ᠬᠤᠲᠤᠩ ᠠᠷᠠᠳ ᠤᠨ ᠲᠣᠭᠤᠷᠢᠭ ᠤᠨ ᠳᠣᠲᠤᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠪᠢᠶᠠᠷᠢ ᠲᠣᠪᠴᠢᠶ᠎ᠠ ︽ᠲᠠᠯᠪᠢᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠠᠷᠠᠳ ᠲᠤ ᠳᠥᠭᠦᠮ ᠦᠵᠡᠭᠦᠯᠬᠦ ᠠᠷᠠᠳ ᠲᠤ ᠠᠰᠢᠭ ᠬᠦᠷᠲᠡᠭᠡᠬᠦ ᠦᠢᠯᠡᠴᠢᠯᠡᠭᠡ ᠪᠠᠨ ᠰᠢᠯᠢᠳᠡᠭᠵᠢᠭᠦᠯᠪᠡ
ᠨᠡᠶᠢᠲᠡᠯᠡᠭᠰᠡᠨ ᠴᠠᠭ᠄
2020-04-13
     1. ᠬᠠᠮᠢᠶᠠᠷᠤᠭᠴᠢ      ᠲᠣᠰ ᠤᠳᠠᠭᠠᠨ ᠤ ᠰᠤᠷᠪᠤᠯᠵᠢᠯᠠᠭ᠎ᠠ ᠪᠣᠯ ᠬᠥᠬᠡᠬᠤᠲᠠ ᠶᠢᠨ ᠵᠠᠰᠠᠭ ᠤᠨ ᠣᠷᠳᠣᠨ ᠤ ᠰᠦᠯᠵᠢᠶ᠎ᠡ ᠪᠣᠯᠤᠨ ᠬᠥᠬᠡᠬᠤᠲᠠ ᠶᠢᠨ ᠷᠠᠳᠢᠣ᠋ ᠲᠧᠯᠸᠢᠰ ᠬᠤᠷᠢᠶ᠎ᠠ ᠶᠢᠨ ᠤᠳᠬ᠎ᠠ ᠤᠷᠠᠯᠢᠭ ᠷᠠᠳᠢᠣ᠋ ᠨᠡᠪᠲᠡᠷᠡᠭᠦᠯᠭᠡ ᠶᠢᠨ ᠬᠠᠮᠲᠤᠷᠠᠭᠰᠠᠨ ᠲᠤᠰᠬᠠᠶ ᠰᠤᠷᠪᠤᠯᠵᠢᠯᠠᠭ᠎ᠠ ᠪᠣᠯᠤᠨ᠎ᠠ᠂ ᠰᠦᠯᠵᠢᠶᠡᠨ ᠠᠨᠳᠠ ᠨᠠᠷ ᠰᠦᠯᠵᠢᠶᠡᠨ ᠳᠡᠭᠡᠷ᠎ᠡ ᠦᠭᠡ ᠦᠯᠡᠳᠡᠭᠡᠵᠦ ᠡᠷᠬᠢᠮ ᠵᠣᠴᠢᠳ ᠲᠠᠢ ᠬᠠᠷᠢᠯᠴᠠᠨ ᠬᠥᠳᠡᠯᠦᠯᠴᠡᠵᠦ ᠪᠣᠯᠤᠨ᠎ᠠ᠂ ᠰᠦᠯᠵᠢᠶᠡᠨ ᠠᠨᠳᠠ ᠨᠠᠷ ᠤᠨ ᠢᠳᠡᠪᠬᠢᠲᠡᠶ ᠣᠷᠣᠯᠴᠠᠬᠤ ᠶᠢ ᠪᠠᠶᠠᠷᠯᠠᠨ ᠤᠭᠲᠤᠵᠤ ᠪᠠᠶᠢᠨ᠎ᠠ᠃      2. ᠬᠥᠲᠥᠯᠥᠭᠴᠢ᠄      ᠰᠦᠯᠵᠢᠶᠡᠨ ᠠᠨᠳᠠ ᠨᠠᠷ ᠰᠠᠶᠢᠨ ᠪᠠᠶᠢᠵᠠᠭᠠᠨ᠎ᠠ ᠦᠦ︕ ᠤᠯᠠᠨ ᠢᠶᠠᠷ ᠢᠶᠠᠨ ᠰᠠᠶᠢᠨ ᠪᠠᠶᠢᠵᠠᠭᠠᠨ᠎ᠠ ᠦᠦ︕ ᠡᠨᠡ ᠪᠣᠯ ︽ᠰᠦᠯᠵᠢᠶᠡᠨ ᠳᠡᠭᠡᠷᠡᠬᠢ ᠰᠤᠷᠪᠤᠯᠵᠢᠯᠠᠭ᠎ᠠ︾ ᠪᠤᠯᠤᠩ ᠪᠣᠯᠤᠨ᠎ᠠ᠂ ᠥᠨᠥᠳᠦᠷ ᠪᠢᠳᠡ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠂ ᠡᠷᠦᠬᠡ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ ᠢ ᠤᠷᠢᠭᠰᠠᠨ ᠪᠠᠶᠢᠨ᠎ᠠ᠃      3. ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠄      ᠬᠥᠲᠥᠯᠥᠭᠴᠢ ᠰᠠᠶᠢᠨ ᠪᠠᠶᠢᠨ᠎ᠠ ᠦᠦ︖ ᠡᠷᠬᠢᠮ ᠰᠣᠨᠣᠰᠤᠭᠴᠢ᠂ ᠠᠷᠠᠳ ᠣᠯᠠᠨ ᠨᠠᠶᠢᠵᠠ ᠨᠠᠷ ᠰᠠᠶᠢᠨ ᠪᠠᠶᠢᠵᠠᠭᠠᠨ᠎ᠠ ᠦᠦ︖ ᠤᠯᠠᠨ ᠲᠠᠢ ᠰᠠᠨᠠᠯ ᠢᠶᠠᠨ ᠰᠣᠯᠢᠯᠴᠠᠬᠤ ᠡᠶᠢᠮᠦ ᠲᠠᠪᠴᠠᠩ ᠬᠠᠩᠭᠠᠭᠰᠠᠨ ᠳᠤ ᠲᠠᠯᠠᠷᠬᠠᠵᠤ ᠪᠠᠶᠢᠨ᠎ᠠ᠃ ᠡᠩ ᠲᠡᠷᠢᠭᠦᠨ ᠳᠤ᠂ ᠪᠢ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠨᠠᠮ ᠤᠨ ᠬᠤᠷᠢᠶ᠎ᠠ᠂ ᠪᠥᠬᠦ ᠳᠣᠲᠣᠭᠠᠳᠤ ᠶᠢ ᠬᠠᠮᠠᠭᠠᠯᠠᠬᠤ ᠠᠷᠠᠳ ᠤᠨ ᠴᠠᠭᠳᠠᠭ᠎ᠠ᠂ ᠲᠤᠰᠠᠯᠠᠬᠤ ᠴᠠᠭᠳᠠᠭ᠎ᠠ ᠶᠢ ᠲᠥᠯᠥᠭᠡᠯᠡᠵᠦ᠂ ᠣᠷᠳᠣ ᠬᠤᠭᠤᠴᠠᠭᠠᠨ ᠤ ᠲᠤᠷᠰᠢ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠠᠵᠢᠯ ᠢ ᠬᠠᠯᠠᠮᠵᠢᠯᠠᠵᠤ ᠳᠡᠮᠵᠢᠭᠰᠡᠨ ᠨᠡᠶᠢᠭᠡᠮ ᠤᠨ ᠡᠯ᠎ᠡ ᠡᠲᠡᠭᠡᠳ ᠤᠨ ᠨᠠᠶᠢᠵᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠦᠶ᠎ᠡ︕      4. ᠬᠥᠲᠥᠯᠥᠭᠴᠢ᠄      ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠬᠤ᠂ ᠪᠠᠭᠤᠯᠭᠠᠬᠤ ᠪᠠ ᠬᠠᠮᠢᠶᠠᠷᠬᠤ ᠶᠢ ᠤᠶᠠᠯᠳᠤᠭᠤᠯᠬᠤ᠂ ᠦᠢᠯᠡᠴᠢᠯᠡᠭᠡ ᠶᠢ ᠰᠢᠯᠢᠳᠡᠭᠵᠢᠭᠦᠯᠬᠦ ᠪᠣᠯ ᠨᠠᠮ ᠤᠨ ᠲᠥᠪ ᠬᠤᠷᠢᠶ᠎ᠠ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠴᠢᠬᠤᠯᠠ ᠶᠡᠭᠡ ᠪᠠᠶᠢᠯᠳᠤᠬᠤ ᠪᠤᠳᠤᠯᠭ᠎ᠠ ᠶᠢᠨ ᠪᠠᠶᠢᠷᠢᠯᠠᠭᠤᠯᠤᠯᠲᠠ ᠮᠥᠨ᠃ ᠪᠥᠬᠦ ᠬᠤᠲᠠ ᠶᠢᠨ ᠳᠣᠲᠣᠭᠠᠳᠤ ᠶᠢ ᠬᠠᠮᠠᠭᠠᠯᠠᠬᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠭᠦᠨᠵᠡᠭᠡᠶ ᠠᠭᠢᠬᠤ ᠶᠢ ᠳᠠᠭᠠᠯᠳᠤᠨ᠂ ᠥᠩᠭᠡᠷᠡᠭᠰᠡᠨ ᠤ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠦᠷᠭᠦᠯᠵᠢ ᠲᠣᠬᠢᠶᠠᠯᠳᠤᠳᠠᠭ ︽ᠨᠢᠭᠤᠷ ᠴᠢᠷᠠᠶ ᠨᠢ ᠮᠠᠭᠤᠬᠠᠶ︾ ︽ᠤᠴᠢᠷ ᠶᠠᠪᠤᠳᠠᠯ ᠢ ᠰᠢᠢᠳᠪᠦᠷᠢᠯᠡᠬᠦ ᠳᠤ ᠬᠦᠴᠢᠷ︾ ᠵᠢᠴᠢ ︽ᠣᠷᠳᠣ ᠮᠥᠷᠯᠡᠬᠦ︾ ︽ᠤᠳᠠᠭᠠᠨ ᠬᠦᠯᠢᠶᠡᠬᠦ︾ ᠵᠡᠷᠭᠡ ᠠᠰᠠᠭᠤᠳᠠᠯ ᠨᠢᠭᠡᠨᠲᠡ ᠦᠨᠳᠦᠰᠦᠨ ᠠᠴᠠ ᠪᠠᠨ ᠰᠠᠶᠢᠵᠢᠷᠠᠪᠠ᠃ ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠪᠠᠶᠢᠳᠠᠯ ᠢ ᠣᠯᠠᠨ ᠳᠤ ᠲᠠᠨᠢᠯᠴᠠᠭᠤᠯᠵᠤ ᠥᠭᠭᠦᠨ᠎ᠡ ᠦᠦ︖      5. ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠄      ᠲᠣᠰ ᠬᠤᠭᠤᠴᠠᠭᠠᠨ ᠤ ᠰᠤᠷᠪᠤᠯᠵᠢᠯᠠᠨ ᠶᠠᠷᠢᠯᠴᠠᠬᠤ ᠫᠷᠤᠭ᠍ᠷᠠᠮ ᠳᠤ ᠣᠷᠣᠯᠴᠠᠭᠰᠠᠨ ᠳᠠᠭᠠᠨ ᠲᠤᠩ ᠪᠠᠶᠠᠷᠯᠠᠵᠤ ᠪᠠᠶᠢᠨ᠎ᠠ᠃ 2019 ᠣᠨ ᠠᠴᠠ ᠨᠠᠰᠢ᠂ ᠮᠠᠨ ᠤ ᠲᠣᠪᠴᠢᠶ᠎ᠠ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠠ ︽ᠠᠷᠠᠳ ᠲᠤ ᠠᠰᠢᠭ ᠲᠤᠰᠠ ᠬᠦᠷᠲᠡᠭᠡᠬᠦ︾ ᠠᠵᠢᠯ ᠤᠨ ᠱᠠᠭᠠᠷᠳᠠᠯᠭ᠎ᠠ ᠲᠠᠢ ᠨᠢᠭᠲᠠ ᠤᠶᠠᠯᠳᠤᠭᠤᠯᠤᠨ᠂ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢᠨ ᠭᠦᠨᠵᠡᠭᠡᠶᠢᠷᠡᠨ ᠬᠥᠭᠵᠢᠬᠦ ᠶᠢ ᠦᠷᠭᠦᠯᠵᠢᠯᠡᠨ ᠠᠬᠢᠭᠤᠯᠵᠤ᠂ ᠠᠷᠠᠳ ᠲᠦᠮᠡᠨ ᠢᠶᠠᠷ ᠭᠤᠤᠯ ᠪᠣᠯᠭᠠᠬᠤ ᠶᠢ ᠪᠠᠲᠤ ᠡᠵᠡᠮᠳᠡᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ᠂ ᠬᠡᠷᠡᠭᠴᠡᠭᠡ ᠱᠠᠭᠠᠷᠳᠠᠯᠭ᠎ᠠ ᠪᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠣᠯᠠᠨ ᠲᠦᠮᠡᠨ ᠳᠤ ᠲᠤᠯᠭᠠᠷᠠᠭᠰᠠᠨ ᠬᠦᠴᠢᠷ ᠠᠰᠠᠭᠤᠳᠠᠯ ᠢ ᠬᠦᠴᠦᠯᠡᠨ ᠰᠢᠢᠳᠪᠦᠷᠢᠯᠡᠵᠦ᠂ ᠠᠵᠢᠯ ᠶᠠᠪᠤᠳᠠᠯ ᠭᠦᠢᠴᠡᠳᠬᠡᠬᠦ ᠴᠤᠪᠤᠷᠠᠯ ᠢ ᠤᠯᠠᠮ ᠨᠢᠭᠡ ᠠᠯᠬᠤᠮ ᠳᠥᠭᠦᠮᠴᠢᠯᠡᠬᠦ ᠪᠠ ᠵᠢᠷᠤᠮᠵᠢᠭᠤᠯᠵᠤ᠂ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠤᠨ ᠬᠢᠨᠠᠨ ᠵᠥᠪᠰᠢᠶᠡᠷᠡᠬᠦ ᠮᠠᠲ᠋ᠧᠷᠢᠶᠠᠯ ᠢ ᠴᠣᠮᠬᠠᠳᠬᠠᠨ᠂ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠠᠷᠭ᠎ᠠ ᠮᠠᠶ᠋ᠢᠭ ᠢ ᠰᠢᠯᠢᠳᠡᠭᠵᠢᠭᠦᠯᠵᠦ᠂ ᠮᠡᠳᠡᠭᠡ ᠵᠠᠩᠭᠢᠴᠢᠯᠠᠯᠲᠠ ᠳᠤ ᠲᠦᠰᠢᠭᠯᠡᠨ ᠬᠥᠮᠦᠨ ᠠᠮᠠ ᠶᠢᠨ ᠦᠢᠯᠡᠴᠢᠯᠡᠭᠡᠨ ᠤ ᠵᠠᠰᠠᠯᠲᠠ ᠶᠢᠨ ᠴᠢᠳᠠᠪᠤᠷᠢ ᠶᠢ ᠳᠡᠭᠡᠭᠰᠢᠯᠡᠭᠦᠯᠵᠦ᠂ ︽ᠨᠢᠭᠡ ᠯᠡ ᠥᠷᠲᠡᠭᠡᠨ ᠤ ᠮᠠᠶ᠋ᠢᠭ︾ ᠤᠨ ᠦᠢᠯᠡᠴᠢᠯᠡᠭᠡ ᠶᠢ ᠢᠳᠡᠪᠬᠢᠲᠡᠶ ᠠᠬᠢᠭᠤᠯᠵᠤ᠂ ᠦᠨᠡᠮᠯᠡᠯ ᠭᠦᠢᠴᠡᠳᠬᠡᠬᠦ ᠡᠷᠦᠬᠡ ᠡᠷᠭᠢᠯᠡᠬᠦ ᠣᠯᠠᠨ ᠲᠦᠮᠡᠨ ᠢ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠯᠭᠡᠵᠦ︾᠂ ᠬᠤᠲᠠ ᠶᠢᠨ ᠲᠣᠪᠴᠢᠶ ᠎ᠠ ᠶᠢᠨ ᠶᠡᠷᠦᠩᠬᠡᠶ ᠱᠠᠭᠠᠷᠳᠠᠯᠭ᠎ᠠ ᠶᠣᠰᠣᠭᠠᠷ ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠴᠤᠪᠤᠷᠠᠯ ᠢ ᠳᠥᠭᠦᠮᠴᠢᠯᠡᠪᠡ᠃ ᠠᠷᠠᠳ ᠤᠨ ᠲᠥᠯᠥᠭᠡ ᠪᠣᠳᠠᠲᠤ ᠶᠠᠪᠤᠳᠠᠯ ᠬᠢᠬᠦ ᠣᠶᠢᠯᠠᠭᠠᠭᠳᠠᠬᠤᠨ ᠢᠶᠠᠷ᠂ ᠪᠠᠭᠤᠯᠭᠠᠬᠤ ᠬᠠᠮᠢᠶᠠᠷᠬᠤ ᠦᠢᠯᠡᠴᠢᠯᠡᠬᠦ ᠠᠵᠢᠯ ᠢ ᠭᠠᠵᠠᠷ ᠣᠷᠣᠨ ᠳᠤ ᠢᠳᠡᠪᠬᠢᠲᠡᠶ ᠪᠠᠷ ᠨᠠᠶᠢᠳᠠᠪᠤᠷᠢᠵᠢᠭᠤᠯᠵᠤ᠂ ᠣᠯᠠᠨ ᠲᠦᠮᠡᠨ ᠤ ᠬᠦᠷᠲᠡᠮᠵᠢ ᠶᠢᠨ ᠲᠥᠷᠥᠭᠳᠡᠯ ᠪᠠ ᠬᠠᠨᠤᠮᠵᠢ ᠶᠢᠨ ᠬᠡᠮᠵᠢᠶ᠎ᠡ ᠶᠢ ᠲᠠᠰᠤᠷᠠᠯᠲᠠ ᠦᠭᠡᠢ  ᠨᠡᠮᠡᠭᠳᠡᠭᠦᠯᠪᠡ᠃      6. ᠬᠥᠲᠥᠯᠥᠭᠴᠢ᠄      ᠣᠳᠣᠬᠠᠨ ᠳᠤ ᠡᠨᠡ ᠤᠳᠠᠭᠠᠨ ᠤ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠥᠭᠡ᠂ ᠮᠠᠨ ᠤ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠶᠢᠨ ᠪᠣᠳᠠᠲᠠᠶ ᠶᠠᠮᠠᠷ ᠶᠠᠮᠠᠷ ᠠᠵᠢᠯ ᠤᠨ ᠠᠷᠭ᠎ᠠ ᠬᠡᠮᠵᠢᠶ᠎ᠡ ᠠᠪᠤᠭᠰᠠᠨ ᠲᠤᠬᠠᠶ ᠶᠠᠷᠢᠭᠠᠳ ᠥᠭᠭᠦᠨ᠎ᠡ ᠦᠦ︖      7. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠄      ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢ ᠰᠠᠶᠢᠲᠤᠷ ᠨᠠᠶᠢᠳᠠᠪᠤᠷᠢᠵᠢᠭᠤᠯᠬᠤ ᠶᠢᠨ ᠲᠥᠯᠦᠭᠡ᠂ ᠨᠢᠳᠤᠨᠤᠨ ᠤ 6 ᠳ᠋ᠤᠭᠠᠷ ᠰᠠᠷ᠎ᠠ ᠶᠢᠨ 18 ᠤ ᠡᠳᠦᠷ ᠳᠠᠷᠤᠮᠠᠯᠯᠠᠨ ᠲᠠᠷᠬᠠᠭᠠᠵᠤ ᠬᠡᠷᠡᠭᠵᠢᠭᠦᠯᠦᠭᠰᠡᠨ ︽ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠡᠷᠦᠬᠡ ᠠᠮᠠ ᠶᠢᠨ ᠬᠠᠷᠢᠶ᠎ᠠ ᠶᠢᠨ ᠲᠦᠷᠢᠮ ᠤᠨ ᠥᠭᠡᠷᠡᠴᠢᠯᠡᠯᠲᠡ ᠶᠢ ᠤᠯᠠᠮ ᠨᠢᠭᠡ ᠠᠯᠬᠤᠮ ᠭᠦᠨᠵᠡᠭᠡᠶᠢᠷᠡᠭᠦᠯᠬᠦ ᠶᠢᠨ ᠬᠡᠷᠡᠭᠵᠢᠭᠦᠯᠬᠦ ᠨᠠᠷᠢᠨ ᠲᠦᠷᠢᠮ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠡᠷᠦᠬᠡ ᠠᠮᠠ ᠶᠢᠨ ᠬᠠᠷᠢᠶ᠎ᠠ ᠶᠢᠨ ᠬᠠᠮᠢᠶᠠᠷᠤᠯᠲᠠ ᠶᠢᠨ ᠵᠢᠷᠤᠮᠵᠢᠯ ᠳᠤ ᠤᠯᠠᠮ ᠨᠢᠭᠡ ᠠᠯᠬᠤᠮ ᠲᠣᠬᠢᠷᠠᠭᠤᠯᠤᠯᠲᠠ ᠬᠢᠵᠦ᠂ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠪᠠ ︽ᠬᠠᠮᠤᠭ ᠤᠨ ᠣᠯᠠᠨ ᠳᠠᠭᠠᠨ ᠨᠢᠭᠡ ᠯᠡ ᠤᠳᠠᠭ᠎ᠠ ᠭᠦᠶᠦᠬᠦ︾ ᠥᠭᠡᠷᠡᠴᠢᠯᠡᠯᠲᠡ ᠶᠢᠨ ᠱᠠᠭᠠᠷᠳᠠᠯᠭ᠎ᠠ ᠶᠢ ᠴᠢᠩᠭ᠎ᠠ ᠨᠠᠶᠢᠳᠠᠪᠤᠷᠢᠵᠢᠭᠤᠯᠵᠤ᠂ ᠭᠤᠤᠯᠳᠠᠭᠤ ᠳᠣᠤᠷᠠᠬᠢ ᠬᠡᠳᠦᠨ ᠲᠠᠯ᠎ᠠ ᠪᠠᠷ ᠢᠯᠡᠷᠡᠵᠦ ᠪᠠᠶᠢᠨ᠎ᠠ᠄      ᠵᠠᠰᠠᠭ ᠢ ᠴᠣᠮᠬᠠᠳᠬᠠᠨ ᠡᠷᠬᠡ ᠶᠢ ᠳᠣᠷᠣᠭᠰᠢ ᠪᠠᠭᠤᠯᠭᠠᠵᠤ᠂ ᠬᠢᠨᠠᠨ ᠵᠥᠪᠰᠢᠶᠡᠷᠡᠬᠦ ᠡᠷᠬᠡ ᠮᠡᠳᠡᠯ ᠢ ᠳᠣᠷᠣᠭᠰᠢ ᠪᠠᠭᠤᠯᠭᠠᠪᠠ᠃      ᠬᠤᠲᠣᠩ ᠠᠷᠠᠳ ᠤᠨ ᠲᠣᠭᠤᠷᠢᠭ ᠤᠨ ᠳᠣᠲᠣᠭᠠᠳᠤ ᠶᠢ ᠬᠠᠮᠠᠭᠠᠯᠠᠬᠤ ᠬᠤᠪᠢᠶᠠᠷᠢ ᠲᠣᠪᠴᠢᠶ᠎ᠠ ᠨᠢ ᠬᠤᠲᠠ ᠶᠢᠨ ᠵᠠᠰᠠᠭ ᠤᠨ ᠤᠷᠳᠤᠨ ᠤ ᠠᠯᠪᠠᠨ ᠲᠢᠩᠬᠢᠮ᠂ ᠬᠤᠲᠠ ᠶᠢᠨ ᠡᠷᠦᠬᠡ ᠠᠮᠠ ᠶᠢᠨ ᠶᠠᠪᠤᠳᠠᠯ ᠤᠨ ᠰᠠᠯᠠᠭ᠎ᠠ ᠮᠥᠴᠢᠷ ᠤᠨ ᠵᠥᠪᠰᠢᠶᠡᠷᠡᠯ ᠢ ᠣᠯᠤᠭᠰᠠᠨ ᠤ ᠳᠠᠷᠠᠭ᠎ᠠ ᠰᠢᠭᠤᠳ ᠳᠣᠷᠣᠭᠰᠢ ᠪᠠᠭᠤᠯᠭᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠬᠤᠪᠢᠶᠠᠷᠢ ᠲᠣᠪᠴᠢᠶ᠎ᠠ ᠶᠢᠨ ᠬᠤᠶᠠᠳᠤᠭᠠᠷ ᠳᠡᠰ ᠤᠨ ᠬᠢᠨᠠᠨ ᠵᠥᠪᠰᠢᠶᠡᠷᠡᠬᠦ ᠡᠷᠬᠡ ᠮᠡᠳᠡᠯ ᠢ ᠬᠦᠴᠦᠨ ᠥᠬᠡᠶ ᠪᠣᠯᠭᠠᠵᠤ᠂ ᠡᠷᠦᠬᠡ ᠠᠮᠠ ᠶᠢᠨ ᠲᠠᠩᠰᠠ ᠶᠢ ᠬᠢᠨᠠᠨ ᠵᠥᠪᠰᠢᠶᠡᠷᠡᠬᠦ ᠡᠷᠬᠡ ᠮᠡᠳᠡᠯ ᠢ ᠪᠥᠬᠦ ᠲᠠᠯ᠎ᠠ ᠪᠠᠷ ᠳᠣᠷᠣᠭᠰᠢ ᠪᠠᠭᠤᠯᠭᠠᠵᠤ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠪᠦᠬᠦᠨ ᠢ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠲᠠᠩᠰᠠ ᠶᠢᠨ ᠴᠣᠩᠬᠤᠪᠴᠢ ᠳᠤ ᠨᠢᠭᠡ ᠯᠡ ᠥᠷᠲᠡᠭᠡ ᠮᠠᠶ᠋ᠢᠭ ᠢᠶᠠᠷ ᠭᠥᠯᠢᠶᠡᠨ ᠠᠪᠴᠤ ᠰᠢᠢᠳᠪᠦᠷᠢᠯᠡᠵᠦ ᠳᠠᠭᠤᠰᠬᠠᠨ᠂ ᠥᠪᠥᠷ ᠮᠣᠩᠭᠤᠯ ᠤᠨ ᠬᠡᠰᠡᠭ ᠠᠶᠢᠮᠠᠭ ᠬᠤᠲᠠ ᠶᠢᠨ ᠨᠡᠭᠦᠵᠦ ᠭᠠᠷᠬᠤ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠬᠡᠷᠡᠭᠵᠢᠭᠦᠯᠪᠡ᠃      ᠬᠡᠷᠡᠭ ᠡᠷᠬᠢᠯᠡᠬᠦ ᠮᠠᠲ᠋ᠧᠷᠢᠶᠠᠯ ᠢ ᠳᠥᠭᠦᠮᠴᠢᠯᠡᠪᠡ᠃      ᠲᠤᠭ᠎ᠠ ᠪᠠᠷᠢᠮᠲᠠ ᠶᠢ ᠬᠠᠮᠲᠤ ᠪᠠᠷ ᠡᠳ᠋ᠯᠡᠬᠦ ᠶᠢ ᠠᠬᠢᠭᠤᠯᠵᠤ᠂ ᠬᠡᠷᠡᠭ ᠡᠷᠬᠢᠯᠡᠬᠦ ᠮᠠᠲ᠋ᠧᠷᠢᠶᠠᠯ ᠢ ᠳᠥᠭᠦᠮᠴᠢᠯᠡᠪᠡ ᠃ ᠲᠣᠮᠣ ᠳ᠋ᠠᠶᠢᠲ᠋ᠠ ᠶᠢᠨ ᠲᠠᠪᠴᠠᠩ ᠳᠤ ᠨᠢᠭᠲᠠ ᠲᠦᠰᠢᠭᠯᠡᠨ᠂ ᠶᠡᠭᠡ ᠬᠡᠮᠵᠢᠶᠡᠨ ᠤ ᠳ᠋ᠠᠶᠢᠲ᠋ᠠ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠳ᠋ᠠᠶᠢᠲ᠋ᠠ ᠶᠢ ᠬᠠᠮᠲᠤ ᠪᠠᠷ ᠭᠥᠷᠳᠡᠵᠦ ᠰᠢᠯᠵᠢᠭᠦᠯᠦᠨ ᠬᠡᠷᠡᠭᠯᠡᠬᠦ ᠪᠠᠷ ᠳᠠᠮᠵᠢᠭᠤᠯᠤᠨ ᠬᠡᠷᠡᠭ ᠭᠦᠢᠴᠡᠳᠬᠡᠬᠦ ᠮᠠᠲ᠋ᠧᠷᠢᠶᠠᠯ ᠢ ᠰᠢᠯᠢᠳᠡᠭᠵᠢᠭᠦᠯᠦᠨ ᠴᠣᠮᠬᠠᠳᠬᠠᠵᠤ᠂ ᠮᠡᠳᠡᠭᠡ ᠵᠠᠩᠭᠢ ᠶᠢ ᠬᠠᠮᠲᠤ ᠪᠠᠷ ᠭᠥᠷᠳᠡᠬᠦ ᠪᠠᠷ ᠳᠠᠮᠵᠢᠭᠤᠯᠤᠨ ᠣᠯᠵᠤ ᠪᠣᠯᠬᠤ ᠶᠢ ᠳᠠᠪᠬᠤᠷᠳᠠᠭᠤᠯᠤᠨ ᠲᠤᠰᠢᠶᠠᠬᠤ ᠥᠬᠡᠶ᠂ ᠡᠮᠦᠨᠡᠬᠢ ᠴᠤᠪᠤᠷᠠᠯ ᠳᠤ ᠨᠢᠭᠡᠨᠲᠡ ᠬᠤᠷᠢᠶᠠᠭᠰᠠᠨ ᠮᠠᠲ᠋ᠧᠷᠢᠶᠠᠯ ᠢ ᠳᠠᠪᠬᠤᠷᠳᠠᠭᠤᠯᠤᠨ ᠲᠤᠰᠢᠶᠠᠬᠤ ᠥᠬᠡᠶ᠂ ᠡᠯ᠎ᠡ ᠲᠣᠮᠢᠯᠠᠭᠰᠠᠨ ᠰᠠᠯᠪᠤᠷᠢ ᠨᠢ ᠳᠡᠭᠡᠭᠰᠢ ᠳᠠᠮᠵᠢᠭᠤᠯᠬᠤ ᠡᠯᠧᠺᠲᠷᠣᠨ ᠮᠠᠲ᠋ᠧᠷᠢᠶᠠᠯ ᠢ ᠬᠡᠷᠡᠭᠯᠡᠵᠦ᠂ ᠠᠯᠢ ᠴᠢᠳᠠᠬᠤ ᠪᠠᠷ ᠣᠯᠠᠨ ᠲᠦᠮᠡᠨ ᠢ ᠴᠠᠭᠠᠰᠤᠨ ᠮᠠᠲ᠋ᠧᠷᠢᠶᠠᠯ ᠬᠠᠩᠭᠠᠯᠭᠠᠬᠤ ᠥᠬᠡᠶ᠂ ᠣᠳᠣᠬᠠᠨ ᠳᠤ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠡᠩ ᠤᠨ ᠪᠠᠶᠢᠳᠠᠯ ᠳᠣᠤᠷ᠎ᠠ ᠣᠯᠠᠨ ᠲᠦᠮᠡᠨ ᠬᠠᠭᠤᠯᠪᠤᠷᠢ ᠶᠢ ᠬᠠᠩᠭᠠᠬᠤ ᠬᠡᠷᠡᠭ ᠥᠬᠡᠶ᠂ ᠣᠨᠴᠠᠭᠠᠶ ᠪᠠᠶᠢᠳᠠᠯ ᠳᠣᠤᠷ᠎ᠠ ᠬᠠᠭᠤᠯᠪᠤᠷᠢ ᠶᠢ ᠨᠢ ᠦᠯᠡᠳᠡᠭᠡᠨ ᠬᠠᠳᠠᠭᠠᠯᠠᠬᠤ ᠴᠢᠬᠤᠯᠠᠲᠠᠶ ᠪᠣᠯ ᠲᠣᠮᠢᠯᠠᠭᠰᠠᠨ ᠰᠠᠯᠪᠤᠷᠢ ᠥᠪᠡᠰᠦᠪᠡᠨ ᠬᠠᠭᠤᠯᠪᠤᠷᠢᠯᠠᠨ ᠳᠠᠷᠤᠮᠠᠯᠯᠠᠵᠤ ᠠᠪᠤᠨ᠎ᠠ᠃ ︽ᠳᠥᠷᠪᠡᠨ ᠴᠥᠮ︾ ᠱᠠᠭᠠᠷᠳᠠᠯᠭ᠎ᠠ ᠶᠢ ᠬᠢᠨᠠᠮᠠᠭᠠᠶ ᠨᠠᠶᠢᠳᠠᠪᠤᠷᠢᠵᠢᠭᠤᠯᠬᠤ᠂ ᠬᠠᠤᠯᠢ ᠴᠠᠭᠠᠵᠠ ᠬᠠᠤᠯᠢ ᠲᠣᠭᠲᠠᠭᠠᠯ ᠤᠨ ᠱᠠᠭᠠᠷᠳᠠᠯᠭ᠎ᠠ ᠦᠭᠡᠢ ᠶᠢ ᠨᠢ ᠴᠥᠮ ᠬᠦᠴᠦᠨ ᠦᠭᠡᠢ ᠪᠣᠯᠭᠠᠬᠤ᠂ ᠬᠤᠪᠢ ᠬᠥᠮᠦᠨ ᠤ ᠣᠳᠣ ᠶᠢᠨ ᠪᠠᠶᠢᠭ᠎ᠠ ᠭᠡᠷᠡᠴᠢ ᠦᠨᠡᠮᠯᠡᠯ ᠢᠶᠠᠷ ᠳᠠᠮᠵᠢᠨ ᠭᠡᠷᠡᠴᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠬᠤ᠂ ᠭᠤᠶᠤᠴᠢᠯᠠᠭᠴᠢ ᠶᠢᠨ ᠪᠢᠴᠢᠭ ᠢᠶᠠᠷ ᠠᠮᠠᠯᠠᠬᠤ ᠠᠷᠭ᠎ᠠ ᠮᠠᠶ᠋ᠢᠭ ᠢᠶᠠᠷ ᠰᠢᠢᠳᠪᠦᠷᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠬᠤ᠂ ᠰᠦᠯᠵᠢᠶᠡᠨ ᠤ ᠬᠢᠨᠠᠨ ᠰᠢᠯᠭᠠᠯᠲᠠ ᠪᠠᠷ ᠳᠠᠮᠵᠢᠨ ᠰᠢᠢᠳᠪᠦᠷᠢᠯᠡᠵᠦ ᠪᠣᠯᠬᠤ ᠶᠢ ᠨᠢ ᠴᠥᠮ ᠬᠦᠴᠦᠨ ᠦᠭᠡᠢ ᠪᠣᠯᠭᠠᠬᠤ᠂ ᠡᠷᠦᠬᠡ ᠠᠮᠠ ᠶᠢᠨ ᠳᠠᠩᠰᠠ ᠭᠦᠢᠴᠡᠳᠬᠡᠬᠦ ᠮᠠᠲ᠋ᠧᠷᠢᠶᠠᠯ ᠢ ᠬᠠᠮᠤᠭ ᠤᠨ ᠶᠡᠭᠡ ᠬᠡᠮᠵᠢᠶ᠎ᠡ ᠪᠠᠷ ᠴᠣᠮᠬᠠᠳᠬᠠᠪᠠ᠃      ᠭᠤᠷᠪᠠ᠂ ᠴᠣᠩᠬᠤᠪᠴᠢ ᠤ ᠦᠢᠯᠡᠴᠢᠯᠡᠭᠡᠨ ᠤ ᠣᠨᠣᠯᠵᠢᠬᠤᠨ ᠢ ᠴᠢᠩᠭᠠᠷᠠᠭᠤᠯᠪᠠ᠃ ︽ᠦᠢᠯᠡᠴᠢᠯᠡᠭᠡᠨ ᠤ ᠣᠳᠣᠨ︾ ᠴᠣᠩᠬᠤᠪᠴᠢ ᠪᠠᠷ ᠰᠢᠯᠢᠳᠡᠭ ᠢ ᠰᠢᠯᠭᠠᠷᠠᠭᠤᠯᠬᠤ ᠡᠭᠦᠳᠦᠨ ᠪᠠᠶᠢᠭᠤᠯᠬᠤ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠠᠷᠠᠳ ᠤᠨ ᠴᠠᠭᠳᠠᠭ᠎ᠠ ᠣᠯᠠᠨ ᠲᠦᠮᠡᠨ ᠳᠤ ᠦᠢᠯᠡᠴᠢᠯᠡᠬᠦ᠂ ᠠᠷᠠᠳ ᠤᠨ ᠠᠮᠢᠳᠤᠷᠠᠯ ᠳᠤ ᠦᠢᠯᠡᠴᠢᠯᠡᠬᠦ ᠣᠨᠣᠯᠵᠢᠬᠤᠨ ᠢ ᠲᠠᠰᠤᠷᠠᠯᠲᠠ ᠥᠬᠡᠶ ᠳᠡᠭᠡᠭᠰᠢᠯᠡᠭᠦᠯᠦᠨ᠂ ︽ᠴᠣᠩᠬᠤᠪᠴᠢ ᠪᠠᠷ ᠥᠪᠡᠷ ᠢ ᠪᠠᠨ ᠦᠨᠡᠯᠡᠬᠦ᠂ ᠰᠠᠯᠠᠭ᠎ᠠ ᠮᠥᠴᠢᠷ ᠠᠴᠠ ᠬᠢᠨᠠᠨ ᠬᠠᠷᠭᠤᠭᠤᠯᠬᠤ᠂ ᠣᠯᠠᠨ ᠲᠦᠮᠡᠨ ᠠᠴᠠ ᠰᠢᠯᠭᠠᠷᠠᠭᠤᠯᠬᠤ᠂ ᠦᠷ᠎ᠡ ᠳ᠋ᠦᠩ ᠢ ᠢᠯᠡ ᠨᠡᠶᠢᠲᠡᠯᠡᠬᠦ᠂ ᠰᠢᠯᠭᠠᠨ ᠬᠢᠨᠠᠬᠤ ᠳᠤ ᠣᠷᠣᠭᠤᠯᠬᠤ︾ ᠲᠠᠰ ᠳᠠᠷᠠᠭᠠᠯᠠᠯ ᠶᠣᠰᠣᠭᠠᠷ ᠶᠠᠪᠤᠭᠳᠠᠭᠤᠯᠵᠤ᠂ ᠠᠳᠠᠯᠢᠳᠬᠠᠨ ᠰᠢᠯᠭᠠᠷᠠᠭᠤᠯᠤᠭᠰᠠᠨ ᠦᠷ᠎ᠡ ᠳ᠋ᠦᠩ ᠢ ᠬᠠᠮᠤᠭ ᠤᠨ ᠭᠤᠶᠣ ᠦᠢᠯᠡᠴᠢᠯᠡᠭᠡᠨ ᠤ ᠴᠤᠩᠬᠤᠪᠴᠢ᠂ ᠬᠠᠮᠤᠭ ᠤᠨ ᠭᠤᠶᠣ ᠦᠢᠯᠡᠴᠢᠯᠡᠭᠡᠨ ᠤ ᠵᠢᠱᠢᠶᠡᠴᠢ᠂ ᠰᠢᠯᠢᠳᠡᠭ ᠠᠯᠪᠠᠲᠠᠨ ᠵᠢᠴᠢ ᠭᠠᠪᠢᠶ᠎ᠠ ᠪᠠᠶᠢᠭᠤᠯᠤᠨ ᠱᠠᠩᠨᠠᠯ ᠣᠯᠭᠤᠬᠤ ᠶᠢᠨ ᠴᠢᠬᠤᠯᠠ ᠦᠨᠳᠦᠰᠦᠯᠡᠯ ᠪᠣᠯᠭᠠᠵᠤ᠂ ᠠᠷᠠᠳ ᠤᠨ ᠴᠠᠭᠳᠠᠭ᠎ᠠ ᠶᠢᠨ ᠠᠵᠢᠯ ᠤᠨ ᠤᠷᠮ᠎ᠠ ᠰᠡᠳᠬᠢᠯᠭᠡ ᠶᠢ ᠬᠥᠭᠵᠢᠭᠡᠵᠦ᠂ ᠣᠯᠠᠨ ᠲᠦᠮᠡᠨ ᠳᠤ ᠨᠠᠩ ᠰᠠᠶᠢᠨ ᠨᠠᠩ ᠰᠢᠯᠢᠳᠡᠭ ᠦᠢᠯᠡᠴᠢᠯᠡᠭᠡ ᠬᠠᠩᠭᠠᠵᠤ᠂ ᠡᠯ᠎ᠡ ᠱᠠᠲᠤᠨ ᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠥᠭᠡᠷᠡᠴᠢᠯᠡᠯᠲᠡ ᠶᠢᠨ ᠰᠢᠨ᠎ᠡ ᠠᠷᠭ᠎ᠠ ᠬᠡᠮᠵᠢᠶ᠎ᠡ ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠶᠢ ᠠᠬᠢᠭᠤᠯᠪᠠ᠃ ᠵᠢᠱᠢᠶᠡᠯᠡᠪᠡᠯ᠄ ᠮᠠᠨ ᠤ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠶᠡᠭᠡ ᠲᠢᠩᠬᠢᠮ ᠤᠨ ᠴᠣᠩᠬᠤᠪᠴᠢ ᠨᠢ ︽5 · 1︾ ᠤ ᠵᠢᠱᠢᠶᠡᠴᠢ ᠴᠡᠷᠢᠭ ᠤᠨ ᠠᠵᠢᠯ ᠤᠨ ᠪᠠᠶᠢᠷᠢ᠂ ︽ᠡᠮᠡᠭᠲᠡᠶᠢᠴᠦᠳ ᠤᠨ ᠪᠣᠯᠪᠠᠰᠤᠨ ᠠᠵᠢᠯ ᠤᠨ ᠪᠠᠶᠢᠷᠢ︾ ᠶᠢᠨ ᠴᠣᠯᠠ ᠶᠢ ᠣᠯᠵᠤ᠂ ᠬᠢᠯᠢ ᠪᠠᠷ ᠭᠠᠷᠴᠤ ᠣᠷᠣᠬᠤ ᠬᠠᠮᠢᠶᠠᠷᠤᠯᠲᠠ ᠶᠢᠨ ᠠᠵᠢᠯ ᠤᠨ ᠣᠯᠠᠨ ᠲᠦᠮᠡᠨ ᠤ ᠰᠡᠳᠬᠢᠯ ᠬᠠᠨᠤᠮᠵᠢ ᠶᠢᠨ ᠬᠡᠮᠵᠢᠶ᠎ᠡ ᠶᠢ ᠢᠮᠠᠭᠲᠠ ᠪᠥᠬᠦ ᠬᠤᠲᠠ ᠶᠢᠨ ᠡᠮᠦᠨ᠎ᠡ ᠡᠩᠨᠡᠭᠡᠨ ᠳᠤ ᠪᠠᠶᠢᠯᠭᠠᠵᠤ᠂ ᠵᠠᠯᠠᠭᠤᠴᠤᠳ ᠤᠨ ᠪᠣᠯᠪᠠᠰᠤᠨ ᠠᠵᠢᠯ ᠤᠨ ᠪᠠᠶᠢᠷᠢ᠂ ᠯᠸᠢ ᠹᠧᠡᠭ  ᠤᠨ ᠵᠢᠱᠢᠶᠡᠴᠢ ᠠᠵᠢᠯ ᠤᠨ ᠪᠠᠶᠢᠷᠢ ᠶᠢᠨ ᠴᠣᠯᠠ ᠶᠢ ᠭᠥᠷᠳᠡᠪᠡ᠃ ᠬᠤᠪᠢᠶᠠᠷᠢ ᠲᠣᠪᠴᠢᠶ᠎ᠠ ᠦᠢᠯᠡᠴᠢᠯᠡᠭᠡᠨ ᠤ ᠬᠠᠮᠢᠶᠠᠷᠤᠯᠲᠠ ᠶᠢᠨ ᠲᠠᠯ᠎ᠠ ᠪᠠᠷ ᠢᠳᠡᠪᠬᠢᠲᠡᠶ ᠪᠠᠷ ᠰᠢᠨ᠎ᠡ ᠶᠢ ᠡᠭᠦᠳᠴᠦ᠂ ᠤᠯᠠᠨ ᠲᠦᠮᠡᠨ ᠤ ᠬᠠᠮᠤᠭ ᠠᠴᠠ ᠰᠡᠳᠬᠢᠯ ᠲᠠᠯᠪᠢᠵᠤ ᠪᠠᠶᠢᠭ᠎ᠠ ᠬᠠᠯᠠᠭᠤᠨ ᠴᠡᠭ᠂ ᠲᠥᠪᠯᠡᠷᠡᠯ ᠤᠨ ᠴᠡᠭ ᠤᠨ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ᠬᠢᠨᠠᠯᠲᠠ ᠲᠠᠯᠪᠢᠬᠤ ᠭᠠᠳᠠᠭᠠᠳᠤ ᠠᠷᠭ᠎ᠠ ᠬᠡᠮᠵᠢᠶ᠎ᠡ ᠶᠢ ᠥᠷᠭᠡᠳᠬᠡᠵᠦ᠂ ᠠᠵᠢᠯ ᠦᠯᠦ ᠬᠢᠬᠦ ᠦᠵᠡᠭᠳᠡᠯ ᠢ ᠬᠤᠷᠢᠭᠯᠠᠨ ᠵᠣᠭᠰᠣᠭᠠᠬᠤ ᠶᠠᠪᠤᠳᠠᠯ ᠨᠢ ᠲᠤᠬᠠᠶᠢᠯᠠᠭᠰᠠᠨ ᠠᠵᠢᠯ ᠢ ᠬᠦᠯᠢᠶᠡᠨ ᠠᠪᠴᠤ ᠰᠢᠢᠳᠪᠦᠷᠢᠯᠡᠬᠦ ᠨᠢᠭᠡᠳᠦᠭᠡᠷ ᠵᠠᠷᠴᠢᠮ ᠪᠣᠯᠤᠭᠰᠠᠨ ᠪᠠᠶᠢᠨ᠎ᠠ︔ ᠦᠢᠯᠡᠴᠢᠯᠡᠬᠦ ᠣᠨᠣᠯᠵᠢᠬᠤᠨ ᠤ ᠰᠢᠨ᠎ᠡ ᠶᠢ ᠡᠭᠦᠳᠴᠦ᠂ ᠠᠷᠠᠳ ᠲᠦᠮᠡᠨ ᠳᠤ ᠦᠢᠯᠡᠴᠢᠯᠡᠬᠦ ᠵᠣᠷᠢᠯᠲᠠ ᠶᠢ ᠦᠨᠡᠨᠬᠦ ᠦᠢᠯᠡᠳᠦᠯᠭᠡᠵᠢᠭᠦᠯᠵᠦ᠂ ᠭᠤᠶᠤᠴᠢᠯᠠᠭᠴᠢ ᠶᠢᠨ ᠬᠦᠴᠢᠷ ᠵᠣᠪᠠᠭᠤᠷᠢ ᠶᠢ  ᠰᠢᠢᠳᠪᠦᠷᠢᠯᠡᠨ ᠥᠭᠴᠦ᠂ ᠵᠢᠵᠢᠭ ᠰᠠᠵᠢᠭ ᠤᠴᠢᠷ ᠢ ᠴᠤ ᠰᠠᠶᠢᠳᠤᠷ ᠬᠢᠵᠦ ᠡᠶ᠎ᠡ ᠵᠣᠬᠢᠴᠠᠯ ᠲᠠᠢ ᠴᠠᠭᠳᠠᠭ᠎ᠠ ᠠᠷᠠᠳ ᠤᠨ ᠬᠠᠷᠢᠴᠠᠭ᠎ᠠ ᠶᠢ ᠪᠠᠶᠢᠭᠤᠯᠵᠤ᠂ ︽ᠳᠦᠷᠢᠮᠵᠢᠭᠰᠡᠨ  ᠂ ᠣᠶᠤᠨᠴᠢᠯᠠᠭᠰᠠᠨ᠂ ᠨᠠᠷᠢᠯᠢᠭᠵᠢᠭᠰᠠᠨ᠂ ᠥᠨᠳᠥᠷ ᠪᠦᠲᠦᠮᠵᠢ  ᠲᠠᠢ ᠪᠠᠶᠢᠬᠤ︾ ᠠᠵᠢᠯ ᠤᠨ ᠣᠨᠣᠯᠵᠢᠬᠤᠨ ᠢ ᠬᠡᠷᠡᠭᠯᠡᠨ᠂ ᠠᠷᠠᠳ ᠤᠨ ᠴᠠᠭᠳᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢ ᠤᠯᠠᠮ ᠨᠢᠭᠡ ᠠᠯᠬᠤᠮ ᠴᠢᠩᠭᠠᠷᠠᠭᠤᠯᠪᠠ᠃ ᠪᠦᠬᠦ ᠴᠠᠭᠳᠠᠭ᠎ᠠ ᠶᠢᠨ ᠪᠣᠳᠠᠲᠤ ᠪᠠᠶᠢᠯᠳᠤᠭᠠᠨ ᠤ ᠶᠡᠭᠡ ᠪᠣᠯᠪᠠᠰᠤᠷᠠᠯ ᠳᠤ ᠲᠦᠰᠢᠭᠯᠡᠨ᠂ ᠪᠦᠬᠦ ᠴᠠᠭᠳᠠᠭ᠎ᠠ ᠶᠢᠨ ᠦᠢᠯᠡᠴᠢᠯᠡᠭᠡᠨ ᠤ ᠴᠢᠳᠠᠪᠤᠷᠢ ᠶᠢᠨ ᠪᠣᠯᠪᠠᠰᠤᠷᠠᠭᠤᠯᠤᠯ ᠢ ᠴᠢᠩᠭᠠᠳᠭᠠᠵᠤ᠂ ᠥᠷᠭᠡᠨ ᠣᠯᠠᠨ ᠠᠷᠠᠳ ᠤᠨ ᠴᠠᠭᠳᠠᠭ᠎ᠠ ᠶᠢᠨ ᠣᠯᠠᠨ ᠲᠦᠮᠡᠨ ᠳᠤ ᠦᠢᠯᠡᠴᠢᠯᠡᠬᠦ᠂ ᠣᠯᠠᠨ ᠲᠦᠮᠡᠨ ᠢ ᠵᠣᠬᠢᠶᠠᠨ ᠪᠠᠶᠢᠭᠤᠯᠬᠤ᠂ ᠣᠯᠠᠨ ᠲᠦᠮᠡᠨ ᠢ ᠵᠣᠬᠢᠴᠠᠭᠤᠯᠬᠤ ᠴᠢᠳᠠᠪᠤᠷᠢ ᠶᠢ ᠲᠠᠰᠤᠷᠠᠯᠲᠠ ᠤᠢᠭᠡᠢ ᠳᠡᠭᠡᠭᠰᠢᠯᠡᠭᠦᠯᠪᠡ᠃ ᠴᠤᠩᠬᠤᠪᠴᠢ ᠶᠢᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠲᠠᠰᠤᠷᠠᠯᠲᠠ ᠤᠢᠭᠡᠢ ᠳᠡᠭᠡᠭᠰᠢᠯᠡᠭᠦᠯᠵᠦ ᠂ ᠣᠯᠠᠨ ᠲᠦᠮᠡᠨ ᠤ ᠰᠡᠳᠬᠢᠯ ᠬᠠᠨᠤᠮᠵᠢᠲᠠᠶ ᠪᠠᠶᠢᠬᠤ ᠴᠣᠩᠬᠤᠪᠴᠢ ᠶᠢᠨ ᠦᠢᠯᠡᠴᠢᠯᠡᠭᠡᠨ ᠤ ᠰᠢᠨ᠎ᠡ ᠬᠡᠪ ᠪᠠᠶᠢᠳᠠᠯ ᠢ ᠪᠣᠢ ᠪᠣᠯᠭᠠᠪᠠ᠃      8. ᠬᠥᠲᠥᠯᠥᠭᠴᠢ᠄      ᠰᠦᠯᠵᠢᠶᠡᠨ ᠠᠨᠳᠠ ᠨᠠᠷ ᠮᠠᠨ ᠤ ᠬᠤᠲᠠ ᠶᠢᠨ ᠡᠷᠦᠬᠡ ᠠᠮᠠ ᠶᠢᠨ ᠬᠠᠷᠢᠶ᠎ᠠ ᠶᠢᠨ ᠦᠢᠯᠡᠴᠢᠯᠡᠭᠡ ᠶᠢ ᠬᠠᠯᠠᠮᠵᠢᠯᠠᠵᠤ᠂ ᠣᠲᠣ ᠶᠢᠨ ᠬᠡᠷᠡᠭᠵᠢᠭᠦᠯᠵᠦ ᠪᠠᠶᠢᠭ᠎ᠠ ᠡᠷᠦᠬᠡ ᠠᠮᠠ ᠶᠢᠨ ᠬᠠᠷᠢᠶ᠎ᠠ ᠶᠢᠨ ᠲᠥᠷᠥ ᠶᠢᠨ ᠪᠣᠳᠣᠯᠭ᠎ᠠ ᠨᠢ ᠥᠩᠭᠡᠷᠡᠭᠰᠡ ᠡᠷᠦᠬᠡ ᠠᠮᠠ ᠶᠢᠨ ᠬᠠᠷᠢᠶ᠎ᠠ ᠶᠢᠨ ᠲᠥᠷᠥ ᠶᠢᠨ ᠪᠣᠳᠣᠯᠭ᠎ᠠ ᠲᠠᠢ ᠬᠠᠷᠢᠴᠠᠭᠤᠯᠪᠠᠯ ᠮᠠᠰᠢ ᠶᠡᠭᠡ ᠬᠤᠪᠢᠷᠠᠯᠲᠠ ᠭᠠᠷᠴᠠᠢ᠂ ᠠᠷᠠᠳ ᠲᠤ ᠠᠰᠢᠭ ᠲᠤᠰᠠ ᠬᠦᠷᠲᠡᠭᠡᠬᠦ ᠵᠠᠷᠢᠮ ᠠᠷᠭ᠎ᠠ ᠬᠡᠮᠵᠢᠶ᠎ᠡ ᠶᠢ  ᠲᠠᠨᠢᠯᠴᠠᠭᠤᠯᠤᠭᠠᠷᠠᠢ᠃      9. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ᠄      ᠨᠢᠭᠡ ᠳᠤ᠂ ᠬᠤᠲᠠ ᠪᠠᠯᠭᠠᠰᠤ ᠶᠢᠨ ᠡᠷᠦᠬᠡ ᠠᠮᠠ ᠣᠷᠣᠬᠤ ᠬᠢᠵᠠᠭᠠᠷᠯᠠᠯ ᠢ ᠪᠥᠬᠦ ᠲᠠᠯ᠎ᠠ ᠪᠠᠷ ᠴᠢᠯᠥᠭᠡᠲᠡᠶ ᠪᠣᠯᠭᠠᠵᠤ᠂ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠰ ᠤᠨ ᠬᠤᠲᠠ ᠪᠠᠯᠭᠠᠰᠤᠨ ᠳᠤ ᠡᠷᠦᠬᠡ ᠠᠮᠠ ᠣᠷᠣᠬᠤ ᠶᠢ ᠢᠳᠡᠪᠬᠢᠲᠡᠶ ᠵᠣᠷᠢᠭᠵᠢᠭᠤᠯᠤᠨ᠎ᠠ᠃ ᠲᠠᠷᠢᠶᠠᠯᠠᠩ ᠮᠠᠯ ᠠᠵᠤ ᠠᠬᠤᠶ ᠠᠴᠠ ᠰᠢᠯᠵᠢᠭᠰᠡᠨ ᠬᠥᠮᠦᠨ ᠠᠮᠠ ᠰᠠᠭᠤᠭ᠎ᠠ ᠭᠠᠵᠠᠷ ᠪᠤᠶᠤ ᠠᠵᠢᠯ ᠣᠯᠤᠭᠰᠠᠨ ᠭᠠᠵᠠᠷ ᠲᠤ ᠡᠷᠦᠬᠡ ᠠᠮᠠ ᠪᠠᠨ ᠣᠷᠣᠭᠤᠯᠵᠤ ᠪᠣᠯᠤᠨ᠎ᠠ᠂ ᠬᠤᠲᠠ᠂ ᠪᠠᠶᠢᠭᠤᠯᠤᠯᠳᠠᠲᠤ ᠪᠠᠯᠭᠠᠰᠤ ᠳᠤ ᠣᠷᠣᠵᠤ ᠣᠷᠣᠰᠢᠨ ᠰᠠᠭᠤᠵᠤ ᠠᠮᠢᠳᠤᠷᠠᠵᠤ ᠪᠠᠶᠢᠭ᠎ᠠ ᠮᠠᠯᠵᠢᠬᠤ ᠲᠠᠷᠢᠶᠠᠯᠠᠬᠤ ᠣᠷᠣᠨ ᠤ ᠬᠠᠷᠢᠶᠠᠲᠤ ᠬᠥᠮᠦᠰ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ︵ᠲᠦᠷᠢᠶᠡᠰᠦᠯᠡᠭᠰᠡᠨ ᠪᠠᠭᠲᠠᠨ᠎ᠠ︶ ᠶᠢᠨ ᠨᠥᠬᠦᠴᠡᠯ ᠢᠶᠠᠷ ᠬᠤᠲᠠ ᠪᠠᠯᠭᠠᠰᠤ ᠳᠤ ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠂ ᠪᠠᠰᠠ ᠬᠠᠤᠯᠢ ᠶᠣᠰᠣᠨ ᠤ ᠲᠣᠭᠲᠠᠪᠤᠷᠢᠲᠠᠶ ᠠᠵᠢᠯ ᠤᠯᠬᠤ ᠨᠥᠬᠦᠴᠡᠯ ᠢᠶᠠᠷ ᠬᠤᠲᠠ ᠪᠠᠯᠭᠠᠰᠤ ᠳᠤ ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠃ ᠮᠠᠯᠵᠢᠬᠤ ᠲᠠᠷᠢᠶᠠᠯᠠᠬᠤ ᠣᠷᠣᠨ ᠤ ᠡᠷᠦᠬᠡ ᠠᠮᠠ ᠶᠢᠨ ᠬᠠᠷᠢᠶ᠎ᠠ ᠲᠠᠢ ᠬᠥᠮᠦᠰ ᠮᠠᠨ ᠤ ᠬᠤᠲᠠ ᠳᠤ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ ᠲᠠᠢ ᠪᠤᠶᠤ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠤᠭᠰᠠᠨ᠂ ᠲᠣᠰ ᠬᠥᠮᠦᠨ ᠵᠢᠴᠢ ᠲᠡᠭᠦᠨ ᠤ ᠬᠠᠮᠲᠤ ᠣᠷᠣᠰᠢᠨ ᠰᠠᠭᠤᠵᠤ ᠠᠮᠢᠳᠤᠷᠠᠵᠤ ᠪᠠᠶᠢᠭ᠎ᠠ ᠬᠤᠯᠪᠣᠰᠤ᠂ ᠦᠷ᠎ᠡ ᠬᠡᠤᠬᠡᠳ᠂ ᠣᠮᠪᠣᠯᠣ ︵ᠵᠢᠭᠡ ᠣᠮᠪᠣᠯᠣ︶ ᠪᠣᠯᠤᠨ ᠡᠷ᠎ᠡ ᠡᠮ᠎ᠡ ᠬᠤᠶᠠᠷ ᠲᠠᠯ᠎ᠠ ᠶᠢᠨ ᠡᠴᠢᠭᠡ ᠡᠬᠡ ᠨᠢ ᠰᠠᠭᠤᠭ᠎ᠠ ᠭᠠᠵᠠᠷ ᠪᠤᠶᠤ ᠠᠵᠢᠯ ᠣᠯᠤᠭᠰᠠᠨ ᠭᠠᠵᠠᠷ ᠲᠠᠭᠠᠨ ᠪᠠᠶᠢᠩᠭᠤ ᠰᠠᠭᠤᠭ᠎ᠠ ᠡᠷᠦᠬᠡ ᠠᠮᠠ ᠭᠤᠶᠤᠴᠢᠯᠠᠨ ᠳᠠᠩᠰᠠᠯᠠᠭᠤᠯᠵᠤ ᠪᠣᠯᠤᠨ᠎ᠠ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ᠂ ᠣᠷᠣᠰᠢᠨ ᠰᠠᠭᠤᠭᠰᠠᠨ ᠵᠢᠯ ᠬᠤᠭᠤᠴᠠᠭ᠎ᠠ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠥᠬᠡᠶ᠃      ᠬᠤᠶᠠᠷ ᠲᠤ᠂ ︽ᠬᠥᠬᠡᠬᠤᠲᠠ ᠶᠢᠨ ᠴᠢᠳᠠᠪᠤᠷᠢᠲᠠᠨ ᠢ ᠤᠷᠢᠳᠠᠪᠠᠷ ᠬᠥᠭᠵᠢᠭᠦᠯᠬᠦ ᠶᠢ ᠠᠬᠢᠭᠤᠯᠬᠤ  ᠪᠠᠶᠢᠯᠳᠤᠬᠤ ᠪᠣᠳᠣᠯᠭ᠎ᠠ ᠶᠢᠨ ᠠᠷᠭ᠎ᠠ ᠬᠡᠮᠵᠢᠶ᠎ᠡ ᠨᠦᠭᠦᠳ ︵ᠲᠤᠷᠰᠢᠨ ᠬᠡᠷᠡᠭᠵᠢᠭᠦᠯᠬᠦ︶︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠴᠢᠯᠥᠭᠡᠲᠡᠢ ᠪᠣᠯᠭᠠᠵᠤ᠂ ᠴᠢᠳᠠᠪᠤᠷᠢᠲᠠᠨ ᠢ ᠣᠷᠣᠭᠤᠯᠤᠨ ᠠᠪᠴᠢᠷᠠᠬᠤ ᠶᠢ ᠲᠦᠷᠭᠡᠳᠬᠡᠵᠦ᠂ ᠴᠢᠳᠠᠪᠤᠷᠢᠲᠠᠨ ᠢ ᠤᠷᠢᠳᠠᠪᠠᠷ ᠬᠥᠭᠵᠢᠭᠦᠯᠬᠦ ᠪᠠᠶᠢᠯᠳᠤᠬᠤ ᠪᠣᠳᠣᠯᠭ᠎ᠠ ᠶᠢ ᠬᠡᠷᠡᠭᠵᠢᠭᠦᠯᠵᠦ᠂ ᠪᠦᠬᠦᠯᠢ ᠡᠳᠦᠷ ᠤᠨ ᠳᠦᠷᠢᠮᠲᠦ ᠶᠡᠭᠡ ᠳᠤᠮᠳᠠ ᠵᠡᠷᠭᠡ ᠶᠢᠨ ᠲᠤᠰᠬᠠᠢ ᠮᠡᠷᠭᠡᠵᠢᠯ ᠠᠴᠠ ᠳᠡᠭᠡᠭᠰᠢ ᠰᠤᠷᠤᠯᠭ᠎ᠠ ᠶᠢᠨ ᠨᠠᠮᠲᠠᠷ ᠲᠠᠢ᠂ ᠲᠤᠰᠬᠠᠢ ᠮᠡᠷᠭᠡᠵᠢᠯ ᠤᠨ ᠴᠢᠳᠠᠪᠤᠷᠢᠲᠠᠨ᠂ ᠮᠠᠨ ᠤ ᠬᠤᠲᠠ ᠳᠤ ᠲᠣᠪᠣᠶᠢᠮ᠎ᠠ ᠬᠤᠪᠢ ᠨᠡᠮᠡᠷᠢ ᠦᠵᠡᠭᠦᠯᠦᠭᠰᠡᠨ ᠪᠠ ᠮᠠᠨ ᠤ ᠬᠤᠲᠠ ᠳᠤ ᠦᠨᠡᠨᠬᠦ ᠬᠡᠷᠡᠭᠴᠡᠭᠡ ᠲᠠᠢ ᠴᠢᠳᠠᠪᠤᠷᠢᠲᠠᠨ ᠳᠤ ︽ᠨᠥᠬᠦᠴᠡᠯ ᠦᠭᠡᠢ ︾ ᠡᠷᠦᠬᠡ ᠠᠮᠠ ᠣᠷᠣᠭᠤᠯᠬᠤ ᠶᠢ ᠬᠡᠷᠡᠭᠵᠢᠭᠦᠯᠦᠨ᠎ᠡ᠃ ᠲᠠᠷᠢᠶᠠᠯᠠᠬᠤ ᠮᠠᠯᠵᠢᠬᠤ ᠣᠷᠣᠨ ᠤ ᠰᠤᠷᠤᠭᠴᠢᠳ ᠤᠨ ᠰᠤᠷᠭᠠᠭᠤᠯᠢ ᠳᠡᠪᠰᠢᠬᠦ ᠪᠠ ᠴᠡᠷᠢᠭ ᠲᠤ ᠣᠷᠣᠵᠤ ᠬᠤᠲᠠ ᠪᠠᠯᠭᠠᠰᠤ ᠳᠤ ᠣᠷᠣᠬᠤ ᠬᠥᠮᠦᠨ ᠠᠮᠠ ᠶᠢᠨ ᠡᠷᠦᠬᠡ ᠠᠮᠠ ᠣᠷᠣᠬᠤ ᠬᠢᠵᠠᠭᠠᠷᠯᠠᠯ ᠢ ᠪᠦᠬᠦ ᠲᠠᠯ᠎ᠠ ᠪᠠᠷ ᠴᠢᠯᠥᠭᠡᠲᠡᠶ ᠪᠣᠯᠭᠠᠪᠠ᠃ ᠲᠠᠷᠢᠶᠠᠯᠠᠬᠤ ᠮᠠᠯᠵᠢᠬᠤ ᠣᠷᠣᠨ ᠤ ᠥᠪᠡᠷᠲᠡᠭᠡᠨ ᠵᠠᠰᠠᠬᠤ ᠣᠷᠣᠨ ᠤ ᠳᠣᠲᠣᠷᠠᠬᠢ ᠶᠡᠭᠡ ᠳᠡᠭᠡᠳᠦ ᠰᠤᠷᠭᠠᠭᠤᠯᠢ ᠳᠤᠮᠳᠠ ᠵᠡᠷᠭᠡ ᠶᠢᠨ ᠲᠤᠰᠬᠠᠶ ᠮᠡᠷᠭᠡᠵᠢᠯ ᠤᠨ ᠰᠤᠷᠭᠠᠭᠤᠯᠢ ᠳᠤ ᠰᠢᠯᠭᠠᠨ ᠣᠷᠣᠵᠤ ᠰᠤᠷᠤᠯᠴᠠᠵᠤ ᠪᠠᠶᠢᠭ᠎ᠠ ᠰᠤᠷᠤᠭᠴᠢ ᠨᠢ ᠲᠤᠰ ᠬᠥᠮᠦᠨ ᠤ ᠬᠦᠰᠡᠯ ᠰᠠᠨᠠᠭ᠎ᠠ ᠶᠣᠰᠣᠭᠠᠷ ᠰᠤᠷᠭᠠᠭᠤᠯᠢ ᠳᠤ ᠣᠷᠣᠬᠤ ᠦᠶ᠎ᠡ ᠪᠤᠶᠤ ᠰᠤᠷᠤᠯᠴᠠᠵᠤ ᠪᠠᠶᠢᠭ᠎ᠠ ᠬᠤᠭᠤᠴᠠᠭᠠᠨ ᠳᠠᠭᠠᠨ ᠡᠷᠦᠬᠡ ᠠᠮᠠ ᠪᠠᠨ ᠰᠤᠷᠭᠠᠭᠤᠯᠢ ᠳᠤ ᠰᠤᠷᠤᠯᠴᠠᠵᠤ ᠪᠠᠶᠢᠭ᠎ᠠ ᠳᠡᠭᠡᠳᠦ ᠰᠤᠷᠭᠠᠭᠤᠯᠢ ᠶᠢᠨ ᠬᠠᠮᠲᠤ ᠶᠢᠨ ᠡᠷᠦᠬᠡ ᠠᠮᠠ ᠳᠤ ᠰᠢᠯᠵᠢᠭᠦᠯᠦᠨ ᠣᠷᠣᠭᠤᠯᠵᠤ ᠪᠣᠯᠤᠨ᠎ᠠ᠃ ᠲᠡᠭᠦᠰᠦᠭᠰᠡᠨ ᠤ ᠳᠠᠷᠠᠭ᠎ᠠ ᠪᠣᠳᠠᠲᠤ ᠪᠠᠶᠢᠳᠠᠯ ᠢᠶᠠᠨ ᠦᠨᠳᠦᠰᠦᠯᠡᠨ᠂ ᠡᠷᠦᠬᠡ ᠠᠮᠠ ᠪᠠᠨ ᠪᠠᠶᠢᠩᠭᠤ ᠰᠠᠭᠤᠭ᠎ᠠ ᠭᠠᠵᠠᠷ᠂ ︵ᠠᠳᠠᠯ ᠦᠢᠯᠡᠰ ᠴᠣᠭᠴᠠᠯᠠᠬᠤ︶ ᠠᠵᠢᠯ ᠤᠨ ᠭᠠᠵᠠᠷ ᠪᠤᠶᠤ ᠰᠤᠷᠭᠠᠭᠤᠯᠢ ᠳᠤ ᠣᠷᠣᠬᠤ ᠠᠴᠠ ᠡᠮᠦᠨᠡᠬᠢ ᠡᠷᠦᠬᠡ ᠠᠮᠠ ᠶᠢᠨ ᠲᠠᠩᠰᠠ ᠪᠠᠶᠢᠭᠰᠠᠨ ᠭᠠᠵᠠᠷ ᠲᠤ ᠰᠢᠯᠵᠢᠭᠦᠯᠦᠨ ᠣᠷᠣᠭᠤᠯᠵᠤ ᠪᠣᠯᠤᠨ᠎ᠠ᠃ ᠴᠡᠷᠢᠭ ᠠᠩᠭᠢ ᠶᠢᠨ ᠵᠢᠩᠬᠢᠨᠢ ᠠᠯᠪᠠᠨ ᠠᠴᠠ ᠪᠠᠭᠤᠭᠰᠠᠨ ᠮᠠᠯᠵᠢᠬᠤ ᠲᠠᠷᠢᠶᠠᠯᠠᠬᠤ ᠣᠷᠣᠨ ᠤ ᠬᠠᠷᠢᠶ᠎ᠠ ᠲᠠᠢ ᠠᠯᠪᠠᠨ ᠵᠢᠷᠤᠮ ᠤᠨ ᠴᠡᠷᠢᠭ ᠪᠠ ᠪᠠᠭ᠎ᠠ ᠣᠹᠢᠼᠧᠷ ᠲᠣᠰ ᠬᠥᠮᠦᠨ ᠤ ᠬᠦᠰᠡᠯ ᠡᠷᠡᠮᠡᠯᠵᠡᠯ ᠶᠣᠰᠣᠭᠠᠷ᠂ ᠪᠠᠶᠢᠩᠭᠤ ᠰᠠᠭᠤᠭ᠎ᠠ ᠭᠠᠵᠠᠷ ᠤᠨ ᠡᠷᠦᠬᠡ ᠠᠮᠠ ᠳᠠᠩᠰᠠᠯᠠᠬᠤ ᠵᠠᠷᠴᠢᠮ ᠶᠣᠰᠣᠭᠠᠷ᠂ ᠣᠳᠣ ᠶᠢᠨ ᠪᠣᠳᠠᠲᠠᠶ ᠰᠠᠭᠤᠭ᠎ᠠ ᠭᠠᠵᠠᠷ ᠲᠠᠭᠠᠨ ᠡᠷᠦᠬᠡ ᠠᠮᠠ ᠰᠢᠯᠵᠢᠭᠦᠯᠬᠦ ᠪᠠᠷ ᠭᠤᠶᠤᠴᠢᠯᠠᠵᠤ ᠪᠣᠯᠤᠨ᠎ᠠ᠂ ᠬᠠᠤᠯᠢ ᠶᠣᠰᠣᠨ ᠤ ᠲᠣᠭᠲᠠᠪᠤᠷᠢᠲᠠᠶ ᠣᠷᠣᠨ ᠰᠠᠭᠤᠴᠠ᠂ ᠬᠠᠤᠯᠢ ᠶᠣᠰᠣᠨ ᠤ ᠲᠣᠭᠲᠠᠪᠤᠷᠢᠲᠠᠶ ᠠᠵᠢᠯ ᠣᠯᠬᠤ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠳᠤ ᠣᠷᠣᠯᠴᠠᠬᠤ᠂ ᠣᠷᠣᠰᠢᠨ ᠰᠠᠭᠤᠭᠰᠠᠨ ᠣᠨ ᠵᠢᠯ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠥᠬᠡᠶ᠃      