ᠪᠠᠶᠢᠭᠤᠯᠬᠤ ᠬᠡᠷᠡᠭᠲᠡᠢ ᠭᠡᠵᠦ ᠢᠯᠡᠳᠬᠡᠪᠡ᠃
 
ᠢᠷᠡᠯᠲᠡ᠄ ᠬᠤᠷᠢᠨᠭᠡᠷ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号