ᠬᠥᠬᠡᠬᠤᠲᠠ᠄ ᠰᠤᠷᠤᠭᠴᠢᠳ ᠤᠨ ᠬᠤᠭᠤᠯᠠᠯᠠᠬᠤ ᠪᠠ ᠬᠤᠨᠣᠭᠯᠠᠬᠤ ᠶᠢᠨ ᠠᠮᠤᠷ ᠲᠦᠪᠰᠢᠨ ᠢ ᠪᠠᠲᠤᠯᠠᠵᠤ ᠪᠣᠢ
ᠨᠡᠶᠢᠲᠡᠯᠡᠭᠰᠡᠨ ᠴᠠᠭ᠄
2020-04-01
     ᠲᠦᠷᠦᠭᠦᠬᠡᠨ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠡᠭᠡᠳᠦ ᠵᠡᠷᠭᠡ ᠶᠢᠨ ᠭᠤᠷᠪᠠᠳᠤᠭᠠᠷ ᠣᠨ ᠪᠠ ᠠᠩᠬ᠎ᠠ ᠵᠡᠷᠭᠡ ᠶᠢᠨ ᠭᠤᠷᠪᠠᠳᠤᠭᠠᠷ ᠣᠨ ᠰᠤᠷᠭᠠᠭᠤᠯᠢ ᠡᠬᠢᠯᠡᠨ ᠬᠢᠴᠢᠶᠡᠯ ᠢᠶᠠᠨ ᠰᠡᠷᠭᠦᠭᠡᠵᠦ᠂ ᠥᠪᠡᠷᠲᠡᠭᠡᠨ ᠵᠠᠰᠠᠬᠤ ᠣᠷᠣᠨ ᠤ ᠰᠢᠨ᠎ᠡ ᠲᠢᠲᠢᠮᠯᠢᠭ ᠠᠭᠤᠰᠬᠢᠨ ᠦᠷᠪᠢᠰᠦᠯ ᠤᠨ ᠬᠢᠵᠢᠭ ᠤᠨ ᠪᠠᠶᠢᠳᠠᠯ ᠢ ᠰᠡᠷᠭᠡᠶᠢᠯᠡᠨ ᠡᠵᠡᠮᠳᠡᠬᠦ ᠠᠵᠢᠯ ᠤᠨ ᠵᠢᠯᠣᠭᠤᠳᠬᠤ ᠭᠠᠵᠠᠷ ᠠᠴᠠ ᠡᠯ᠎ᠡ ᠰᠤᠷᠭᠠᠭᠤᠯᠢ ᠶᠢ ᠴᠠᠭ ᠵᠥᠷᠢᠭᠦᠯᠦᠨ ᠬᠤᠭᠤᠯᠠᠯᠠᠬᠤ ᠪᠠ ᠰᠤᠷᠭᠠᠭᠤᠯᠢ ᠶᠢᠨ ᠤᠳᠤᠷᠢᠳᠤᠯᠭ᠎ᠠ ᠬᠠᠮᠲᠤ ᠬᠤᠭᠤᠯᠠᠯᠠᠬᠤ ᠳᠦᠷᠢᠮ ᠢ ᠬᠡᠷᠡᠭᠵᠢᠭᠦᠯᠬᠦ  ᠭᠡᠷᠡᠭᠳᠡᠢ  ︔ ᠡᠭᠦᠨ ᠤ ᠬᠠᠮᠲᠤ᠂ ᠪᠠᠶᠢᠷᠢ ᠳᠤ ᠰᠠᠭᠤᠬᠤ ᠨᠥᠬᠦᠴᠡᠯ ᠲᠠᠢ ᠰᠤᠷᠭᠠᠭᠤᠯᠢ ᠨᠢ᠂ ᠪᠠᠶᠢᠷᠢ ᠶᠢᠨ ᠭᠡᠷ ᠢ 24 ᠴᠠᠭ ᠢᠶᠠᠷ ᠪᠢᠲᠡᠭᠦᠮᠵᠢᠯᠡᠨ ᠬᠠᠮᠢᠶᠠᠷᠬᠤ ᠪᠠ ᠪᠠᠭᠰᠢ ᠠᠵᠢᠯᠲᠠᠨ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠬᠡᠷᠡᠭᠵᠢᠭᠦᠯᠵᠦ᠂ ᠰᠤᠷᠤᠭᠴᠢᠳ ᠤᠨ ᠬᠤᠭᠤᠯᠠᠯᠠᠬᠤ ᠪᠠ ᠬᠤᠨᠣᠭᠯᠠᠬᠤ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃ ᠰᠢᠨᠬᠤᠸᠠ ᠬᠤᠷᠢᠶᠠᠨ ᠤ ᠰᠤᠷᠪᠤᠯᠵᠢᠯᠠᠭᠴᠢ ᠫᠧᠩ ᠶᠤᠸᠠᠨ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号