ᠰᠢᠨ᠎ᠡ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠤᠭ᠎ᠠ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠡᠷᠦᠬᠡ ᠳᠤ ᠬᠦᠷᠴᠦ ᠰᠤᠷᠪᠤᠯᠵᠢᠯᠠᠪᠠ
ᠨᠡᠶᠢᠲᠡᠯᠡᠭᠰᠡᠨ ᠴᠠᠭ᠄
2020-04-10
     2020 ᠣᠨ ᠪᠣᠯ ᠳᠤᠮᠳᠠᠳᠤ ᠤᠯᠤᠰ ᠤᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠲᠡᠭᠦᠰᠬᠡᠯ ᠤᠨ ᠵᠢᠯ ᠪᠣᠯᠤᠨ᠎ᠠ᠃ ᠰᠢᠨ᠎ᠡ ᠬᠤᠲᠠ ᠲᠣᠭᠤᠷᠢᠭ ᠤᠨ ᠳᠠᠩᠰᠠᠯᠠᠵᠤ ᠺᠠᠷᠲᠯᠠᠭᠰᠠᠨ ᠶᠠᠳᠠᠭᠤ ᠬᠦᠴᠢᠷᠳᠡᠯᠲᠡᠶ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠵᠡᠮᠳᠡᠭᠴᠦᠳ ᠢ ᠬᠠᠪᠰᠤᠷᠴᠤ᠂ ᠵᠡᠮᠳᠡᠭᠴᠦᠳ ᠲᠤ ᠠᠰᠢᠭ ᠬᠦᠷᠲᠡᠭᠡᠬᠦ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠣᠶᠢᠯᠠᠭᠠᠬᠤ ᠶᠢᠨ ᠲᠤᠰᠠᠳᠠ᠃ 4 ᠳ᠋ᠦ᠋ᠭᠡᠷ ᠰᠠᠷ᠎ᠠ ᠶᠢᠨ 2 ᠤᠨ ᠡᠳᠦᠷ᠂ 3 ᠤ ᠡᠳᠦᠷ ᠵᠡᠮᠳᠡᠭᠴᠦᠳ ᠤᠨ ᠬᠤᠯᠪᠣᠭ᠎ᠠ ᠶᠢᠨ ᠬᠡᠷᠡᠭ ᠡᠷᠬᠢᠯᠡᠭᠴᠢᠳ ᠤᠨ ᠳᠠᠷᠤᠭ᠎ᠠ ᠯᠢᠦ ᠬᠤᠩ ᠤᠨ ᠠᠩᠭᠢ ᠳᠠᠭᠠᠭᠤᠯᠤᠭᠰᠠᠨ ᠠᠵᠢᠯᠯᠠᠬᠤ ᠳᠤᠭᠤᠶᠢᠯᠠᠩ ᠪᠤᠷᠤᠬᠤᠰᠢᠭᠤ ᠪᠠᠯᠭᠠᠰᠤᠨ ᠤ ᠬᠠᠮᠢᠶ᠎ᠠ ᠪᠥᠬᠦᠶ ᠠᠵᠢᠯᠲᠠᠨ ᠤ ᠪᠠᠷ᠎ᠠ ᠪᠣᠯᠣᠯᠤᠭ᠎ᠠ ᠳᠣᠤᠷ᠎ᠠ᠂ ᠪᠤᠷᠤᠬᠤᠰᠢᠭᠤ ᠪᠠᠯᠭᠠᠰᠤᠨ ᠤ ᠳᠡᠩᠰᠡᠯᠡᠵᠦ ᠺᠠᠷᠲᠯᠠᠭᠰᠠᠨ ᠶᠠᠳᠠᠭᠤ ᠬᠦᠴᠢᠷᠳᠡᠯᠲᠡᠢ ᠵᠡᠮᠳᠡᠭᠴᠦᠳ ᠤᠨ ᠡᠷᠦᠬᠡ ᠳᠤ ᠬᠦᠷᠴᠦ ᠰᠤᠷᠪᠤᠯᠵᠢᠯᠠᠪᠠ᠃
     ᠰᠤᠷᠪᠤᠯᠵᠢᠯᠠᠬᠤ ᠶᠠᠪᠤᠴᠠ ᠳᠤ᠂ ᠯᠢᠦ ᠬᠤᠩ ᠬᠡᠷᠡᠭ ᠡᠷᠬᠢᠯᠡᠭᠴᠢᠳ ᠤᠨ ᠳᠠᠷᠤᠭ᠎ᠠ ᠵᠡᠮᠳᠡᠭᠴᠦᠳ ᠵᠢᠴᠢ ᠲᠡᠭᠦᠨ ᠤ ᠲᠥᠷᠥᠯ ᠰᠠᠳᠤᠨ ᠨᠠᠶᠢᠵᠠ ᠨᠥᠬᠦᠳ ᠲᠠᠢ ᠪᠠᠨ ᠳᠣᠲᠣᠨᠣ ᠪᠠᠷ ᠶᠠᠷᠢᠯᠴᠠᠵᠤ ᠵᠡᠮᠳᠡᠭᠴᠦᠳ ᠤᠨ ᠠᠮᠢᠳᠤᠷᠠᠯ ᠤᠨ ᠪᠠᠶᠢᠳᠠᠯ ᠢ ᠨᠠᠷᠢᠨ ᠣᠶᠢᠯᠠᠭᠠᠵᠤ᠂ ᠵᠡᠮᠳᠡᠭ ᠤᠨ ᠤᠷᠢᠳᠴᠢᠯᠠᠨ ᠰᠡᠷᠭᠡᠶᠢᠯᠡᠬᠦ ᠮᠡᠳᠡᠯᠭᠡ᠂ ᠡᠪᠡᠳᠴᠢᠨ ᠡᠮᠭᠡᠭ ᠤᠨ ᠰᠣᠪᠢᠯᠠᠯᠲᠠ ᠶᠢᠨ ᠶᠡᠷᠦ ᠶᠢᠨ ᠮᠡᠳᠡᠯᠭᠡ ᠶᠢ ᠡᠷᠦᠬᠡ ᠳᠠᠷᠠᠭᠠᠯᠠᠨ ᠤᠬᠠᠭᠤᠯᠵᠤ᠂ ᠵᠡᠮᠳᠡᠭᠴᠦᠳ ᠲᠤ ᠠᠰᠢᠭ ᠬᠦᠷᠲᠡᠭᠡᠬᠦ᠂ ᠵᠡᠮᠳᠡᠭᠴᠦᠳ ᠢ ᠲᠤᠰᠠᠯᠠᠬᠤ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠨ᠂ ᠶᠠᠳᠠᠭᠤ ᠬᠦᠴᠢᠷᠳᠡᠯᠲᠡᠶ ᠡᠷᠦᠬᠡ ᠶᠢᠨ ᠮᠡᠳᠡᠷᠡᠭᠰᠡᠨ ᠬᠠᠨᠤᠮᠵᠢ ᠶᠢᠨ ᠬᠡᠮᠵᠢᠶ᠎ᠡ ᠶᠢ ᠦᠨᠡᠨᠬᠦ ᠳᠡᠭᠡᠭᠰᠢᠯᠡᠭᠦᠯᠪᠡ᠃
     ᠲᠣᠰ ᠤᠳᠠᠭᠠᠨ ᠤ ᠡᠷᠦᠬᠡ ᠳᠤ ᠬᠦᠷᠴᠦ ᠪᠠᠶᠢᠴᠠᠭᠠᠨ ᠰᠤᠳᠤᠯᠤᠯᠲᠠ ᠬᠢᠬᠦ ᠪᠠᠷ ᠳᠠᠮᠵᠢᠭᠤᠯᠤᠨ᠂ ᠰᠢᠭᠤᠳ ᠴᠤᠭᠯᠠᠭᠤᠯᠤᠨ ᠡᠮᠬᠢᠳᠭᠡᠭᠰᠡᠨ ᠮᠠᠲ᠋ᠧᠷᠢᠶᠠᠯ ᠢ ᠡᠵᠡᠮᠰᠢᠵᠦ ᠵᠡᠮᠳᠡᠭᠴᠦᠳ ᠤᠨ ᠬᠤᠯᠪᠤᠭ᠎ᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠥᠷᠨᠢᠭᠦᠯᠬᠦ ᠳᠤ ᠪᠠᠲᠤ ᠪᠠᠬᠢ ᠰᠠᠭᠤᠷᠢ ᠲᠠᠯᠪᠢᠵᠤ ᠥᠭᠪᠡ᠃ ᠰᠢᠨ᠎ᠡ ᠬᠤᠲᠠ ᠲᠣᠭᠤᠷᠢᠭ ᠤᠨ ᠵᠡᠮᠳᠡᠭᠴᠦᠳ ᠤᠨ ᠬᠤᠯᠪᠣᠭ᠎ᠠ ᠡᠭᠦᠨ ᠢᠶᠠᠷ ᠠᠵᠠ ᠲᠣᠬᠢᠶᠠᠯ ᠪᠣᠯᠭᠠᠵᠤ᠂ ᠵᠡᠮᠳᠡᠭᠴᠦᠳ ᠯᠦᠭᠡ ᠶᠢᠨ ᠬᠠᠷᠢᠯᠴᠠᠭ᠎ᠠ ᠶᠢ ᠴᠢᠩᠭᠠᠳᠬᠠᠵᠤ᠂ ᠶᠠᠳᠠᠭᠤ ᠠᠴᠠ ᠠᠩᠭᠢᠵᠢᠷᠠᠭᠤᠯᠬᠤ ᠠᠵᠢᠯ ᠢ ᠪᠣᠳᠠᠲᠠᠶ ᠠᠳᠬᠤᠵᠤ᠂ ᠨᠠᠷᠢᠯᠢᠭ ᠠᠳᠬᠤᠵᠤ᠂ ᠪᠥᠬᠦ ᠲᠤᠭᠤᠷᠢᠭ ᠤᠨ ᠶᠠᠳᠠᠭᠤ ᠠᠴᠠ ᠠᠩᠭᠢᠵᠢᠷᠠᠭᠤᠯᠬᠤ ᠠᠵᠢᠯ ᠤᠨ ᠰᠢᠨ᠎ᠡ ᠳᠡᠭᠲᠡᠷ ᠲᠤ ᠭᠠᠷᠬᠤ ᠲᠤ ᠬᠦᠴᠦᠨ ᠨᠡᠮᠡᠷᠢᠯᠡᠨ᠎ᠡ᠃
 
ᠢᠷᠡᠯᠲᠡ᠄ ᠰᠢᠨ᠎ᠡ ᠬᠤᠲᠠ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号