ᠶᠦᠨ ᠯᠢᠨ ᠴᠢᠶᠦᠩ᠄ ᠵᠢᠷᠤᠭ ᠡᠯᠭᠦᠵᠦ ᠪᠠᠶᠢᠯᠳᠤᠵᠤ᠂ ᠲᠠᠩᠰᠠ ᠪᠠᠨ ᠬᠠᠷᠭᠤᠭᠤᠯᠵᠤ ᠳ᠋ᠤᠭᠠᠷ ᠢᠶᠠᠨ ᠬᠠᠰᠤᠵᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠯ᠎ᠡ ᠵᠦᠢᠯ ᠤᠨ ᠡᠭᠦᠷᠭᠡ ᠶᠢ ᠪᠣᠳᠠᠲᠠᠢ ᠳᠤ ᠨᠠᠶᠢᠳᠠᠪᠤᠷᠢᠵᠢᠭᠤᠯᠵᠤ ᠪᠣᠳᠠᠲᠤ ᠦᠷ᠎ᠡ ᠪᠦᠲᠦᠮᠵᠢ ᠤᠯᠬᠤ ᠶᠢ ᠪᠠᠲᠤᠯᠠᠬᠤ ᠬᠡᠷᠡᠭᠲᠡᠢ
ᠨᠡᠶᠢᠲᠡᠯᠡᠭᠰᠡᠨ ᠴᠠᠭ᠄
2020-04-13
     ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠢ ᠠᠩᠬᠢ ᠶᠢᠨ ᠠᠵᠢᠯᠲᠠᠳ ᠪᠦᠭᠦᠳᠡ ᠣᠷᠣᠨ ᠪᠠᠶᠢᠷᠢ ᠳᠠᠭᠠᠨ ᠬᠦᠷᠦᠭᠰᠡᠨ ᠦᠦ︖ ᠶᠠᠳᠠᠭᠤ  ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠢᠱᠢᠶ᠎ᠡ ᠦᠵᠡᠭᠦᠯᠬᠦ ᠦᠯᠢᠭᠡᠷ ᠳᠠᠭᠤᠷᠢᠶᠠᠯᠲᠤ ᠲᠣᠰᠬᠤᠨ ᠢ ᠰᠢᠯᠭᠠᠨ ᠬᠤᠷᠢᠶᠠᠵᠤ ᠡᠬᠢᠯᠡᠭᠰᠡᠨ ᠦᠦ︖ ᠡᠯ᠎ᠡ ᠵᠦᠶᠯ ᠤᠨ ᠡᠭᠦᠷᠭᠡ ᠶᠢᠨ ᠠᠬᠢᠴᠠ ᠬᠡᠷᠡᠮ ᠳᠡᠭᠡᠷ᠎ᠡ ᠭᠠᠷᠤᠭᠰᠠᠨ ᠦᠦ ︖ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢᠨ ᠨᠠᠷᠢᠨ ᠳᠠᠩᠰᠠ ᠪᠣᠯ ᠳᠠᠷᠤᠶ ᠪᠢᠳᠡᠨ ᠤ ᠪᠠᠶᠢᠯᠳᠤᠭᠠᠨ ᠤ ᠵᠢᠷᠤᠭ᠂ ᠡᠨᠡ ᠪᠣᠯ ᠳᠠᠷᠤᠶ ᠪᠢᠳᠡᠨ ᠤ ᠪᠠᠶᠢᠯᠳᠤᠭᠠᠨ ᠤ ᠲᠠᠰᠤᠭ︕︾        ᠰᠢᠶᠠᠨ ᠤ ᠶᠠᠳᠠᠭᠤ ᠶᠢ ᠲᠡᠳᠬᠦᠬᠦ ᠠᠯᠪᠠᠨ ᠬᠡᠷ ᠲᠤ᠂ ᠶᠦᠨ ᠯᠢᠨ ᠴᠢᠶᠦ᠋ᠩ ᠠᠵᠢᠯᠲᠠᠨ ᠲᠠᠢ ᠶᠠᠷᠢᠯᠴᠠᠬᠤ  ᠪᠠᠷ ᠳᠠᠮᠵᠢᠭᠤᠯᠤᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠠᠵᠢᠯ ᠤᠨ ᠲᠤᠰᠬᠠᠶ ᠠᠩᠭᠢ ᠶᠢ ᠵᠣᠬᠢᠶᠠᠨ ᠪᠠᠶᠢᠭᠤᠯᠬᠤ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠶᠢᠨ ᠲᠡᠷᠢᠭᠦᠨ ᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠠᠬᠢᠴᠠ ᠶᠢ ᠨᠠᠷᠢᠨ ᠣᠶᠢᠯᠠᠭᠠᠪᠠ᠃ ᠵᠠᠰᠠᠭ ᠤᠨ ᠣᠷᠳᠣᠨ ᠤ ᠳᠡᠳ᠋ ᠰᠢᠶᠠᠨ ᠤ ᠳᠠᠷᠤᠭ᠎ᠠ ᠯᠢ ᠵᠢᠶᠦ᠋ᠨ ᠪᠠᠶᠢᠴᠠᠭᠠᠨ ᠰᠤᠳᠤᠯᠤᠯᠲᠠ ᠳᠤ ᠬᠠᠮᠲᠤ ᠣᠷᠣᠯᠴᠠᠪᠠ᠃      ᠶᠦᠨ ᠯᠢᠨ ᠴᠢᠶᠦ᠋ᠩ ᠵᠢᠭᠠᠵᠤ ᠭᠠᠷᠭᠠᠭᠰᠠᠨ ᠨᠢ᠂ ᠡᠨᠡ ᠵᠢᠯ ᠪᠣᠯ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠡᠴᠦᠰ ᠤᠨ ᠵᠢᠯ ᠮᠥᠨ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ᠂ ᠦᠷ᠎ᠡ ᠪᠦᠲᠦᠭᠡᠯ ᠢ ᠪᠠᠬᠢᠵᠢᠭᠦᠯᠬᠦ ᠪᠠ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠲᠡᠷᠢᠭᠦᠨ ᠤ ᠰᠢᠶᠠᠨ ᠢ ᠡᠭᠦᠳᠦᠨ ᠪᠠᠶᠢᠭᠤᠯᠬᠤ ᠠᠵᠢᠯ ᠤᠨ ᠴᠠᠭ ᠪᠠᠴᠢᠮ᠂ ᠡᠭᠦᠷᠭᠡ ᠬᠦᠨᠳᠦ᠂ ᠯᠠᠪᠳᠠᠭᠤᠨ ᠰᠡᠳᠬᠢᠯᠭᠡ ᠪᠠᠨ ᠲᠠᠶᠠᠭᠳᠠᠵᠤ᠂ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ᠂ ᠲᠤᠯᠭᠠᠮ᠎ᠠ ᠰᠡᠳᠬᠢᠯᠭᠡ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠶ᠃ ᠬᠦᠴᠢᠷ ᠢ ᠲᠤᠭᠤᠯᠤᠨ ᠪᠡᠷᠬᠡ ᠶᠢ ᠳᠠᠪᠠᠵᠤ ᠳᠠᠶᠢᠨ ᠬᠢᠬᠦ ᠦᠵᠡᠯ ᠰᠠᠨᠠᠭᠠᠨ ᠤ ᠪᠠᠶᠢᠳᠠᠯ ᠢ ᠠᠪᠴᠤ᠂ ᠪᠣᠳᠠᠲᠠᠢ ᠡᠭᠦᠷᠭᠡ ᠶᠢ ᠦᠳᠲᠡᠷ ᠲᠦᠷᠭᠡᠨ ︽ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠤ ᠵᠢᠷᠤᠭ︾ ᠪᠣᠯᠭᠠᠨ ᠵᠢᠷᠤᠵᠤ᠂ ᠴᠠᠭ ᠬᠤᠭᠤᠴᠠᠭ᠎ᠠ ᠶᠢ ᠬᠥᠨᠳᠡᠯᠡᠨ ᠢᠶᠠᠷ ᠵᠢᠷᠤᠵᠤ᠂ ᠡᠭᠦᠷᠭᠡ ᠶᠢ ᠭᠤᠯᠳᠤ ᠪᠠᠷ ᠲᠣᠭᠲᠠᠭᠠᠵᠤ᠂ ᠤᠴᠢᠷ ᠶᠠᠪᠤᠳᠠᠯ ᠢ ᠡᠳᠦᠷ ᠢᠶᠠᠷ ᠲᠠᠭᠠᠷᠠᠭᠤᠯᠵᠤ᠂ ᠴᠠᠭ ᠮᠥᠴᠡ ᠪᠠᠷ ᠵᠠᠪᠠᠯ ᠲᠡᠮᠡᠴᠡᠬᠦ᠂ ᠥᠷᠯᠥᠭᠡ ᠦᠳᠡᠰᠢ ᠶᠢ ᠲᠡᠮᠡᠴᠡᠬᠦ ᠣᠪᠣᠷ ᠢᠶᠠᠷ ᠲᠣᠭᠲᠠᠭᠰᠠᠨ ᠶᠠᠳᠠᠭᠤ ᠠᠴᠠ ᠠᠩᠭᠢᠵᠢᠷᠠᠭᠤᠯᠬᠤ ᠡᠭᠦᠷᠭᠡ ᠶᠢ ᠲᠣᠭᠲᠠᠭᠰᠠᠨ ᠬᠤᠭᠤᠴᠠᠭ᠎ᠠ ᠶᠣᠰᠣᠭᠠᠷ ᠪᠡᠶᠡᠯᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠰᠢᠶᠠᠩ ᠪᠠᠯᠭᠠᠰᠤ᠂ ᠲᠣᠰᠬᠤᠨ᠂ ᠲᠣᠰᠬᠤᠨ ᠳᠤ ᠰᠠᠭᠤᠭ᠎ᠠ ᠺᠠᠳ᠋ᠷ ᠵᠢᠴᠢ ᠬᠠᠪᠰᠤᠷᠤᠨ ᠲᠡᠳᠬᠦᠬᠦ ᠬᠠᠷᠢᠭᠤᠴᠠᠯᠭᠠᠲᠠᠨ ᠨᠢ ᠳᠠᠭᠠᠭᠠᠴᠢᠯᠠᠨ ᠬᠤᠯᠪᠣᠭᠠᠯᠠᠭᠰᠠᠨ ᠪᠣᠶ ᠪᠥᠬᠦᠶ ᠲᠣᠰᠬᠤᠨ᠂ ᠪᠣᠶ ᠪᠥᠬᠦᠶ ᠶᠠᠳᠠᠭᠤ ᠬᠦᠴᠢᠷᠳᠡᠯᠲᠡᠶ ᠡᠷᠦᠬᠡ ᠶᠢ ᠪᠦᠬᠦᠨ ᠢ ᠲᠤᠬᠠᠶ ᠶᠢᠨ ᠭᠠᠵᠠᠷ ᠲᠤᠨᠢ ᠰᠤᠷᠪᠤᠯᠵᠢᠯᠠᠵᠤ᠂ ᠠᠯᠢ ᠠᠯᠢ ᠲᠥᠷᠥ ᠶᠢᠨ ᠪᠣᠳᠣᠯᠭ᠎ᠠ ᠶᠢ ᠨᠢᠭᠡᠨᠲᠡ ᠨᠠᠶᠢᠳᠠᠪᠤᠷᠢᠵᠢᠭᠤᠯᠤᠨ ᠪᠣᠳᠠᠲᠠᠶᠢᠵᠢᠭᠤᠯᠵᠤ᠂ ᠠᠯᠢ ᠠᠯᠢ ᠵᠦᠶᠯᠡᠰ ᠢ ᠨᠠᠶᠢᠳᠠᠪᠤᠷᠢᠵᠢᠭᠤᠯᠬᠤ  ᠳᠤ ᠪᠠᠰᠠ ᠠᠰᠠᠭᠤᠳᠠᠯ ᠣᠷᠣᠰᠢᠵᠤ ᠪᠠᠶᠢᠬᠤ ᠶᠢ ᠨᠠᠷᠢᠨ ᠨᠢᠮᠪᠠᠶ ᠬᠢᠨᠠᠨ ᠬᠠᠷᠭᠤᠭᠤᠯᠵᠤ᠂ ᠨᠠᠶᠢᠳᠠᠪᠤᠷᠢᠵᠢᠭᠤᠯᠤᠭᠠᠳᠤᠶ ᠵᠦᠶᠯᠡᠰ ᠲᠤ ᠴᠢᠭᠯᠡᠭᠦᠯᠦᠨ ᠳᠠᠷᠤᠶ ᠲᠦᠷᠭᠡᠨ ᠪᠠᠶᠢᠴᠠᠭᠠᠵᠤ ᠳᠠᠷᠤᠶᠢᠬᠠᠨ ᠥᠭᠡᠷᠡᠴᠢᠯᠡᠬᠦ ᠬᠡᠷᠡᠭᠲᠡᠶ︔ ᠡᠯ᠎ᠡ ᠰᠢᠶᠠᠩ ᠪᠠᠯᠭᠠᠰᠤ ᠨᠤᠭᠤᠳ ᠨᠠᠷᠢᠯᠢᠭ ᠣᠨᠣᠴᠠᠲᠠᠶ ᠪᠠᠷ ᠶᠠᠳᠠᠭᠤ ᠶᠢ ᠲᠡᠳᠬᠦᠬᠦ ᠺᠠᠷᠲᠯᠠᠵᠤ ᠳᠠᠩᠰᠠᠯᠠᠭᠰᠠᠨ ᠶᠠᠳᠠᠭᠤ ᠬᠦᠴᠢᠷᠳᠡᠯᠲᠡᠶ ᠡᠷᠦᠬᠡ ᠶᠢᠨ ︽ᠲᠣᠳᠣᠷᠬᠠᠶ ᠺᠠᠷᠲ︾ ᠪᠠ ᠲᠥᠰᠦᠭᠡᠯᠡᠨ ᠪᠤᠳᠤᠬᠤ ᠬᠦᠰᠦᠨᠦᠭᠲᠦ ᠶᠢ ᠬᠢᠨᠠᠮᠠᠭᠠᠶ ᠡᠮᠬᠢᠯᠡᠵᠦ᠂ ᠵᠢᠷᠤᠮᠵᠢᠭᠤᠨ ᠲᠠᠭᠯᠠᠵᠤ᠂ ᠡᠮᠬᠢ ᠵᠢᠷᠤᠮ ᠲᠠᠢ ᠨᠠᠭᠠᠬᠤ ᠪᠠᠷ ᠪᠠᠷᠠᠬᠤ ᠥᠬᠡᠶ᠂ ᠪᠠᠰᠠ ᠡᠷᠦᠬᠡ ᠳᠤ ᠬᠦᠷᠴᠦ ᠤᠬᠠᠭᠤᠯᠤᠨ ᠲᠠᠶᠢᠯᠪᠤᠷᠢᠯᠠᠬᠤ ᠪᠠᠷ ᠳᠠᠮᠵᠢᠭᠤᠯᠤᠨ ᠶᠠᠳᠠᠭᠤ ᠬᠦᠴᠢᠷᠳᠡᠯᠲᠡᠶ ᠡᠷᠦᠬᠡ ᠶᠢᠨ ᠤᠯᠤᠰ ᠤᠨ ᠡᠯ᠎ᠡ ᠵᠦᠶᠯ ᠤᠨ ᠶᠠᠳᠠᠭᠤ ᠶᠢ ᠲᠡᠳᠬᠦᠬᠦ ᠲᠥᠷᠥ ᠶᠢᠨ ᠪᠣᠳᠣᠯᠭ᠎ᠠ ᠪᠠ ᠨᠥᠬᠦᠪᠥᠷᠢ ᠶᠢ ᠦᠨᠡᠨ ᠣᠶᠢᠯᠠᠭᠠᠬᠤ ᠶᠢ ᠦᠨᠡᠨᠬᠦ ᠪᠠᠲᠤᠯᠠᠬᠤ ᠬᠡᠷᠡᠭᠲᠡᠶ᠃ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠤ ᠮᠡᠳᠡᠪᠡᠯ ᠵᠣᠬᠢᠬᠤ ᠮᠡᠳᠡᠯᠭᠡ  ᠶᠢᠨ ᠤᠬᠠᠭᠤᠯᠭ᠎ᠠ ᠬᠥᠮᠥᠵᠢᠯ ᠪᠣᠯᠤᠨ ᠪᠣᠯᠪᠠᠰᠤᠷᠠᠯ ᠢ ᠴᠢᠩᠭᠠᠳᠬᠠᠵᠤ᠂ ᠺᠠᠳ᠋ᠷ ᠤᠨ ᠶᠠᠳᠠᠭᠤ ᠶᠢ ᠲᠡᠳᠬᠦᠬᠦ ᠲᠦᠷᠦ  ᠶᠢᠨ ᠪᠤᠳᠤᠯᠭ᠎ᠠ ᠶᠢ ᠲᠠᠶᠢᠯᠪᠤᠷᠢᠯᠠᠬᠤ ᠬᠦᠴᠦᠨ ᠪᠣᠯᠤᠨ ᠬᠡᠷᠡᠭᠵᠢᠭᠦᠯᠬᠦ ᠬᠦᠴᠦᠨ ᠢ ᠳᠡᠭᠡᠭᠰᠢᠯᠡᠭᠦᠯᠬᠦ ᠬᠡᠷᠡᠭᠲᠡᠢ︔ ᠰᠢᠮᠳᠠᠭᠤᠯᠤᠨ ᠪᠠᠶᠢᠴᠠᠭᠠᠬᠤ ᠪᠠᠨ ᠴᠢᠩᠭᠠᠳᠬᠠᠵᠤ᠂ ︽ᠬᠤᠶᠠᠷ ᠲᠤ ᠵᠣᠪᠠᠭ᠋ᠤ ᠥᠬᠡᠶ ᠭᠤᠷᠪᠠ ᠶᠢ ᠪᠠᠲᠤᠯᠠᠬᠤ︾ ᠵᠡᠷᠭᠡ ᠦᠯᠡᠳᠡᠭᠳᠡᠯ ᠠᠰᠠᠭᠤᠳᠠᠯ ᠪᠣᠯᠤᠨ ᠣᠯᠠᠨ ᠲᠦᠮᠡᠨ ᠤ ᠳᠤᠷᠠᠳᠤᠭᠰᠠᠨ ᠬᠦᠴᠢᠷᠳᠡᠯ ᠤᠨ ᠬᠦᠰᠡᠯ ᠱᠠᠭᠠᠷᠳᠠᠯᠭ᠎ᠠ  ᠶᠢ ᠦᠨᠡᠨ ᠬᠦ ᠰᠢᠶᠳᠪᠦᠷᠢᠯᠡᠵᠦ᠂ ᠶᠠᠳᠠᠭᠤ ᠬᠦᠴᠢᠷᠳᠡᠯᠲᠡᠶ ᠲᠣᠰᠬᠤᠨ ᠠᠴᠠ ᠤᠬᠤᠷᠢᠨ ᠭᠠᠷᠤᠭᠰᠠᠨ ᠶᠠᠳᠠᠭᠤ ᠬᠦᠴᠢᠷᠳᠡᠯᠲᠡᠢ ᠬᠥᠮᠦᠨ ᠠᠮᠠ ᠶᠢ ᠶᠠᠳᠠᠭᠤ ᠠᠴᠠ ᠠᠩᠭᠢᠵᠢᠷᠠᠭᠤᠯᠬᠤ ᠦᠷ᠎ᠡ ᠪᠦᠲᠦᠮᠵᠢ ᠶᠢ ᠦᠷᠭᠦᠯᠵᠢᠯᠡᠨ ᠪᠠᠬᠢᠵᠢᠭᠦᠯᠵᠦ᠂ ᠪᠣᠶ ᠪᠥᠬᠦᠶ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠶᠢ ᠦᠨᠡᠨ ᠬᠦ ᠪᠠᠲᠤᠯᠠᠬᠤ ᠬᠡᠷᠡᠭᠲᠡᠶ ᠭᠡᠵᠡᠢ᠃      ᠳᠠᠷᠠᠭ᠎ᠠ ᠨᠢ᠂ ᠶᠦᠨ ᠯᠢᠨ ᠴᠢᠶᠦ᠋ᠩ ᠬᠤᠩ ᠾᠧ ᠪᠠᠯᠭᠠᠰᠤᠨ ᠤ ᠭᠤᠤ ᠮᠤᠤ ᠴᠢᠤᠸᠠᠨ ᠢᠶᠠᠷ ᠭᠦᠨᠵᠡᠭᠡᠶᠢᠷᠡᠨ ᠶᠠᠳᠠᠭᠤ ᠬᠦᠴᠢᠷᠳᠡᠯᠲᠡᠢ ᠡᠷᠦᠬᠡ ᠾᠧ ᠰᠠᠨ ᠷᠧᠨ ᠪᠣᠯᠤᠨ ᠾᠧ ᠵᠠᠨ ᠲᠠᠩ ᠢ ᠪᠣᠯᠭᠤᠭᠠᠨ ᠲᠣᠬᠤᠨᠢᠭᠤᠯᠵᠤ᠂ ᠤᠢᠢᠷ᠎ᠠ ᠶᠢᠨ ᠬᠤᠭᠤᠴᠠᠭᠠᠨ ᠤ ᠠᠮᠢᠳᠤᠷᠠᠯ ᠦᠢᠯᠡᠳᠪᠦᠷᠢᠯᠡᠯ ᠤᠨ ᠪᠠᠶᠢᠳᠠᠯ ᠪᠣᠯᠤᠨ ᠣᠷᠣᠰᠢᠵᠤ ᠪᠠᠶᠢᠭ᠎ᠠ ᠬᠦᠴᠢᠷᠳᠡᠯ  ᠢ ᠨᠠᠷᠢᠨ ᠯᠠᠪᠯᠠᠨ‌ᠠᠰᠠᠭᠤᠵᠤ᠂ ᠶᠠᠳᠠᠭᠤ ᠬᠦᠴᠢᠷᠳᠡᠯᠲᠡᠢ ᠡᠷᠦᠬᠡ ᠶᠢᠨ ᠶᠠᠳᠠᠭᠤ ᠠᠴᠠ ᠠᠩᠭᠢᠵᠢᠷᠠᠨ ᠴᠢᠨᠡᠭᠡᠯᠢᠭᠵᠢᠬᠦ ᠢᠲᠡᠭᠡᠯ ᠵᠣᠷᠢᠭ ᠢᠶᠠᠨ ᠪᠠᠲᠤᠳᠬᠠᠬᠤ ᠶᠢ ᠵᠣᠷᠢᠭᠵᠢᠭᠤᠯᠪᠠ᠃
 
ᠢᠷᠡᠯᠲᠡ᠄ ᠴᠢᠩ ᠱᠦᠢ ᠾᠧ ᠰᠢᠶᠠᠨ ᠤ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号