ᠬᠤᠲᠠ ᠶᠢᠨ ᠤᠳᠤᠷᠢᠳᠤᠯᠭ᠎ᠠ ᠬᠤᠷᠢᠨᠭᠡᠷ ᠰᠢᠶᠠᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠪᠡ
ᠨᠡᠶᠢᠲᠡᠯᠡᠭᠰᠡᠨ ᠴᠠᠭ᠄
2020-04-01
       ︵ᠰᠤᠷᠪᠤᠯᠵᠢᠯᠠᠭᠴᠢ ᠯᠢᠤᠢ ᠬᠤᠢ ᠱᠧᠩ︶ 3 ᠳ᠋ᠤᠭᠠᠷ ᠰᠠᠷ᠎ᠠ ᠶᠢᠨ 31 ᠤ ᠡᠳᠦᠷ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠰᠦᠩ ᠬᠤᠢ ᠪᠦᠯᠬᠦᠮ ᠳᠠᠭᠠᠭᠤᠯᠤᠨ ᠬᠤᠷᠢᠨᠭᠡᠷ ᠰᠢᠶᠠᠨ ᠳᠤ ᠬᠦᠷᠴᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠳᠤ ᠪᠠᠶᠢᠴᠠᠭᠠᠨ ᠰᠤᠳᠤᠯᠤᠯᠲᠠ ᠬᠢᠭᠰᠡᠨ ᠪᠥᠭᠡᠳ ᠳᠠᠭᠠᠭᠠᠴᠢᠯᠠᠨ ᠬᠠᠪᠰᠤᠷᠬᠤ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠶᠢ ᠪᠣᠯᠭᠤᠭᠠᠨ ᠦᠵᠡᠪᠡ᠃      ᠰᠦᠩ ᠬᠤᠢ ᠨᠠᠷ ᠬᠤᠷᠢᠨᠭᠡᠷ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠰᠢᠶᠠᠨ ᠤ ᠨᠠᠮ ᠤᠨ ᠬᠤᠷᠢᠶ᠎ᠠ᠂ ᠰᠢᠶᠠᠨ ᠤ ᠵᠠᠰᠠᠭ ᠤᠨ ᠣᠷᠳᠣᠨ ᠤ ᠪᠠᠶᠢᠷᠢᠯᠠᠭᠤᠯᠤᠯᠲᠠ ᠶᠣᠰᠣᠭᠠᠷ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠦᠭᠰᠡᠨ ᠪᠠᠶᠢᠳᠠᠯ ᠵᠢᠴᠢ ᠤᠯᠤᠰ ᠲᠥᠷᠥ ᠶᠢᠨ ᠵᠥᠪᠯᠡᠯᠭᠡᠨ ᠤ ᠭᠡᠰᠢᠭᠦᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠵᠡᠷᠭᠡ ᠬᠠᠮᠢᠶ᠎ᠠ ᠪᠦᠬᠦᠢ ᠠᠵᠢᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠳᠠᠷᠠᠭ᠎ᠠ ᠨᠢ ᠳᠠᠭᠠᠭᠠᠴᠢᠯᠠᠨ ᠬᠠᠪᠰᠤᠷᠬᠤ ᠵᠠᠩᠭᠢ ᠬᠤᠲᠤᠭᠲᠤ ᠲᠣᠰᠬᠤᠨ ᠳᠤ ᠭᠦᠨᠵᠡᠭᠡᠶᠢᠷᠡᠨ ᠪᠠᠶᠢᠴᠠᠭᠠᠨ ᠰᠤᠳᠤᠯᠤᠯᠲᠠ ᠬᠢᠵᠦ ᠶᠠᠳᠠᠭᠤ ᠶᠢ ᠲᠡᠳᠬᠦᠬᠦ ᠬᠦᠷᠢᠶᠡᠨ ᠤ ᠠᠵᠢᠯ ᠢ ᠵᠢᠯᠣᠭᠤᠳᠤᠭᠰᠠᠨ ᠮᠥᠷᠲᠡᠭᠡᠨ ᠵᠠᠩᠭᠢ ᠬᠤᠲᠤᠭᠲᠤ᠂ ᠶᠠᠨ ᠴᠧᠩ ᠶᠢᠩ ᠵᠡᠷᠭᠡ 5 ᠳᠠᠭᠠᠭᠠᠴᠢᠯᠠᠨ ᠬᠠᠪᠰᠤᠷᠬᠤ ᠲᠣᠰᠬᠤᠨ ᠤ ᠶᠠᠳᠠᠭᠤ ᠬᠦᠴᠢᠷᠳᠡᠯᠲᠡᠢ ᠡᠷᠦᠬᠡ ᠶᠢ ᠪᠣᠯᠭᠤᠭᠠᠨ ᠦᠵᠡᠪᠡ᠃      ᠰᠦᠩ ᠬᠤᠢ ᠬᠤᠷᠢᠨᠭᠡᠷ ᠰᠢᠶᠠᠨ ᠤ ᠤᠯᠤᠰ ᠲᠥᠷᠥ ᠶᠢᠨ ᠵᠥᠪᠯᠡᠯᠭᠡᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠭᠦᠢᠴᠡᠳ ᠦᠨᠡᠯᠡᠵᠦ᠂ ᠤᠯᠤᠰ ᠲᠥᠷᠥ ᠶᠢᠨ ᠵᠥᠪᠯᠡᠯᠭᠡᠨ ᠤ ᠠᠵᠢᠯ ᠢ ᠳᠡᠮᠵᠢᠭᠰᠡᠭᠡᠷ ᠢᠷᠡᠭᠰᠡᠨ ᠬᠠᠮᠢᠶ᠎ᠠ ᠪᠦᠬᠦᠢ ᠪᠠᠶᠢᠭᠤᠯᠭ᠎ᠠ ᠨᠢᠭᠡᠴᠡ ᠳᠤ ᠲᠠᠯᠠᠷᠬᠠᠯ ᠢᠶᠠᠨ ᠢᠯᠡᠳᠬᠡᠪᠡ᠃ ᠲᠡᠷᠡ ᠢᠯᠡᠷᠬᠡᠶᠢᠯᠡᠬᠦ ᠳᠡᠭᠡᠨ᠂ ᠬᠤᠷᠢᠨᠭᠡᠷ ᠰᠢᠶᠠᠨ ᠤ ᠬᠢᠨ ᠬᠥᠳᠡᠭᠡ ᠲᠣᠰᠬᠤᠨ ᠤ  ᠦᠨᠳᠦᠰᠦᠨ ᠱᠠᠲᠤᠨ ᠤ ᠵᠣᠬᠢᠶᠠᠨ ᠪᠠᠶᠢᠭᠤᠯᠤᠯᠲᠠ ᠶᠢᠨ ᠪᠦᠲᠦᠭᠡᠨ ᠪᠠᠶᠢᠭᠤᠯᠤᠯᠲᠠ ᠪᠠᠨ ᠴᠢᠩᠭᠠᠳᠬᠠᠵᠤ᠂ ᠲᠠᠨᠢᠵᠤ ᠢᠯᠭᠠᠬᠤ ᠪᠠ ᠬᠠᠪᠰᠤᠷᠤᠨ ᠲᠡᠳᠬᠦᠬᠦ ᠳᠤ ᠣᠨᠣᠪᠴᠢ ᠦᠭᠡᠢ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠶᠠᠳᠠᠭᠤ ᠶᠢ ᠲᠡᠳᠬᠦᠬᠦ ᠶᠢ ᠣᠶᠣᠨ ᠢ ᠲᠡᠳᠬᠦᠬᠦ ᠪᠠ ᠵᠣᠷᠢᠭ ᠢ ᠲᠡᠳᠬᠦᠬᠦ ᠲᠠᠢ ᠤᠶᠠᠯᠳᠤᠭᠤᠯᠤᠨ᠂ ᠮᠠᠯᠴᠢᠨ ᠲᠠᠷᠢᠶᠠᠴᠢᠳ ᠤᠨ ᠦᠢᠯᠡᠳᠪᠦᠷᠢᠯᠡᠯ ᠠᠮᠢᠳᠤᠷᠠᠯ ᠤᠨ ᠢᠳᠡᠪᠬᠢ ᠴᠢᠨᠠᠷ ᠢ ᠳᠠᠶᠢᠴᠢᠯᠠᠵᠤ᠂ ᠠᠵᠤ ᠦᠢᠯᠡᠰ ᠢᠶᠠᠷ ᠲᠤᠯᠭᠠᠭᠤᠷᠢᠯᠠᠯ ᠪᠣᠯᠭᠠᠨ᠂ ᠶᠠᠳᠠᠭᠤ ᠬᠦᠴᠢᠷᠳᠡᠯᠲᠡᠢ ᠳᠤ ᠣᠶᠢᠷᠠᠲᠤᠭᠰᠠᠨ ᠠᠶᠢᠯ ᠡᠷᠦᠬᠡ ᠶᠢᠨ ᠥᠪᠡᠷ ᠢᠶᠠᠨ ᠳᠡᠭᠵᠢᠷᠡᠬᠦ ᠴᠢᠳᠠᠪᠤᠷᠢ ᠶᠢ ᠦᠨᠡᠨ ᠬᠦ  ᠴᠢᠩᠭᠠᠳᠬᠠᠬᠤ ᠬᠡᠷᠡᠭᠲᠡᠢ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠪᠣᠯᠣᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢ ᠪᠦᠲᠦᠮᠵᠢᠲᠡᠢ ᠵᠣᠯᠭᠠᠭᠤᠯᠵᠤ᠂ ᠠᠵᠤ ᠦᠢᠯᠡᠰ ᠢᠶᠠᠷ ᠲᠤᠯᠭᠠᠭᠤᠷᠢᠯᠠᠭᠰᠠᠨ ᠵᠢᠱᠢᠶ᠎ᠡ ᠦᠵᠡᠭᠦᠯᠬᠦ ᠲᠣᠰᠬᠤᠨ ᠢ ᠴᠣᠭᠴᠠᠯᠠᠬᠤ ᠬᠡᠷᠡᠭᠲᠡᠢ ᠭᠡᠵᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号