ᠶᠠᠳᠠᠭᠤ ᠠᠴᠠ ᠠᠩᠭᠢᠵᠢᠷᠠᠭᠤᠯᠬᠤ ᠪᠤᠭᠤᠮᠳᠠ ᠰᠢᠪᠳᠤᠯᠬᠤ ᠤᠬᠠᠭᠤᠯᠭ᠎ᠠ ᠵᠢᠨ‌ᠦᠢᠯᠡᠴᠢᠯᠡᠭᠡ ᠪᠠᠷ ᠬᠦᠴᠢᠷᠳᠡᠯᠲᠡᠢ ᠤᠯᠠᠨ ᠲᠦᠮᠡᠨ ᠳᠤ ᠲᠤᠰᠠ ᠬᠦᠷᠭᠡᠨ᠎ᠡ
ᠨᠡᠶᠢᠲᠡᠯᠡᠭᠰᠡᠨ ᠴᠠᠭ᠄
2020-04-10
    ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠦᠷ᠎ᠡ ᠪᠦᠳᠦᠮᠵᠢ ᠶᠢ ᠤᠯᠠᠮ  ᠴᠢᠨᠠᠭᠰᠢᠳᠠ ᠪᠠᠬᠢᠵᠢᠭᠦᠯᠵᠦ᠂ ᠬᠦᠴᠢᠷᠳᠡᠯᠲᠡᠢ ᠤᠯᠠᠨ ᠲᠦᠮᠡᠨ ᠢ ᠪᠦᠬᠦ ᠲᠠᠯ᠎ᠠ ᠪᠠᠷ ᠬᠠᠪᠰᠤᠷᠤᠨ ᠲᠡᠳᠬᠦᠬᠦ ᠶᠢᠨ ᠲᠥᠯᠥᠭᠡ᠂ ᠤᠢᠢᠷ᠎ᠠ ᠳᠤ᠂ ᠰᠠᠶᠢᠬᠠᠨ ᠲᠣᠭᠤᠷᠢᠭ ᠤᠨ ᠢᠥᠢ ᠯᠢᠨ ᠪᠠᠯᠭᠠᠰᠤ ᠶᠢᠨ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠭᠠᠵᠠᠷ ᠤᠨ ᠬᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠢ ᠨᠢᠭᠤᠷᠳᠠᠨ ᠲᠥᠪᠯᠡᠷᠡᠭᠦᠯᠦᠨ ᠤᠬᠠᠭᠤᠯᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ ᠲᠣᠰᠬᠤᠨ ᠤ ᠠᠷᠠᠳ ᠤᠨ ᠦᠢᠯᠡᠳᠪᠦᠷᠢᠯᠡᠯ ᠠᠮᠢᠳᠤᠷᠠᠯ ᠳᠤ ᠲᠤᠯᠭᠠᠷᠠᠭᠰᠠᠨ ᠬᠦᠴᠢᠷᠳᠡᠯ ᠢ ᠦᠨᠡᠨ ᠬᠦ ᠰᠢᠢᠳᠪᠦᠷᠢᠯᠡᠵᠦ᠂ ᠶᠠᠳᠠᠭᠤ ᠠᠴᠠ ᠠᠩᠭᠢᠵᠢᠷᠠᠭᠰᠠᠨ ᠡᠷᠦᠬᠡ ᠳᠤ ᠬᠠᠶᠢᠷ᠎ᠠ ᠬᠠᠯᠠᠮᠵᠢ ᠬᠦᠷᠭᠡᠵᠡᠢ᠃       ︽ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠰᠡᠬᠦᠯ  ᠬᠤᠷᠢᠶᠠᠬᠤ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ ᠡᠯ᠎ᠡ ᠵᠦᠢᠯ ᠤᠨ ᠲᠦᠷᠦ ᠶᠢᠨ ᠪᠤᠳᠤᠯᠭ᠎ᠠ ᠶᠢ ᠨᠡᠩ ᠭᠦᠨᠵᠡᠭᠡᠢ ᠨᠡᠩ ᠨᠠᠷᠢᠨ ᠨᠠᠶᠢᠳᠠᠪᠤᠷᠢᠵᠢᠭᠤᠯᠬᠤ ᠶᠢᠨ ᠲᠥᠯᠥᠭᠡ᠂ ᠪᠢᠳᠡ ᠡᠨᠡ ᠤᠳᠠᠭ᠎ᠠ ᠶᠢᠨ ᠨᠢᠭᠤᠷᠳᠠᠨ ᠤᠬᠠᠭᠤᠯᠬᠤ ᠦᠢᠯᠡᠴᠢᠯᠡᠭᠡᠨ ᠤ ᠠᠵᠢᠯᠯᠠᠭ᠎ᠠ ᠶᠢ ᠥᠷᠨᠢᠭᠦᠯᠪᠡ᠃ ᠵᠣᠷᠢᠯᠭ᠎ᠠ ᠨᠢ ᠰᠢᠨ᠎ᠡ ᠴᠠᠭ ᠦᠶ᠎ᠡ ᠶᠢᠨ ᠪᠣᠯᠪᠠᠰᠤᠨ ᠤ ᠦᠢᠯᠡᠳᠦᠯᠭᠡ ᠶᠢᠨ ᠥᠷᠲᠡᠭᠡ ᠶᠢᠨ ᠰᠠᠶᠢᠨ ᠲᠤᠷᠠᠴᠤᠳ ᠲᠤ ᠲᠦᠰᠢᠭᠯᠡᠵᠦ᠂ ᠬᠠᠮᠤᠭ ᠤᠨ ᠰᠢᠨ᠎ᠡ ᠲᠥᠷᠥ ᠶᠢᠨ ᠪᠣᠳᠣᠯᠭ᠎ᠠ ᠶᠢ ᠲᠤᠭᠤᠰᠢᠲᠠᠶ ᠤᠬᠠᠭᠤᠯᠵᠤ᠂ ᠤᠯᠠᠨ ᠲᠦᠮᠡᠨ ᠤ ᠰᠡᠵᠢᠭ ᠢ ᠠᠯᠳᠠᠷᠠᠭᠠᠵᠤ ᠲᠦᠭᠡᠷᠢᠭᠳᠡᠯ ᠢ ᠲᠠᠶᠢᠯᠵᠤ᠂ ᠬᠦᠴᠢᠷᠳᠡᠯᠲᠡᠶ ᠣᠯᠠᠨ ᠲᠦᠮᠡᠨ ᠢ ᠬᠠᠪᠰᠤᠷᠤᠨ ᠲᠡᠳᠬᠦᠬᠦ ᠣᠷᠳᠣ ᠬᠤᠭᠤᠴᠠᠭᠠᠨ ᠤ  ᠪᠦᠳᠦᠮᠵᠢᠳᠡᠢ ᠲᠣᠭᠲᠠᠴᠠ ᠶᠢ ᠪᠥᠬᠦ ᠲᠠᠯ᠎ᠠ ᠪᠠᠷ ᠪᠠᠶᠢᠭᠤᠯᠬᠤ ᠶᠢᠨ ᠲᠥᠯᠥᠭᠡ ᠶᠤᠮ᠃︾ ᠰᠠᠶᠢᠬᠠᠨ ᠲᠣᠭᠤᠷᠢᠭ ᠤᠨ ᠢᠥᠢ ᠯᠢᠨ ᠪᠠᠯᠭᠠᠰᠤᠨ ᠤ ᠳᠡᠳ᠋ ᠳᠠᠷᠤᠭ᠎ᠠ ᠰᠢᠤᠢ ᡁᠢ ᠬᠤᠩ ᠰᠤᠷᠪᠤᠯᠵᠢᠯᠠᠭᠴᠢ ᠳᠤ ᠬᠡᠯᠡᠬᠦ ᠳᠡᠭᠡᠨ᠂ ᠶᠠᠳᠠᠭᠤ ᠠᠴᠠ ᠠᠩᠭᠢᠵᠢᠷᠠᠬᠤ ᠪᠠᠷ ᠪᠠᠷᠠᠬᠤ ᠥᠬᠡᠶ ᠪᠠᠰᠠ ᠣᠯᠠᠨ ᠲᠦᠮᠡᠨ ᠢ ᠬᠠᠪᠰᠤᠷᠤᠨ ᠴᠢᠨᠡᠭᠡᠯᠢᠭᠵᠢᠬᠦᠯᠬᠦ ᠬᠡᠷᠡᠭᠲᠡᠶ ᠭᠡᠵᠡᠶ᠃       ᠣᠶᠢᠯᠠᠭᠠᠭᠰᠠᠨ ᠢᠶᠠᠷ᠂ ᠡᠨᠡ ᠵᠢᠯ ᠢᠥᠢ ᠯᠢᠨ ᠪᠠᠯᠭᠠᠰᠤ ᠬᠥᠳᠡᠭᠡ ᠲᠣᠰᠬᠤᠨ ᠤ ᠠᠵᠤ ᠦᠢᠯᠡᠰ ᠢ ᠶᠡᠬᠡᠪᠡᠷ ᠬᠦᠭᠵᠢᠬᠦᠯᠬᠦ ᠶᠢᠨ ᠬᠠᠮᠲᠤ ᠪᠣᠳᠠᠲᠠᠶ ᠪᠠᠶᠢᠳᠠᠯ ᠢᠶᠠᠨ ᠦᠨᠳᠦᠰᠦᠯᠡᠨ᠂ ᠲᠣᠰᠬᠤᠨ ᠤ ᠠᠷᠠᠳ ᠤᠨ ᠰᠤᠯᠠ ᠭᠠᠵᠠᠷ ᠢ ᠬᠡᠷᠡᠭᠯᠡᠬᠦ ᠡᠷᠭᠡ ᠶᠢ ᠨᠢ ᠰᠢᠯᠵᠢᠭᠦᠯᠦᠨ ᠡᠷᠬᠢᠯᠳᠦᠭᠦᠯᠬᠦ᠂ ᠬᠠᠮᠲᠤ ᠪᠠᠷ ᠡᠵᠡᠩᠨᠡᠬᠦ ᠵᠡᠷᠭᠡ ᠠᠷᠭ᠎ᠠ ᠮᠠᠶ᠋ᠢᠭ ᠢᠶᠠᠷ ᠨᠡᠶᠢᠳᠭᠡᠵᠦ᠂ ᠲᠠᠷᠢᠮᠠᠯ ᠤᠨ ᠦᠢᠯᠡᠰ ᠢ ᠪᠤᠵᠠᠭᠠᠶᠢᠷᠠᠭᠤᠯᠤᠨ᠂ ᠥᠷᠭᠡᠨ ᠣᠯᠠᠨ ᠲᠦᠮᠡᠨ ᠢ ᠶᠠᠳᠠᠭᠤ ᠠᠴᠠ ᠠᠩᠭᠢᠵᠢᠷᠠᠭᠤᠯᠤᠭᠰᠠᠨ ᠰᠠᠭᠤᠷᠢᠨ ᠳᠡᠭᠡᠷ᠎ᠡ᠂ ᠴᠢᠨᠡᠭᠡᠯᠢᠭ ᠵᠣᠯ ᠵᠢᠷᠭᠠᠯᠲᠤ ᠠᠮᠢᠳᠤᠷᠠᠯ ᠤᠨ  ᠵᠠᠮ ᠳᠤ ᠢᠲᠡᠭᠡᠯ ᠳᠦᠭᠦᠷᠡᠩ ᠤᠷᠤᠭᠤᠯᠬᠤ ᠪᠠᠷ ᠪᠠᠶᠢᠨ᠎ᠠ᠃            ᠬᠦᠬᠡᠬᠤᠲᠠ ᠶᠢᠨ ᠡᠳᠦᠷ ᠤᠨ ᠰᠣᠨᠢᠨ ᠤ ᠰᠤᠷᠪᠤᠯᠵᠢᠯᠠᠭᠴᠢ ᠯᠢᠦ ᠵᠢᠶᠦ᠋ᠨ ᠴᠢᠮᠡᠭᠡᠯᠡᠭᠴᠢ ᠯᠢᠦ ᠱᠢ  ᠶᠠᠩ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号