3 ᠳ᠋ᠤᠭᠠᠷ ᠰᠠᠷ᠎ᠠ ᠶᠢᠨ 30 ᠤ ᠡᠳᠦᠷ᠂ ᠴᠢᠩ ᠱᠦᠶ ᠾᠧ ᠰᠢᠶᠠᠨ ᠤ ᠨᠢᠭᠡᠳᠦᠭᠡᠷ ᠳᠤᠮᠳᠠᠳᠤ ᠰᠤᠷᠭᠠᠭᠤᠯᠢ | ᠂ ᠬᠤᠶᠠᠳᠤᠭᠠᠷ ᠳᠤᠮᠳᠠᠳᠤ ᠰᠤᠷᠭᠠᠭᠤᠯᠢ᠂ ᠦᠨᠳᠦᠰᠦᠲᠡᠨ ᠤ ᠳᠤᠮᠳᠠᠳᠤ ᠰᠤᠷᠭᠠᠭᠤᠯᠢ᠂ ᠡᠩ ᠤᠨ ᠳᠡᠭᠡᠳᠦ | ᠳᠤᠮᠳᠠᠳᠤ ᠰᠤᠷᠭᠠᠭᠤᠯᠢ ᠵᠡᠷᠭᠡ 4 ᠰᠤᠷᠭᠠᠭᠤᠯᠢ ᠶᠢᠨ 1268 ᠨᠡᠷᠡᠰ ᠠᠩᠬ᠎ᠠ ᠳᠤᠮᠳᠠᠳᠤ ᠶᠢᠨ ᠭᠤᠷᠪᠠᠳᠤᠭᠠᠷ ᠣᠨ | ᠪᠠ ᠳᠡᠭᠡᠳᠦ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠠᠮᠤᠷ ᠲᠦᠪᠰᠢᠨ ᠢᠶᠠᠷ ᠬᠢᠴᠢᠶᠡᠯ ᠰᠡᠷᠭᠦᠵᠦ᠂ | ᠤᠷᠠᠨ ᠤᠩᠰᠢᠯᠭ᠎ᠠ ᠶᠢᠨ ᠲᠠᠭᠤᠨ ᠳᠠᠬᠢᠨᠲᠠ ᠰᠤᠷᠭᠠᠭᠤᠯᠢ ᠶᠢᠨ ᠬᠦᠷᠢᠶᠡᠨ ᠳᠤ ᠴᠤᠤᠷᠢᠶᠠᠲᠤᠵᠤ᠂ ᠰᠤᠷᠭᠠᠭᠤᠯᠢ ᠤᠳ | ᠥᠩᠭᠡᠷᠡᠭᠰᠡᠨ ᠡᠳᠦᠷ ᠤᠨ ᠠᠮᠢᠵᠢᠷᠠᠯ ᠤᠨ ᠬᠦᠴᠦᠨ ᠢᠶᠠᠨ ᠳᠠᠬᠢᠨᠲᠠ ᠢᠯᠡᠷᠡᠭᠦᠯᠪᠡ᠃ | ᠥᠷᠯᠥᠭᠡ᠂ ᠰᠤᠷᠤᠭᠴᠢᠳ ᠠᠮᠠᠪᠴᠢ ᠵᠡᠭᠦᠵᠦ ᠬᠡᠪ ᠤᠨ ᠴᠠᠭ ᠶᠣᠰᠣᠭᠠᠷ ᠰᠤᠷᠭᠠᠭᠤᠯᠢ ᠶᠢᠨ ᠬᠦᠷᠢᠶᠡᠨ ᠳᠤ | ᠣᠷᠣᠪᠠ᠃ ᠰᠤᠷᠭᠠᠭᠤᠯᠢ ᠶᠢᠨ ᠡᠭᠦᠳᠡᠨ ᠳᠤ᠂ ᠰᠤᠷᠤᠭᠴᠢᠳ ᠬᠥᠲᠥᠯᠦᠨ ᠵᠢᠯᠣᠭᠤᠳᠬᠤ ᠱᠤᠭᠤᠮ ᠶᠣᠰᠣᠭᠠᠷ᠂ | ᠨᠢᠭᠡ ᠮᠧᠲᠷ ᠠᠯᠤᠰᠯᠠᠭᠠᠳ ᠲᠠᠰ ᠳᠠᠷᠠᠭᠠᠯᠠᠨ ᠳᠤᠯᠠᠭᠠᠨ ᠬᠡᠮᠵᠢᠬᠦ ᠵᠠᠮ ᠢᠶᠠᠷ ᠥᠩᠭᠡᠷᠡᠵᠦ᠂ ᠪᠠᠶᠢᠴᠠᠭᠠᠳ ᠬᠡᠪ ᠤᠨ | ᠪᠠᠶᠢᠭᠰᠠᠭᠠᠷ ᠠᠩᠭᠢ ᠳᠤ ᠣᠷᠣᠨ᠎ᠠ᠃ ᠠᠩᠭᠢ ᠳᠤ᠂ ᠠᠩᠭᠢ ᠶᠢᠨ ᠡᠷᠬᠢᠯᠡᠭᠴᠢ ᠪᠡᠶ᠎ᠡ ᠶᠢᠨ ᠳᠤᠯᠠᠭᠠᠨ ᠢ ᠬᠤᠶᠠᠳᠠᠬᠢ | ᠤᠳᠠᠭ᠎ᠠ ᠪᠠᠶᠢᠴᠠᠭᠠᠵᠤ᠂ ᠰᠤᠷᠤᠭᠴᠢᠳ ᠲᠤ ᠰᠤᠷᠭᠠᠭᠤᠯᠢ ᠡᠬᠢᠯᠡᠨ ᠬᠢᠴᠢᠶᠡᠯ ᠰᠡᠷᠭᠦᠵᠦ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ᠶᠠᠪᠤᠴᠠ᠂ ᠠᠩᠬᠠᠷᠬᠤ ᠵᠦᠶᠯᠡᠰ ᠢ ᠲᠠᠶᠢᠯᠪᠤᠷᠢᠯᠠᠬᠤ ᠶᠢᠨ ᠬᠠᠮᠲᠤ ᠰᠤᠷᠤᠭᠴᠢᠳ ᠤᠨ | ᠰᠤᠷᠭᠠᠭᠤᠯᠢ ᠳᠠᠭᠠᠨ ᠪᠤᠴᠠᠬᠤ ᠠᠴᠠ ᠡᠮᠦᠨᠡᠬᠢ 14 ᠡᠳᠦᠷ ᠤᠨ ᠪᠡᠶ᠎ᠡ ᠶᠢᠨ ᠳᠤᠯᠠᠭᠠᠨ ᠤ ᠲᠡᠮᠳᠡᠭᠯᠡᠯ ᠤᠨ | ᠬᠦᠰᠦᠨᠦᠭᠲᠦ ᠵᠡᠷᠭᠡ ᠬᠠᠮᠢᠶ᠎ᠠ ᠪᠥᠬᠦᠶ ᠮᠠᠲ᠋ᠧᠷᠢᠶᠠᠯ ᠢ ᠬᠤᠷᠢᠶᠠᠪᠠ᠃ | ᠳᠠᠷᠠᠭ᠎ᠠ ᠨᠢ ᠬᠢᠴᠢᠶᠡᠯ ᠳᠡᠭᠡᠷ᠎ᠡ ᠪᠠᠭᠰᠢ ᠰᠤᠷᠤᠭᠴᠢᠳ ᠢᠳᠡᠪᠬᠢᠲᠡᠶ ᠪᠠᠷ ᠰᠣᠯᠢᠯᠴᠠᠨ ᠨᠡᠪᠲᠡᠷᠡᠯᠴᠡᠵᠦ᠂ | ᠮᠡᠳᠡᠯᠭᠡ ᠶᠢᠨ ᠪᠦᠲᠦᠴᠡ ᠪᠠᠨ ᠡᠮᠬᠢᠯᠡᠵᠦ᠂ ᠰᠦᠯᠵᠢᠶᠡᠨ ᠳᠡᠭᠡᠷᠡᠬᠢ ᠵᠢᠭᠠᠨ ᠰᠤᠷᠭᠠᠯᠲᠠ ᠶᠢᠨ ᠦᠷ᠎ᠡ ᠪᠦᠲᠦᠮᠵᠢ ᠶᠢ | ᠬᠠᠷᠢᠭᠤ ᠲᠤᠰᠬᠠᠵᠤ᠂ ᠬᠢᠴᠢᠶᠡᠯ ᠰᠡᠷᠭᠦᠭᠡᠭᠰᠡᠨ ᠤ ᠳᠠᠷᠠᠭᠠᠬᠢ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ | ᠵᠢᠭᠠᠨ ᠰᠤᠷᠭᠠᠯᠲᠠ ᠶᠢ ᠵᠣᠯᠭᠠᠭᠤᠯᠬᠤ ᠳᠤ ᠪᠡᠯᠡᠳᠬᠡᠯ ᠬᠢᠪᠠ᠃ ᠠᠩᠬ᠎ᠠ ᠳᠤᠮᠳᠠᠳᠤ ᠶᠢᠨ ᠭᠤᠷᠪᠠᠳᠤᠭᠠᠷ ᠣᠨ᠂ | ᠳᠡᠭᠡᠳᠦ ᠳᠤᠮᠳᠠᠳᠤ ᠶᠢᠨ ᠭᠤᠷᠪᠠᠳᠤᠭᠠᠷ ᠣᠨ ᠤ ᠰᠤᠷᠤᠭᠴᠢᠳ ᠶᠡᠭᠡ ᠳᠡᠭᠡᠳᠦ ᠰᠤᠷᠭᠠᠭᠤᠯᠢ ᠳᠤ ᠳᠤ ᠰᠣᠷᠣᠭᠴᠢ | ᠡᠯᠰᠡᠬᠦ ᠰᠢᠯᠭᠠᠯᠲᠠ ᠶᠢᠨ ᠰᠢᠪᠲᠤᠯᠤᠯᠲᠠ ᠶᠢᠨ ᠱᠠᠲᠤᠨ ᠳᠤ ᠣᠷᠣᠰᠢᠵᠤ᠂ ᠴᠠᠭ ᠪᠠᠴᠢᠮ ᠡᠭᠦᠷᠭᠡ ᠬᠦᠨᠳᠦ ᠪᠠᠶᠢᠨ᠎ᠠ᠃ | ᠴᠠᠭ ᠮᠥᠴᠡ ᠶᠢ ᠠᠮᠵᠢᠨ᠂ ᠴᠠᠭ ᠮᠥᠴᠡ ᠶᠢ ᠠᠯᠳᠠᠯ ᠥᠬᠡᠶ ᠲᠡᠮᠡᠴᠡᠵᠦ᠂ ᠨᠠᠷᠢᠨ ᠬᠢᠨᠠᠮᠠᠭᠠᠶ ᠵᠢᠭᠠᠨ ᠰᠤᠷᠭᠠᠯᠲᠠ | ᠬᠢᠵᠦ᠂ ᠳᠤᠲᠠᠭᠤᠳᠠᠯ ᠢᠶᠠᠨ ᠨᠥᠬᠦᠪᠥᠷᠢᠯᠡᠵᠦ᠂ ᠰᠣᠷᠣᠭᠴᠢ ᠨᠢᠭᠡᠪᠦᠷᠢ ᠶᠢ ᠴᠥᠮ ᠬᠦᠰᠡᠯᠡᠩ ᠤᠨ ᠬᠢᠷᠢ ᠪᠦᠲᠦᠮᠵᠢ | ᠲᠠᠢ ᠪᠣᠯᠭᠠᠬᠤ ᠪᠠᠷ ᠴᠢᠷᠮᠠᠶᠢᠨ᠎ᠠ ᠭᠡᠵᠦ ᠪᠠᠭᠰᠢ ᠨᠠᠷ ᠢᠯᠡᠷᠬᠡᠶᠢᠯᠡᠵᠡᠶ᠃ | ᠦᠳᠡ ᠳᠤ ᠬᠤᠭᠤᠯᠠ ᠶᠢᠨ ᠦᠶ᠎ᠡ ᠳᠤ᠂ ᠠᠳᠠᠯᠢ ᠪᠤᠰᠤ ᠠᠰᠠᠷ ᠤᠨ ᠳᠠᠪᠬᠤᠷᠭ᠎ᠠ ᠣᠷᠭᠢᠯ ᠠᠯᠤᠰᠯᠠᠨ | ᠰᠤᠷᠭᠠᠭᠤᠯᠢ ᠲᠠᠷᠬᠠᠵᠤ᠂ ᠰᠤᠷᠤᠭᠴᠢᠳ ᠬᠤᠭᠤᠯᠠᠨ ᠭᠡᠷ ᠲᠤ ᠣᠷᠣᠵᠤ ᠭᠠᠷ ᠢᠶᠠᠨ ᠤᠬᠢᠶᠠᠵᠤ ᠠᠷᠢᠭᠤᠳᠬᠠᠨ᠂ | ᠰᠢᠷᠡᠭᠡ ᠬᠤᠪᠢᠶᠠᠨ ᠬᠤᠭᠤᠯᠠ ᠢᠳᠡᠵᠦ᠂ ᠡᠮᠬᠢ ᠵᠢᠷᠤᠮ ᠲᠠᠢ ᠪᠠᠶᠢᠯ᠎ᠠ᠃ | ᠰᠤᠷᠭᠠᠭᠤᠯᠢ ᠡᠬᠢᠯᠡᠨ ᠬᠢᠴᠢᠶᠡᠯ ᠰᠡᠷᠭᠦᠵᠦ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠪᠣᠯ | ᠰᠤᠷᠭᠠᠭᠤᠯᠢ ᠶᠢᠨ ᠨᠢᠭᠡ ᠤᠳᠠᠭᠠᠨ ᠤ ︽ᠶᠡᠭᠡ ᠰᠢᠯᠭᠠᠯᠲᠠ︾ ᠪᠣᠯᠤᠨ᠎ᠠ᠂ ᠰᠢᠶᠠᠨ ᠤ ᠨᠠᠮ ᠤᠨ ᠬᠤᠷᠢᠶ᠎ᠠ᠂ ᠵᠠᠰᠠᠭ | ᠤᠨ ᠣᠷᠳᠣᠨ ᠳᠡᠭᠡᠳᠦ ᠬᠡᠮᠵᠢᠶ᠎ᠡ ᠪᠠᠷ ᠴᠢᠬᠤᠯᠠᠴᠢᠯᠠᠨ ᠦᠵᠡᠵᠦ᠂ ᠰᠢᠶᠠᠨ ᠤ ᠤᠳᠤᠷᠢᠳᠤᠯᠭ᠎ᠠ ᠰᠤᠷᠭᠠᠭᠤᠯᠢ ᠳᠤ | ᠭᠦᠨᠵᠡᠭᠡᠶᠢᠷᠡᠨ ᠪᠠᠶᠢᠴᠠᠭᠠᠨ ᠵᠢᠯᠣᠭᠤᠳᠴᠤ᠂ ᠡᠭᠦᠷᠭᠡ ᠪᠠᠶᠢᠷᠢᠯᠠᠭᠤᠯᠪᠠ᠃ ᠰᠢᠶᠠᠨ ᠤ ᠰᠤᠷᠭᠠᠨ ᠬᠥᠮᠦᠵᠢᠯ ᠤᠨ | ᠲᠣᠪᠴᠢᠶ᠎ᠠ ᠦᠳᠲᠡᠷ ᠲᠦᠷᠭᠡᠨ ᠴᠤᠤᠷᠢᠶᠠᠲᠤᠨ ᠳᠠᠭᠠᠵᠤ᠂ ᠠᠵᠢᠯ ᠤᠨ ᠠᠷᠭ᠎ᠠ ᠬᠡᠮᠵᠢᠶ᠎ᠡ ᠪᠠᠨ ᠴᠢᠩᠭᠠᠳᠬᠠᠵᠤ᠂ | ᠳᠠᠬᠢᠨ ᠳᠠᠪᠲᠠᠨ ᠬᠢᠨᠠᠨ ᠵᠢᠯᠣᠭᠤᠳᠴᠤ ᠪᠠᠶᠢᠴᠠᠭᠠᠪᠠ᠃ ᠡᠯ᠎ᠡ ᠰᠤᠷᠭᠠᠭᠤᠯᠢ ᠪᠦᠷᠢᠨ ᠲᠦᠬᠦᠷ ᠰᠤᠷᠭᠠᠭᠤᠯᠢ ᠡᠬᠢᠯᠡᠬᠦ | ᠪᠡᠯᠡᠳᠬᠡᠯ ᠲᠥᠰᠦᠯ ᠲᠣᠭᠲᠠᠭᠠᠵᠤ᠂ ᠬᠥᠮᠦᠰ ᠢ ᠣᠶᠢᠯᠭᠠᠨ ᠵᠢᠭᠰᠠᠭᠠᠬᠤ᠂ ᠣᠷᠣᠵᠤ ᠭᠠᠷᠬᠤ ᠬᠠᠮᠢᠶᠠᠷᠤᠯᠲᠠ᠂ | ᠰᠤᠷᠭᠠᠭᠤᠯᠢ ᠳᠠᠭᠠᠨ ᠪᠤᠴᠠᠬᠤ ᠲᠣᠬᠢᠷᠠᠭᠤᠯᠤᠯᠲᠠ᠂ ᠪᠠᠭᠰᠢ ᠰᠤᠷᠤᠭᠴᠢᠳ ᠤᠨ ᠪᠣᠯᠪᠠᠰᠤᠷᠠᠭᠤᠯᠤᠯ᠂ ᠡᠳ᠋ ᠪᠣᠳᠠᠰ | ᠨᠥᠭᠡᠴᠡᠯᠡᠬᠦ᠂ ᠠᠷᠢᠭᠤᠨ ᠴᠡᠪᠡᠷ ᠠᠷᠢᠭᠤᠳᠬᠠᠯ᠂ ᠲᠤᠰᠠᠭᠠᠷᠯᠠᠬᠤ ᠣᠷᠣᠨ ᠪᠦᠰᠡ᠂ ᠪᠠᠶᠢᠷᠢ ᠳᠤ ᠰᠠᠭᠤᠬᠤ | ᠬᠠᠮᠢᠶᠠᠷᠤᠯᠲᠠ᠂ ᠢᠳᠡᠭᠡᠨ ᠤᠮᠳᠠᠭᠠᠨ ᠤ ᠬᠠᠮᠢᠶᠠᠷᠤᠯᠲᠠ᠂ ᠪᠠᠴᠢᠮ ᠪᠠᠶᠢᠳᠠᠯ ᠢ ᠠᠷᠭᠠᠴᠠᠨ ᠰᠢᠶᠳᠪᠦᠷᠢᠯᠡᠬᠦ᠂ | ᠴᠤᠪᠤᠷᠠᠯ ᠤᠨ ᠰᠣᠷᠢᠯᠲᠠ ᠵᠡᠷᠭᠡ ᠡᠯ᠎ᠡ ᠲᠠᠯ᠎ᠠ ᠳᠤ ᠰᠤᠷᠭᠠᠭᠤᠯᠢ ᠡᠬᠢᠯᠡᠨ ᠬᠢᠴᠢᠶᠡᠯ ᠰᠡᠷᠭᠦᠭᠡᠬᠦ ᠪᠡᠯᠡᠳᠬᠡᠯ ᠬᠢᠵᠦ᠂ | ᠬᠢᠵᠢᠭ ᠰᠡᠷᠭᠡᠶᠢᠯᠡᠬᠦ ᠪᠠ ᠵᠢᠭᠠᠨ ᠰᠤᠷᠭᠠᠬᠤ ᠠᠵᠢᠯ ᠤᠨ ᠠᠯᠢᠨ ᠢ ᠨᠢ ᠴᠦ ᠰᠠᠭᠠᠲᠠᠭᠠᠬᠤ ᠥᠬᠡᠶ ᠪᠠᠶᠢᠬᠤ ᠶᠢ ᠦᠨᠡᠨᠬᠦ | ᠪᠠᠲᠤᠯᠠᠪᠠ᠃ | ᠣᠳᠣᠬᠠᠨ ᠳᠤ᠂ ᠪᠥᠬᠦ ᠰᠢᠶᠠᠨ ᠤ ᠢᠷᠡᠬᠦ ᠶᠣᠰᠣᠲᠠᠢ 105 ᠪᠠᠭᠰᠢ ᠠᠴᠠ᠂ 105 ᠪᠠᠭᠰᠢ ᠠᠵᠢᠯ ᠤᠨ | ᠪᠠᠶᠢᠷᠢ ᠳᠠᠭᠠᠨ ᠪᠤᠴᠠᠪᠠ︔ ᠢᠷᠡᠬᠦ ᠶᠣᠰᠣᠲᠠᠢ 1280 ᠰᠤᠷᠤᠭᠴᠢ ᠠᠴᠠ 1268 ᠰᠤᠷᠤᠭᠴᠢ ᠰᠤᠷᠭᠠᠭᠤᠯᠢ ᠳᠠᠭᠠᠨ | ᠪᠤᠴᠠᠵᠤ᠂ 12 ᠰᠤᠷᠤᠭᠴᠢ ᠲᠣᠭᠲᠠᠭᠰᠠᠨ ᠴᠠᠭ ᠲᠠᠭᠠᠨ ᠰᠤᠷᠭᠠᠭᠤᠯᠢ ᠳᠠᠭᠠᠨ ᠪᠤᠴᠠᠭᠰᠠᠨ ᠦᠭᠡᠢ᠂ ᠡᠭᠦᠨ ᠳᠤ 2 | ᠬᠥᠮᠦᠨ ᠰᠤᠷᠭᠠᠭᠤᠯᠢ ᠰᠢᠯᠵᠢᠵᠦ᠂ 8 ᠬᠥᠮᠦᠨ ᠤ ᠬᠡᠷᠡᠭ ᠤᠨ ᠴᠢᠯᠥᠭᠡ ᠭᠤᠶᠤᠵᠤ᠂ 2 ᠬᠥᠮᠦᠨ ᠤ ᠬᠠᠯᠠᠭᠤᠷᠠᠯ | ᠥᠬᠡᠶ ᠡᠪᠡᠳᠴᠢᠨ ᠤ ᠴᠢᠯᠥᠭᠡ ᠠᠪᠴᠠᠶ᠃ ᠰᠤᠷᠭᠠᠭᠤᠯᠢ ᠳᠤ ᠢᠷᠡᠭᠰᠡᠨ ᠰᠤᠷᠤᠭᠴᠢᠳ ᠤᠨ ᠪᠡᠶ᠎ᠡ ᠶᠢᠨ ᠳᠤᠯᠠᠭᠠᠨ ᠨᠢ | ᠡᠷᠡᠭᠦᠯ᠂ ᠪᠡᠶ᠎ᠡ ᠨᠢ ᠡᠪ ᠦᠭᠡᠢ ᠪᠠᠶᠬᠤ ᠮᠡᠳᠡᠭᠦᠯᠦᠯᠲᠡ ᠣᠯᠤᠭᠰᠠᠨ ᠦᠭᠡᠢ᠃ ᠰᠤᠷᠭᠠᠭᠤᠯᠢ ᠡᠬᠢᠯᠡᠭᠰᠡᠨ ᠠᠩᠬᠠᠨ ᠤ | ᠡᠳᠦᠷ᠂ ᠰᠤᠷᠭᠠᠭᠤᠯᠢ ᠲᠣᠭᠲᠠᠭᠤᠨ᠂ ᠠᠮᠤᠷ ᠲᠦᠪᠰᠢᠨ᠂ ᠡᠮᠬᠢ ᠵᠢᠷᠤᠮ ᠲᠠᠢ᠃ | ᠬᠤᠲᠠ ᠶᠢᠨ ᠰᠤᠷᠭᠠᠨ ᠬᠥᠮᠦᠵᠢᠯ ᠤᠨ ᠲᠣᠪᠴᠢᠶᠠᠨ ᠤ ᠳᠡᠳ᠋ ᠪᠠᠶᠢᠴᠠᠭᠠᠨ ᠰᠤᠳᠤᠯᠤᠭᠴᠢ ᠪᠢ ᠬᠤᠩ ᠲᠤᠤ᠂ | ᠰᠢᠶᠠᠨ ᠤ ᠰᠤᠷᠭᠠᠨ ᠬᠥᠮᠦᠵᠢᠯ ᠤᠨ ᠲᠣᠪᠴᠢᠶᠠᠨ ᠤ ᠪᠠᠭ ᠤᠨ ᠪᠦᠷᠢᠯᠳᠦᠬᠦᠨ ᠡᠨᠡ ᠥᠷᠯᠥᠭᠡ ᠰᠤᠷᠭᠠᠭᠤᠯᠢ ᠳᠤ | ᠬᠦᠷᠴᠦ ᠰᠢᠮᠳᠠᠭᠤᠯᠤᠨ ᠪᠠᠶᠢᠴᠠᠭᠠᠵᠤ ᠵᠢᠭᠠᠨ ᠵᠢᠯᠣᠭᠤᠳᠪᠠ᠃ ᠰᠢᠶᠠᠨ ᠤ ᠰᠤᠷᠭᠠᠨ ᠬᠥᠮᠦᠵᠢᠯ ᠤᠨ ᠲᠣᠪᠴᠢᠶ᠎ᠠ | ᠲᠤᠰᠬᠠᠶ ᠲᠤᠰᠢᠶᠠᠯ ᠤᠨ ᠰᠢᠮᠳᠠᠭᠤᠯᠤᠨ ᠵᠢᠯᠣᠭᠤᠳᠤᠭᠴᠢ ᠲᠣᠮᠢᠯᠠᠨ 3 ᠳ᠋ᠤᠭᠠᠷ ᠰᠠᠷ᠎ᠠ ᠶᠢᠨ 30 ᠤ ᠡᠳᠦᠷ ᠠᠴᠠ | ᠡᠬᠢᠯᠡᠨ ᠰᠤᠷᠭᠠᠭᠤᠯᠢ ᠳᠤ ᠣᠷᠣᠭᠤᠯᠵᠤ ᠰᠤᠷᠭᠠᠭᠤᠯᠢ ᠡᠬᠢᠯᠡᠵᠦ ᠬᠢᠴᠢᠶᠡᠯ ᠰᠡᠷᠭᠦᠬᠦ᠂ ᠬᠢᠵᠢᠭ ᠤᠨ ᠪᠠᠶᠢᠳᠠᠯ ᠢ | ᠰᠡᠷᠭᠡᠶᠢᠯᠡᠨ ᠡᠵᠡᠮᠳᠡᠬᠦ ︽ᠴᠡᠭ ᠲᠤ ᠰᠠᠭᠤᠬᠤ︾ ᠰᠢᠮᠳᠠᠭᠤᠯᠤᠨ ᠵᠢᠯᠣᠭᠤᠳᠣᠯᠭ᠎ᠠ ᠶᠢ ᠥᠷᠨᠢᠭᠦᠯᠪᠡ᠃ |