ᠭᠤᠷᠪᠠ ᠳᠤ᠂ ᠬᠤᠲᠠ ᠪᠠᠯᠭᠠᠰᠤ ᠶᠢᠨ ᠰᠢᠭᠤᠳ ᠴᠢᠰᠤᠨ ᠲᠥᠷᠥᠯ ᠤᠨ ᠲᠦᠰᠢᠭ ᠲᠤᠯᠭᠠᠭᠤᠷᠢ ᠪᠣᠯᠬᠤ ᠬᠦᠷᠢᠶ᠎ᠡ ᠬᠡᠪᠴᠢᠶ᠎ᠡ ᠶᠢ ᠪᠥᠬᠦ ᠲᠠᠯ᠎ᠠ ᠪᠠᠷ ᠠᠭᠤᠵᠢᠭᠤ ᠲᠠᠯᠪᠢᠵᠤ᠂ ᠤᠤᠯ ᠤᠨ ᠬᠤᠶᠠᠷ ᠦᠶ᠎ᠡ ᠠᠴᠠ ᠪᠠᠨ ᠭᠤᠷᠪᠠᠨ ᠦᠶ᠎ᠡ ᠪᠣᠯᠲᠠᠯ᠎ᠠ ᠥᠷᠭᠡᠳᠬᠡᠵᠦ᠂ ᠲᠡᠭᠦᠨ ᠤ ᠬᠠᠮᠲᠤ ᠣᠷᠣᠰᠢᠨ ᠰᠠᠭᠤᠵᠤ ᠠᠮᠢᠳᠤᠷᠠᠵᠤ ᠪᠠᠶᠢᠭ᠎ᠠ ᠬᠤᠯᠪᠣᠰᠤ᠂ ᠦᠷ᠎ᠡ ᠬᠡᠤᠬᠡᠳ᠂ ᠣᠮᠪᠣᠯᠣ ᠬᠦᠤ ᠥᠬᠢᠨ ︵ᠵᠢᠭᠡ ᠣᠮᠪᠣᠯᠣ ᠬᠦᠤ ᠥᠬᠢᠨ︶ ᠪᠠ ᠡᠷ᠎ᠡ ᠡᠮ᠎ᠡ ᠬᠤᠶᠠᠷ ᠲᠠᠯ᠎ᠠ ᠶᠢᠨ ᠡᠴᠢᠭᠡ ᠡᠬᠡ ᠨᠢ ᠲᠦᠰᠢᠭ ᠪᠣᠯᠵᠤ ᠡᠷᠦᠬᠡ ᠠᠮᠠ ᠣᠷᠣᠭᠤᠯᠬᠤ ᠪᠠᠷ ᠭᠤᠶᠤᠴᠢᠯᠠᠵᠤ ᠪᠣᠯᠤᠨ᠎ᠠ᠂ ᠲᠦᠰᠢᠭ ᠲᠤᠯᠭᠠᠭᠤᠷᠢ ᠪᠣᠯᠬᠤ ᠬᠥᠮᠦᠨ ᠤ ᠨᠠᠰᠤ᠂ ᠤᠷᠤᠭᠯᠠᠭᠰᠠᠨ ᠡᠰᠡᠬᠦ᠂ ᠬᠤᠲᠠ ᠪᠠᠯᠭᠠᠰᠤ ᠶᠢᠨ ᠨᠡᠶᠢᠭᠡᠮ ᠤᠨ ᠳᠠᠭᠠᠳᠬᠠᠯ ᠪᠠ ᠣᠷᠣᠨ ᠰᠠᠭᠤᠴᠠ ᠶᠢᠨ ᠲᠠᠯᠠᠪᠠᠶ ᠵᠡᠷᠭᠡ ᠪᠤᠰᠤᠳ ᠨᠥᠬᠦᠴᠡᠯ ᠳᠤ ᠬᠢᠵᠠᠭᠠᠷᠯᠠᠭᠳᠠᠬᠤ ᠥᠬᠡᠶ᠃      ᠳᠥᠷᠪᠡ ᠳᠤ᠂ ᠬᠡᠷ ᠪᠠᠶᠢᠰᠢᠩ ᠬᠤᠳᠠᠯᠳᠤᠨ ᠠᠪᠴᠤ ᠡᠷᠦᠬᠡ ᠠᠮᠠ ᠣᠷᠣᠭᠤᠯᠬᠤ ᠨᠥᠬᠦᠴᠡᠯ ᠢ ᠠᠭᠤᠵᠢᠭᠤ ᠪᠣᠯᠭᠠᠵᠤ᠂ ᠲᠣᠰ ᠬᠤᠲᠠ ᠠᠴᠠ ᠬᠤᠳᠠᠯᠳᠤᠨ ᠠᠪᠤᠭᠰᠠᠨ ᠥᠮᠴᠢᠯᠡᠬᠦ ᠡᠷᠬᠡ ᠶᠢᠨ ᠲᠠᠸᠠᠷ ᠤᠨ ᠬᠡᠷ ᠪᠠᠶᠢᠰᠢᠩ᠂ ᠨᠡᠶᠢᠲᠡ ᠶᠢᠨ ᠪᠠᠶᠢᠷᠢ᠂ ᠰᠦᠯᠵᠢᠶᠡᠨ ᠳᠡᠭᠡᠷ᠎ᠡ ᠭᠡᠷ᠎ᠡ ᠲᠣᠭᠲᠠᠭᠰᠠᠨ ᠬᠡᠷ ᠪᠠᠶᠢᠰᠢᠩ᠂ ᠭᠠᠷ ᠳᠠᠮᠵᠢᠭᠰᠠᠨ ᠬᠡᠷ ᠪᠠᠶᠢᠰᠢᠩ᠂ ᠬᠢᠮᠳᠠ ᠲᠣᠬᠢᠯᠢᠭ ᠬᠡᠷ ᠪᠠᠶᠢᠰᠢᠩ᠂ ᠪᠤᠴᠠᠭᠠᠨ ᠨᠡᠭᠦᠯᠭᠡᠬᠦ ᠬᠡᠷ ᠪᠠᠶᠢᠰᠢᠩ ᠵᠢᠴᠢ ᠪᠣᠳᠠᠲᠠᠶ ᠰᠠᠭᠤᠵᠤ ᠪᠠᠶᠢᠭ᠎ᠠ ᠥᠮᠴᠢᠯᠡᠬᠦ ᠡᠷᠬᠡᠲᠦ ᠬᠥᠮᠦᠨ ᠵᠢᠴᠢ ᠲᠡᠭᠦᠨ ᠤ ᠬᠠᠮᠲᠤ ᠰᠠᠭᠤᠵᠤ ᠪᠠᠶᠢᠭ᠎ᠠ ᠲᠥᠷᠥᠯ ᠰᠠᠳᠤᠨ ᠪᠦᠬᠦᠨ ᠨᠢ ᠰᠢᠭᠤᠳ ᠡᠷᠦᠬᠡ ᠠᠮᠠ ᠣᠷᠣᠭᠤᠯᠵᠤ ᠪᠣᠯᠤᠨ᠎ᠠ᠂ ᠬᠡᠷ ᠪᠠᠶᠢᠰᠢᠩ ᠤᠨ ᠥᠮᠴᠢᠯᠡᠬᠦ ᠡᠷᠬᠡ ᠶᠢᠨ ᠦᠨᠡᠮᠯᠡᠯ ᠣᠯᠤᠭᠰᠠᠨ ᠥᠬᠡᠶ ᠣᠷᠣᠨ ᠰᠠᠭᠤᠴᠠ ᠶᠢᠨ ᠰᠠᠭᠤᠭᠠᠯᠢ ᠠᠷᠠᠳ ᠣᠷᠣᠰᠢᠨ ᠰᠠᠭᠤᠬᠤ ᠦᠨᠡᠮᠯᠡᠯ ᠢᠶᠠᠨ ᠠᠪᠤᠭᠰᠠᠨ ᠤ ᠳᠠᠷᠠᠭ᠎ᠠ ᠭᠡᠷ ᠬᠤᠳᠠᠯᠳᠤᠨ ᠠᠪᠬᠤ ᠬᠡᠯᠡᠯᠴᠡᠭᠡᠷ᠂ ᠵᠣᠭᠤᠰ ᠲᠤᠰᠢᠶᠠᠭᠰᠠᠨ ᠭᠡᠷᠡᠴᠢ ᠪᠠᠷᠢᠮᠲᠠ ᠪᠠ ᠪᠣᠳᠠᠲᠠᠶ ᠰᠠᠭᠤᠵᠤ ᠪᠠᠶᠢᠭ᠎ᠠ ᠨᠢ ᠴᠥᠮ ᠡᠷᠦᠬᠡ ᠠᠮᠠ ᠣᠷᠣᠭᠤᠯᠬᠤ ᠪᠥᠭᠡᠳ ᠰᠢᠭᠤᠳ ᠲᠥᠷᠥᠯ ᠰᠠᠳᠤᠨ ᠢᠶᠠᠨ ᠠᠪᠴᠤ ᠶᠠᠪᠤᠵᠤ ᠪᠣᠯᠤᠨ᠎ᠠ᠃ ᠣᠯᠠᠨ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠨᠢ ᠬᠡᠷ ᠪᠠᠶᠢᠰᠢᠩ ᠤᠨ ᠬᠠᠮᠢᠶᠠᠷᠤᠯᠲᠠ ᠶᠢᠨ ᠲᠣᠪᠴᠢᠶ᠎ᠠ ᠶᠢᠨ ︽ᠣᠯᠠᠨ ᠨᠡᠶᠢᠲᠡ ᠶᠢᠨ ᠲᠦᠷᠢᠶᠡᠰᠦᠨ ᠬᠡᠷ ᠪᠠᠶᠢᠰᠢᠩ ᠤᠨ ᠳᠠᠭᠠᠭᠠᠴᠢᠯᠠᠨ ᠲᠦᠷᠢᠶᠡᠰᠦᠯᠡᠬᠦ ᠭᠡᠷ᠎ᠡ︾ ᠶᠢᠨ ᠬᠢᠮᠳᠠ ᠲᠦᠷᠢᠶᠡᠰᠦᠨ ᠬᠡᠷ ᠪᠠᠶᠢᠰᠢᠩ ᠨᠢ ᠬᠡᠷ ᠪᠠᠶᠢᠰᠢᠩ ᠤᠨ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ︽ᠬᠡᠷ ᠪᠠᠶᠢᠰᠢᠩ ᠲᠦᠷᠢᠶᠡᠰᠦᠯᠡᠭᠰᠡᠨ ᠳᠡᠩᠰᠡᠯᠡᠯᠲᠡ ᠶᠢᠨ ᠭᠡᠷᠡᠴᠢ︾ ᠪᠠᠷ ᠦᠨᠳᠦᠰᠦ ᠪᠠᠷᠢᠮᠲᠠ ᠪᠣᠯᠭᠠᠵᠤ ᠴᠥᠮ ᠰᠢᠭᠤᠳ ᠲᠣᠮᠢᠯᠠᠭᠰᠠᠨ ᠰᠠᠯᠪᠤᠷᠢ ᠳᠤ ᠬᠦᠷᠴᠦ ᠡᠷᠦᠬᠡ ᠠᠮᠠ ᠣᠷᠣᠭᠤᠯᠵᠤ ᠪᠣᠯᠤᠨ᠎ᠠ᠃      ᠲᠠᠪᠤ ᠳᠤ᠂ ᠪᠡᠶ᠎ᠡ ᠶᠢᠨ ᠦᠨᠡᠮᠯᠡᠯ ᠭᠦᠢᠴᠡᠳᠬᠡᠬᠦ ᠲᠤᠬᠠᠶᠢᠯᠠᠭᠰᠠᠨ ᠠᠵᠢᠯ᠃ ᠪᠡᠶ᠎ᠡ ᠶᠢᠨ ᠦᠨᠡᠮᠯᠡᠯ ᠭᠦᠢᠴᠡᠳᠬᠡᠬᠦ ᠲᠠᠰ ᠳᠠᠷᠠᠭᠠᠯᠠᠯ ᠢ ᠪᠥᠬᠦ ᠲᠠᠯ᠎ᠠ ᠪᠠᠷ ᠳᠥᠭᠦᠮᠴᠢᠯᠡᠵᠦ᠂ ᠲᠣᠰ ᠭᠠᠵᠠᠷ ᠤᠨ ᠰᠠᠭᠤᠭᠠᠯᠢ ᠠᠷᠠᠳ ᠪᠣᠯᠤᠨ ᠣᠨᠳᠣᠤ ᠭᠠᠵᠠᠷ ᠲᠤ ᠪᠡᠶ᠎ᠡ ᠶᠢᠨ ᠦᠨᠡᠮᠯᠡᠯ ᠭᠦᠢᠴᠡᠳᠬᠡᠬᠦ ᠰᠠᠭᠤᠭᠠᠯᠢ ᠠᠷᠠᠳ ᠴᠥᠮ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠭᠦᠢᠴᠡᠳᠬᠡᠵᠦ ᠪᠣᠯᠤᠨ᠎ᠠ᠃ ᠰᠠᠭᠤᠭᠠᠯᠢ ᠠᠷᠠᠳ ᠤᠨ ᠲᠦᠷ ᠴᠠᠭ ᠤᠨ ᠪᠡᠶ᠎ᠡ ᠶᠢᠨ ᠦᠨᠡᠮᠯᠡᠯ ᠢ ᠭᠦᠢᠴᠡᠳᠬᠡᠬᠦ ᠳᠤ᠂ ᠤᠤᠯ ᠤᠨ 3 ᠠᠵᠢᠯᠯᠠᠬᠤ ᠡᠳᠦᠷ ᠠᠴᠠ ᠪᠣᠭᠤᠨᠢᠰᠬᠠᠭᠠᠳ ᠲᠡᠷᠡ ᠳᠠᠷᠤᠶ ᠳᠤᠨᠢ ᠭᠦᠢᠴᠡᠳᠬᠡᠪᠡᠯ ᠲᠡᠷᠡ ᠳᠠᠷᠤᠶ ᠳᠤᠨᠢ ᠠᠪᠴᠤ ᠪᠣᠯᠤᠨ᠎ᠠ᠃ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠬᠡᠬᠦ ᠶᠠᠪᠤᠳᠠᠯ ᠢ ᠬᠠᠤᠯᠢ ᠪᠠᠷ ᠲᠣᠭᠲᠠᠭᠠᠭᠰᠠᠨ 60 ᠡᠳᠦᠷ᠂ ᠪᠤᠶᠢᠳᠠ ᠪᠥᠭᠯᠡᠭᠦᠤ ᠭᠠᠵᠠᠷ ᠣᠷᠣᠨ ᠤ 90 ᠡᠳᠦᠷ ᠢ ᠨᠢᠭᠡᠳᠦᠯᠲᠡᠶ 25 ᠡᠳᠦᠷ ᠪᠣᠯᠭᠠᠨ ᠪᠣᠭᠤᠨᠢᠰᠬᠠᠵᠤ᠂ ᠪᠣᠳᠠᠲᠠᠢ ᠠᠵᠢᠯ ᠤᠨ ᠳᠤᠮᠳᠠ ᠪᠢᠳᠡ ᠡᠩ ᠤᠨ ᠪᠠᠶᠢᠳᠠᠯ ᠳᠤ 2 ᠭᠠᠷᠠᠭ ᠤᠨ ᠳᠣᠲᠣᠷ᠎ᠠ ᠭᠦᠢᠴᠡᠳᠬᠡᠨ ᠳᠠᠭᠤᠰᠬᠠᠵᠤ᠂ ᠣᠷᠣᠰᠢᠨ ᠰᠠᠭᠤᠬᠤ ᠦᠨᠡᠮᠯᠡᠯ ᠢ ᠭᠥᠯᠢᠶᠡᠨ ᠠᠪᠴᠤ ᠰᠢᠢᠳᠪᠦᠷᠢᠯᠡᠭᠰᠡᠨ ᠤ ᠳᠠᠷᠠᠭ᠎ᠠ 5 ᠡᠳᠦᠷ ᠤᠨ ᠦᠨᠡᠮᠯᠡᠯ ᠬᠢᠵᠦ ᠭᠡᠷᠡᠴᠢ ᠭᠠᠷᠭᠠᠨ᠎ᠠ᠃ ᠡᠭᠦᠨ ᠤ ᠬᠠᠮᠲᠤ ᠲᠦᠷᠭᠡᠨ ᠦᠨᠡᠮᠯᠡᠯ ᠲᠦᠷᠭᠡᠨ ᠬᠦᠷᠭᠡᠬᠦ ᠦᠢᠯᠡᠴᠢᠯᠡᠭᠡ ᠶᠢ ᠨᠡᠮᠡᠭᠳᠡᠭᠦᠯᠵᠦ᠂ ᠪᠡᠶ᠎ᠡ ᠶᠢᠨ ᠦᠨᠡᠮᠯᠡᠯ᠂ ᠣᠷᠣᠰᠢᠨ ᠰᠠᠭᠤᠬᠤ ᠦᠨᠡᠮᠯᠡᠯ ᠢᠶᠠᠨ ᠣᠯᠠᠨ ᠲᠦᠮᠡᠨ ᠳᠤ ᠬᠡᠷᠡᠭᠴᠡᠭᠡ ᠲᠠᠢ ᠭᠠᠵᠠᠷ ᠲᠤ ᠰᠢᠭᠤᠳ ᠰᠢᠤᠳᠠᠨ ᠢᠶᠠᠷ ᠢᠯᠡᠭᠡᠵᠦ ᠥᠭᠭᠦᠨ᠎ᠡ᠃ ᠡᠭᠦᠨ ᠤ ᠬᠠᠮᠲᠤ ᠪᠠᠰᠠ ᠪᠡᠶ᠎ᠡ ᠶᠢᠨ ᠦᠨᠡᠮᠯᠡᠯ ᠠᠪᠴᠤ ᠠᠷᠠᠳ ᠲᠤ ᠲᠥᠬᠦᠮ ᠦᠵᠡᠭᠦᠯᠬᠦ ᠭᠤᠷᠪᠠᠨ ᠶᠡᠭᠡ ᠦᠢᠯᠡᠴᠢᠯᠡᠭᠡ ᠬᠢᠨ᠎ᠠ᠄ 1. ︽ᠢᠯᠡᠭᠦᠤ ᠰᠡᠭᠦᠳᠡᠷᠯᠡᠵᠦ ᠰᠢᠯᠢᠳᠡᠭ ᠢ ᠨᠢ ᠰᠣᠩᠭᠤᠬᠤ︾᠂ ᠣᠯᠠᠨ ᠲᠦᠮᠡᠨ ᠪᠡᠶ᠎ᠡ ᠶᠢᠨ ᠦᠨᠡᠮᠯᠡᠯ ᠭᠦᠢᠴᠡᠳᠬᠡᠬᠦ ᠳᠡᠭᠡᠨ᠂ ᠬᠡᠷᠡᠯ ᠵᠢᠷᠤᠭ ᠴᠤᠭᠯᠠᠭᠤᠯᠬᠤ ᠳᠤ ᠬᠠᠨᠤᠮᠵᠢ ᠥᠬᠡᠶ ᠪᠠᠶᠢᠳᠠᠯ ᠳᠣᠤᠷ᠎ᠠ᠂ ᠳᠠᠬᠢᠨ ᠬᠡᠷᠡᠯ ᠵᠢᠷᠤᠭ ᠴᠤᠭᠯᠠᠭᠤᠯᠬᠤ ᠪᠠᠷ ᠭᠤᠶᠤᠴᠢᠯᠠᠵᠤ ᠪᠣᠯᠤᠨ᠎ᠠ᠂ ᠬᠠᠮᠤᠭ ᠣᠯᠠᠨ ᠳᠠᠭᠠᠨ ᠭᠤᠷᠪᠠ ᠤᠳᠠᠭ᠎ᠠ ᠴᠤᠭᠯᠠᠭᠤᠯᠵᠤ ᠪᠣᠯᠤᠨ᠎ᠠ︔ 2. ᠪᠡᠶ᠎ᠡ ᠶᠢᠨ ᠦᠨᠡᠮᠯᠡᠯ ᠢᠶᠠᠨ ᠭᠡᠭᠡᠭᠰᠡᠨ ᠢᠶᠠᠨ ᠮᠡᠳᠡᠭᠦᠯᠬᠦ᠂ ᠭᠡᠭᠡᠭᠰᠡᠨ ᠢᠶᠠᠨ ᠮᠡᠳᠡᠭᠦᠯᠵᠦ ᠲᠠᠨᠢᠭᠤᠯᠬᠤ ᠦᠢᠯᠡᠴᠢᠯᠡᠭᠡ  ᠶᠢ ᠨᠡᠪᠲᠡᠷᠡᠭᠦᠯᠪᠡᠯ᠂ ᠣᠯᠠᠨ ᠲᠦᠮᠡᠨ ᠣᠶᠢᠷ᠎ᠠ ᠬᠠᠪᠢ ᠶᠢᠨ ᠲᠣᠮᠢᠯᠠᠭᠰᠠᠨ ᠰᠠᠯᠪᠤᠷᠢ ᠳᠤ ᠬᠦᠷᠴᠦ ᠰᠢᠭᠤᠳ  ᠭᠦᠢᠴᠡᠳᠬᠡᠵᠦ ᠪᠣᠯᠤᠨ᠎ᠠ︔ 3. ᠲᠠᠷᠠᠭᠠᠴᠢ ᠶᠢᠨ ᠠᠯᠬᠤᠮ ᠳᠤ ᠪᠢᠳᠡ ᠪᠠᠰᠠ ᠡᠵᠡᠩᠨᠡᠯᠲᠡ ᠶᠢᠨ ᠬᠤᠳᠠᠯᠳᠤᠭᠠᠴᠢᠨ ᠲᠠᠢ ᠬᠠᠷᠢᠯᠴᠠᠵᠤ ᠲᠣᠰ ᠭᠠᠵᠠᠷ ᠤᠨ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠢ ᠰᠠᠨᠠᠭᠤᠯᠬᠤ ᠦᠢᠯᠡᠴᠢᠯᠡᠭᠡ ᠶᠢ ᠨᠡᠭᠡᠭᠡᠵᠦ᠂ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠲᠤᠯᠬᠤ ᠠᠴᠠ 2 ᠰᠠᠷ᠎ᠠ ᠶᠢᠨ ᠡᠮᠦᠨ᠎ᠡ᠂ ᠣᠬᠤᠷ ᠴᠢᠮᠡᠭᠡ ᠪᠠᠷ ᠰᠠᠨᠠᠭᠤᠯᠬᠤ ᠠᠷᠭ᠎ᠠ ᠮᠠᠶ᠋ᠢᠭ ᠢᠶᠠᠷ ᠣᠯᠠᠨ ᠲᠦᠮᠡᠨ ᠳᠤ ᠦᠨᠡᠮᠯᠡᠯ ᠰᠣᠯᠢᠬᠤ ᠶᠢ ᠮᠡᠳᠡᠭᠳᠡᠵᠦ᠂ ᠪᠡᠶ᠎ᠡ ᠶᠢᠨ ᠦᠨᠡᠮᠯᠡᠯ ᠤᠨ ᠬᠤᠭᠤᠴᠠᠭ᠎ᠠ ᠨᠢ ᠲᠤᠯᠤᠭᠰᠠᠨ ᠠᠴᠠ ᠪᠣᠯᠵᠣ ᠣᠯᠠᠨ ᠲᠦᠮᠡᠨ ᠤ ᠬᠡᠪ ᠤᠨ ᠠᠮᠢᠳᠤᠷᠠᠯ ᠢ ᠨᠥᠯᠥᠭᠡᠯᠡᠬᠦ ᠠᠴᠠ ᠵᠠᠶᠢᠯᠠᠰᠬᠢᠨ᠎ᠡ᠃      10. ᠬᠥᠲᠥᠯᠥᠭᠴᠢ      ᠪᠢᠳᠡ ᠬᠤᠪᠢᠶᠠᠷᠢ ᠲᠣᠪᠴᠢᠶ᠎ᠠ ᠶᠢᠨ ᠡᠷᠦᠬᠡ ᠠᠮᠠ ᠶᠢᠨ ᠲᠠᠩᠰᠠ ᠶᠢᠨ ᠬᠠᠮᠢᠶᠠᠷᠤᠯᠲᠠ ᠶᠢᠨ ᠪᠠᠭᠤᠯᠭᠠᠬᠤ ᠬᠠᠮᠢᠶᠠᠷᠬᠤ ᠦᠢᠯᠡᠴᠢᠯᠡᠬᠦ ᠠᠵᠢᠯ ᠤᠨ ᠳᠤᠮᠳᠠ ᠶᠡᠭᠡ ᠬᠡᠮᠵᠢᠶᠡᠨ ᠤ ᠠᠵᠢᠯ ᠬᠢᠭᠰᠡᠨ ᠢ ᠣᠶᠢᠯᠠᠭᠠᠭᠰᠠᠨ ᠪᠣᠯᠪᠠᠴᠤ ᠮᠢᠨᠦ ᠪᠤᠳᠤᠬᠤ ᠪᠠᠷ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠶᠠᠮᠠᠷ ᠶᠠᠮᠠᠷ ᠪᠣᠳᠠᠲᠠᠶ ᠠᠷᠭ᠎ᠠ ᠬᠡᠮᠵᠢᠶ᠎ᠡ ᠢᠯᠡᠷᠡᠵᠦ ᠪᠠᠶᠢᠬᠤ ᠪᠣᠶ︖      11. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ      ᠨᠢᠭᠡ ᠳᠤ᠂ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ︽ᠤᠶᠢᠷ᠎ᠠ ᠬᠠᠪᠢ ᠳᠤᠨᠢ ᠭᠦᠢᠴᠡᠳᠬᠡᠬᠦ︾ ᠶᠢ ᠪᠡᠶᠡᠯᠡᠭᠦᠯᠦᠨ᠎ᠡ᠃ ᠣᠯᠠᠨ ᠲᠦᠮᠡᠨ ᠤ ᠪᠣᠳᠠᠲᠤ ᠪᠠᠶᠢᠳᠠᠯ ᠠᠴᠠ ᠡᠭᠦᠰᠴᠦ᠂ ᠲᠣᠮᠢᠯᠠᠭᠰᠠᠨ ᠰᠠᠯᠪᠤᠷᠢ ᠪᠠᠷ ᠲᠥᠪ ᠪᠣᠯᠭᠠᠭᠰᠠᠨ ᠦᠨᠳᠦᠰᠦᠨ ᠱᠠᠲᠤᠨ ᠤ ᠶᠡᠷᠦᠩᠬᠡᠶᠢᠯᠡᠭᠰᠡᠨ ᠬᠡᠷᠡᠭ ᠡᠷᠬᠢᠯᠡᠬᠦ ᠴᠣᠩᠬᠤᠪᠴᠢ ᠶᠢ ᠪᠦᠬᠦ ᠲᠠᠯ᠎ᠠ ᠪᠠᠷ ᠪᠠᠶᠢᠭᠤᠯᠵᠤ᠂ ︽ᠲᠣᠮᠢᠯᠠᠭᠰᠠᠨ ᠰᠠᠯᠪᠤᠷᠢ ᠶᠢᠨ ᠬᠡᠷᠡᠭ ᠡᠷᠬᠢᠯᠡᠬᠦ ᠲᠣᠭᠤᠷᠢᠭ︾ ᠢ ᠪᠠᠶᠢᠭᠤᠯᠵᠤ᠂ ᠣᠯᠠᠨ ᠲᠦᠮᠡᠨ ᠤ ᠠᠵᠢᠯ ᠶᠠᠪᠤᠳᠠᠯ ᠡᠷᠬᠢᠯᠡᠬᠦ ᠳᠤ ᠬᠤᠯᠠ ᠵᠠᠮ ᠬᠥᠭᠡᠭᠡᠬᠦ᠂ ᠤᠷᠲᠤ ᠮᠥᠷᠯᠡᠬᠦ ᠬᠦᠴᠢᠷ ᠠᠰᠠᠭᠤᠳᠠᠯ ᠢ ᠰᠢᠢᠳᠪᠦᠷᠢᠯᠡᠨ᠎ᠡ᠃ ︽ᠲᠠᠯᠪᠢᠵᠤ ᠪᠣᠯᠬᠤ ᠶᠢ ᠨᠢ ᠴᠢᠯᠥᠭᠡᠲᠡᠶ ᠲᠠᠯᠪᠢᠵᠤ᠂ ᠪᠦᠬᠦᠨ ᠢ ᠴᠢᠯᠥᠭᠡᠲᠡᠶ ᠲᠠᠯᠪᠢᠬᠤ︾ ᠵᠠᠷᠴᠢᠮ ᠶᠣᠰᠣᠭᠠᠷ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠤᠨ ︽ᠨᠢᠭᠡ ᠰᠦᠯᠵᠢᠶ᠎ᠡ ᠪᠠᠷ ᠨᠡᠶᠢᠳᠡᠮ ᠭᠦᠢᠴᠡᠳᠬᠡᠬᠦ︾ ᠰᠢᠰᠲ᠋ᠧᠮ ᠢᠶᠠᠷ ᠳᠠᠮᠵᠢᠭᠤᠯᠤᠨ᠂ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠪᠦᠬᠦᠨ ᠢ ᠲᠣᠮᠢᠯᠠᠭᠰᠠᠨ ᠰᠠᠯᠪᠤᠷᠢ ᠳᠤ ᠲᠤᠰᠢᠶᠠᠨ ᠭᠦᠢᠴᠡᠳᠬᠡᠵᠦ᠂ ᠣᠯᠠᠨ ᠲᠦᠮᠡᠨ ᠣᠶᠢᠷ᠎ᠠ ᠬᠠᠪᠢ ᠶᠢᠨ ᠲᠣᠮᠢᠯᠠᠭᠰᠠᠨ ᠰᠠᠯᠪᠤᠷᠢ ᠳᠤ ᠬᠦᠷᠴᠦ ᠠᠯᠢᠪᠠ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠵᠦ ᠪᠣᠯᠤᠨ᠎ᠠ᠃      ᠬᠤᠶᠠᠷ ᠲᠤ᠂ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ︽ᠳᠠᠷᠦ᠋ᠢᠬᠠᠨ ᠭᠦᠢᠴᠡᠳᠬᠡᠬᠦ︾ ᠶᠢ ᠪᠡᠶᠡᠯᠡᠭᠦᠯᠦᠨ᠎ᠡ᠃ ᠳᠥᠭᠦᠮ ᠬᠢᠯᠪᠠᠷ ᠤᠴᠢᠷ ᠶᠠᠪᠤᠳᠠᠯ ᠢ ᠲᠡᠷᠡ ᠳᠠᠷᠤᠶ ᠳᠤᠨᠢ ᠬᠢᠵᠦ᠂ ᠪᠤᠳᠤᠯᠢᠶᠠᠨᠲᠠᠶ ᠤᠴᠢᠷ ᠶᠠᠪᠤᠳᠠᠯ ᠢ ᠴᠠᠭ ᠬᠢᠵᠠᠭᠠᠷᠯᠠᠨ ᠬᠢᠵᠦ᠂ ᠣᠨᠴᠠᠭᠠᠢ ᠤᠴᠢᠷ ᠶᠠᠪᠤᠳᠠᠯ ᠢ ᠪᠠᠴᠢᠮ ᠰᠢᠢᠳᠪᠦᠷᠢᠯᠡᠨ᠎ᠡ᠃ ᠣᠯᠠᠨ ᠲᠦᠮᠡᠨ ᠤ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠬᠢᠬᠦ ᠶᠢ ᠬᠦᠯᠢᠶᠡᠬᠦ ᠴᠠᠭ ᠢ ᠪᠠᠭᠠᠰᠬᠠᠨ᠎ᠠ᠃ ᠮᠠᠨ ᠤ ᠡᠷᠦᠬᠡ ᠠᠮᠠ ᠶᠢᠨ ᠲᠠᠩᠰᠠ ᠶᠢᠨ ᠠᠵᠢᠯ ᠨᠢ ︽ᠡᠷᠦᠬᠡ ᠠᠮᠠ ᠶᠢᠨ ᠲᠠᠩᠰᠠ ᠶᠢᠨ ᠴᠣᠩᠬᠤ ᠪᠠᠷ ᠭᠥᠯᠢᠶᠡᠨ ᠠᠪᠴᠤ ᠰᠢᠢᠳᠪᠦᠷᠢᠯᠡᠬᠦ᠂ ᠡᠷᠦᠬᠡ ᠠᠮᠠ ᠶᠢᠨ ᠲᠠᠩᠰᠠ ᠶᠢᠨ ᠲᠠᠩᠰᠠ ᠡᠪᠬᠡᠮᠡᠯ ᠢ ᠰᠦᠯᠵᠢᠶᠡᠨ ᠳᠡᠭᠡᠷ᠎ᠡ ᠡᠷᠭᠢᠯᠳᠦᠭᠦᠯᠬᠦ ᠂ ᠡᠷᠦᠬᠡ ᠠᠮᠠ ᠶᠢᠨ ᠲᠠᠩᠰᠠ ᠶᠢᠨ ᠴᠣᠩᠬᠤᠪᠴᠢ ᠪᠠᠷ ᠭᠡᠷᠡᠴᠢ ᠭᠠᠷᠭᠠᠬᠤ︾ ᠠᠵᠢᠯ ᠤᠨ ᠵᠠᠭᠪᠤᠷ ᠢ ᠬᠡᠷᠡᠭᠵᠢᠭᠦᠯᠵᠦ᠂ ᠣᠳᠣᠬᠠᠨ ᠳᠤ ᠮᠠᠨ ᠤ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠳᠤ᠂ ᠮᠠᠲ᠋ᠧᠷᠢᠶᠠᠯ ᠪᠦᠷᠢᠨ ᠭᠦᠢᠴᠡᠳ ᠪᠠᠶᠢᠳᠠᠯ ᠳᠣᠤᠷ᠎ᠠ᠂ ᠲᠣᠮᠢᠯᠠᠭᠰᠠᠨ ᠰᠠᠯᠪᠤᠷᠢ ᠠᠴᠠ ᠲᠡᠷᠡ ᠳᠣᠤᠷ᠎ᠠ ᠨᠢ ᠭᠦᠢᠴᠡᠳᠬᠡᠵᠦ ᠳᠠᠭᠤᠰᠬᠠᠨ᠎ᠠ︔ ᠪᠠᠶᠢᠳᠠᠯ ᠨᠢ ᠨᠠᠷᠢᠨ ᠪᠤᠳᠤᠯᠢᠶᠠᠨᠲᠠᠶ ᠡᠷᠦᠬᠡ ᠠᠮᠠ ᠶᠢ ᠬᠢᠨᠠᠨ ᠵᠥᠪᠰᠢᠶᠡᠷᠡᠬᠦ ᠲᠤᠬᠠᠶᠢᠯᠠᠭᠰᠠᠨ ᠠᠵᠢᠯ ᠢ ᠰᠢᠰᠲ᠋ᠧᠮ ᠤᠨ ᠡᠷᠭᠢᠯᠲᠡ ᠪᠠᠷ ᠳᠠᠮᠵᠢᠭᠤᠯᠤᠨ ᠰᠦᠯᠵᠢᠶᠡᠨ ᠳᠡᠭᠡᠷ᠎ᠡ ᠬᠢᠨᠠᠨ ᠵᠥᠪᠰᠢᠶᠡᠷᠡᠬᠦ ᠶᠢ ᠪᠡᠶᠡᠯᠡᠭᠦᠯᠵᠦ᠂ ᠣᠯᠠᠨ ᠲᠦᠮᠡᠨ ᠨᠠᠰᠢ ᠴᠠᠰᠢ ᠭᠦᠶᠦᠬᠦ ᠬᠡᠷᠡᠭ ᠥᠬᠡᠶ᠃      ᠭᠤᠷᠪᠠ ᠳᠤ᠂ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ︽ᠨᠢᠭᠡ ᠯᠡ ᠤᠳᠠᠭ᠎ᠠ ᠳᠤ ᠭᠦᠢᠴᠡᠳᠬᠡᠬᠦ︾ ᠶᠢ ᠪᠡᠶᠡᠯᠡᠭᠦᠯᠦᠨ᠎ᠡ᠃ ᠪᠢᠳᠡ ᠡᠷᠦᠬᠡ ᠠᠮᠠ ᠶᠢᠨ ᠬᠠᠷᠢᠶ᠎ᠠ ᠶᠢᠨ ᠲᠤᠬᠠᠶᠢᠯᠠᠭᠰᠠᠨ ᠠᠵᠢᠯ ᠢ ᠪᠥᠬᠦ ᠲᠠᠯ᠎ᠠ ᠪᠠᠷ ᠡᠮᠬᠢᠯᠡᠨ ᠳᠢᠭᠯᠡᠵᠦ᠂  ᠨᠡᠶᠢᠲᠡ ᠡᠮᠬᠢᠯᠡᠨ ᠭᠠᠷᠭᠠᠭᠰᠠᠨ᠄ ᠲᠦᠷᠦᠭᠦ᠂ ᠥᠭᠦᠬᠦ᠂ ᠨᠡᠭᠦᠵᠦ ᠣᠷᠣᠬᠤ᠂ ᠨᠡᠭᠦᠵᠦ ᠭᠠᠷᠬᠤ᠂ ᠲᠥᠷᠥᠯ ᠵᠦᠢᠯ ᠢ ᠬᠤᠪᠢᠷᠠᠭᠤᠯᠤᠨ ᠵᠠᠯᠠᠷᠠᠭᠤᠯᠬᠤ᠂ ᠬᠦᠴᠦᠨ ᠥᠬᠡᠶ ᠪᠣᠯᠭᠠᠬᠤ ᠪᠠ ᠰᠡᠷᠭᠦᠭᠡᠬᠦ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠭᠦᠢᠴᠡᠳᠬᠡᠬᠦ᠂ ᠲᠠᠩᠰᠠ ᠡᠪᠬᠡᠮᠡᠯ ᠤᠨ ᠬᠠᠮᠢᠶᠠᠷᠤᠯᠲᠠ ᠵᠡᠷᠭᠡ ᠨᠠᠢᠮᠠᠨ ᠶᠡᠭᠡ ᠲᠥᠷᠥᠯ ᠤᠨ ᠲᠤᠬᠠᠶᠢᠯᠠᠭᠰᠠᠨ ᠠᠵᠢᠯ ᠢ ᠡᠮᠬᠢᠯᠡᠪᠡ᠃ ᠣᠳᠣ ᠰᠦᠯᠵᠢᠶᠡᠨ ᠳᠡᠭᠡᠷ᠎ᠡ ᠡᠷᠭᠢᠯᠳᠦᠭᠦᠯᠬᠦ ᠪᠠᠷ ᠳᠠᠮᠵᠢᠭᠠᠳ᠂ ᠥᠩᠭᠡᠷᠡᠭᠰᠡᠨ ᠤ 5 ᠠᠵᠢᠯ ᠤᠨ ᠡᠳᠦᠷ ᠮᠡᠳᠡᠭᠦᠯᠬᠦ ᠶᠢ ᠳᠠᠭᠠᠯᠳᠤᠨ ᠵᠥᠪᠰᠢᠶᠡᠷᠡᠬᠦ ᠪᠣᠯᠭᠠᠨ ᠬᠤᠪᠢᠷᠠᠭᠤᠯᠵᠤ᠂ ᠲᠤᠭ᠎ᠠ ᠪᠠᠷᠢᠮᠲᠠ ᠶᠢ ᠢᠯᠡᠭᠦᠬᠡᠨ ᠭᠦᠶᠦᠯᠭᠡᠵᠦ᠂ ᠣᠯᠠᠨ ᠲᠦᠮᠡᠨ ᠢ ᠳᠤᠲᠠᠭᠤ ᠭᠦᠶᠦᠯᠭᠡᠬᠦ ᠠᠯᠪᠠᠨ ᠠᠵᠢᠯ ᠤᠨ ᠰᠢᠨ᠎ᠡ ᠵᠠᠭᠪᠤᠷ ᠢ ᠦᠨᠡᠨᠬᠦ ᠪᠡᠶᠡᠯᠡᠭᠦᠯᠵᠦ᠂ ᠠᠵᠢᠯ ᠶᠠᠪᠤᠳᠠᠯ ᠭᠦᠢᠴᠡᠳᠬᠡᠬᠦ ᠦᠷ᠎ᠡ ᠪᠦᠲᠦᠮᠵᠢ ᠶᠢ ᠶᠡᠬᠡᠪᠡᠷ ᠳᠡᠭᠡᠭᠰᠢᠯᠡᠭᠦᠯᠦᠨ᠂ ᠣᠯᠠᠨ ᠲᠦᠮᠡᠨ ᠤ ᠡᠷᠦᠬᠡ ᠠᠮᠠ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠬᠦᠯᠢᠶᠡᠬᠦ ᠴᠠᠭ ᠢ ᠪᠠᠭᠠᠰᠬᠠᠨ᠎ᠠ᠃      ᠳᠥᠷᠪᠡ ᠳᠤ᠂ ᠡᠷᠦᠬᠡ ᠠᠮᠠ ᠶᠢᠨ ᠲᠠᠩᠰᠠ ᠡᠪᠬᠡᠮᠡᠯ ᠢ ᠡᠯᠧᠺᠲᠷᠣᠨ ᠢᠶᠠᠷ ᠬᠠᠮᠢᠶᠠᠷᠬᠤ ᠶᠢ ᠪᠡᠶᠡᠯᠡᠭᠦᠯᠦᠨ᠎ᠡ᠃ ᠴᠠᠭᠠᠰᠤᠨ ᠳᠠᠩᠰᠠ ᠡᠪᠬᠡᠮᠡᠯ ᠠᠮᠠᠷᠬᠠᠨ ᠡᠪᠳᠡᠭᠳᠡᠬᠦ ᠪᠠ ᠪᠠᠶᠢᠴᠠᠭᠠᠨ ᠯᠠᠪᠯᠠᠬᠤ ᠳᠤ ᠳᠥᠭᠦᠮ ᠦᠭᠡᠢ ᠪᠠᠶᠢᠬᠤ ᠠᠰᠠᠭᠤᠳᠠᠯ ᠢ ᠬᠦᠴᠦᠯᠡᠨ ᠰᠢᠢᠳᠪᠦᠷᠢᠯᠡᠨ᠎ᠡ᠃ ᠰᠢᠰᠲ᠋ᠧᠮ ᠲᠠᠰ ᠳᠡᠪᠰᠢᠭᠰᠡᠨ ᠤ ᠳᠠᠷᠠᠭ᠎ᠠ᠂ ᠡᠷᠦᠬᠡ ᠠᠮᠠ ᠶᠢᠨ ᠲᠠᠩᠰᠠ ᠡᠪᠬᠡᠮᠡᠯ ᠤᠨ ᠴᠠᠭᠳᠠᠭ᠎ᠠ ᠥᠨᠳᠥᠷ ᠴᠣᠬᠢᠯᠭ᠎ᠠ ᠬᠡᠮᠵᠢᠭᠦᠷ ᠵᠡᠷᠭᠡ ᠲᠥᠬᠦᠭᠡᠷᠦᠮᠵᠢ ᠪᠠᠷ ᠳᠡᠮᠵᠢᠨ ᠡᠷᠦᠬᠡ ᠠᠮᠠ ᠶᠢᠨ ᠲᠠᠩᠰᠠ ᠡᠪᠬᠡᠮᠡᠯ ᠢ ᠰᠢᠰᠲ᠋ᠧᠮ ᠳᠤ ᠳᠠᠮᠵᠢᠭᠤᠯᠵᠤ᠂ ᠡᠷᠦᠬᠡ ᠠᠮᠠ ᠶᠢᠨ ᠲᠠᠩᠰᠠ ᠶᠢᠨ ᠮᠠᠲ᠋ᠧᠷᠢᠶᠠᠯ ᠢ ᠴᠠᠭᠠᠰᠤᠨ ᠮᠠᠲ᠋ᠧᠷᠢᠶᠠᠯ ᠠᠴᠠ ᠡᠯᠧᠺᠲᠷᠣᠨ ᠮᠠᠲ᠋ᠧᠷᠢᠶᠠᠯ ᠬᠦᠷᠲᠡᠯ᠎ᠡ᠂ ᠬᠥᠮᠦᠨ ᠤ ᠬᠦᠴᠦ ᠪᠠᠷ ᠪᠠᠶᠢᠴᠠᠭᠠᠨ ᠯᠠᠪᠯᠠᠬᠤ ᠠᠴᠠ ᠡᠯᠧᠺᠲᠷᠣᠨ ᠢᠶᠠᠷ ᠪᠠᠶᠢᠴᠠᠭᠠᠨ ᠯᠠᠪᠯᠠᠬᠤ ᠪᠣᠯᠲᠠᠯ᠎ᠠ ᠬᠤᠪᠢᠷᠠᠭᠤᠯᠬᠤ ᠶᠢ ᠠᠯᠬᠤᠮ ᠠᠯᠬᠤᠮ ᠢᠶᠠᠷ ᠪᠡᠶᠡᠯᠡᠭᠦᠯᠵᠦ᠂ ᠡᠷᠦᠬᠡ ᠠᠮᠠ ᠶᠢᠨ ᠲᠠᠩᠰᠠ ᠶᠢᠨ ᠲᠠᠩᠰᠠ ᠡᠪᠬᠡᠮᠡᠯ ᠢ ᠡᠯᠧᠺᠲᠷᠣᠨᠴᠢᠯᠠᠨ᠂ ︽ᠦᠬᠦᠮᠡᠯ︾ ᠲᠠᠩᠰᠠ ᠡᠪᠬᠡᠮᠡᠯ ᠢ ︽ᠠᠮᠢᠳᠤᠯᠢᠭ︾ ᠲᠠᠩᠰᠠ ᠡᠪᠬᠡᠮᠡᠯ ᠪᠣᠯᠭᠠᠨ ᠬᠤᠪᠢᠷᠠᠭᠤᠯᠵᠤ᠂ ᠳᠣᠲᠣᠭᠠᠳᠤ ᠦᠢᠯᠡᠴᠢᠯᠡᠭᠡᠨ ᠤ ᠠᠵᠢᠯ ᠢ ᠰᠢᠰᠲ᠋ᠧᠮ ᠢᠶᠠᠷ ᠢᠶᠠᠨ ᠳᠠᠮᠵᠢᠭᠤᠯᠤᠨ ᠡᠷᠦᠬᠡ ᠠᠮᠠ ᠶᠢᠨ ᠲᠠᠩᠰᠠ ᠡᠪᠬᠡᠮᠡᠯ ᠢ ᠪᠠᠶᠢᠴᠠᠭᠠᠨ ᠯᠠᠪᠯᠠᠵᠤ᠂ ᠡᠯᠧᠺᠲᠷᠣᠨ ᠲᠠᠩᠰᠠ ᠡᠪᠬᠡᠮᠡᠯ ᠤᠨ ᠣᠯᠠᠨ ᠲᠦᠮᠡᠨ ᠤ ᠠᠵᠢᠯ ᠳᠤ ᠦᠢᠯᠡᠴᠢᠯᠡᠬᠦ ᠦᠢᠯᠡᠳᠦᠯ ᠴᠢᠳᠠᠪᠤᠷᠢ ᠶᠢ ᠨᠠᠩ ᠰᠠᠶᠢᠲᠤᠷ ᠪᠠᠳᠠᠷᠠᠭᠤᠯᠬᠤ ᠬᠡᠷᠡᠭᠲᠡᠶ᠃ ᠡᠭᠦᠨ ᠤ ᠬᠠᠮᠲᠤ ᠺᠣᠮᠫᠢᠦ᠋ᠲ᠋ᠧᠷ ᠤᠨ ᠡᠭᠦᠯᠡᠨ ᠬᠠᠳᠠᠭᠠᠯᠠᠯᠲᠠ ᠪᠠ ᠴᠠᠭᠠᠰᠤᠨ ᠳᠠᠩᠰᠠ ᠡᠪᠬᠡᠮᠡᠯ ᠢ ᠬᠤᠤᠰ ᠬᠠᠳᠠᠭᠠᠯᠠᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠦᠬᠡ ᠠᠮᠠ ᠶᠢᠨ ᠳᠠᠩᠰᠠ ᠡᠪᠬᠡᠮᠡᠯ ᠢ ᠡᠭᠦᠷᠢᠳᠡ ᠬᠠᠳᠠᠭᠠᠯᠠᠬᠤ ᠶᠢ ᠦᠨᠡᠨᠬᠦ ᠪᠠᠲᠤᠯᠠᠬᠤ ᠬᠡᠷᠡᠭᠲᠡᠶ᠃      12. ᠬᠥᠲᠥᠯᠥᠭᠴᠢ      ᠡᠷᠦᠬᠡ ᠠᠮᠠ ᠶᠢᠨ ᠪᠡᠶ᠎ᠡ ᠶᠢᠨ ᠦᠨᠡᠮᠯᠡᠯ ᠨᠢ ᠬᠥᠮᠦᠨ ᠨᠢᠭᠡᠪᠦᠷᠢ ᠶᠢᠨ ᠦᠨᠡᠨ ᠪᠣᠳᠠᠲᠠᠶ ᠠᠰᠢᠭ ᠲᠤᠰᠠ ᠲᠠᠢ ᠬᠤᠯᠪᠣᠭᠳᠠᠵᠤ᠂ ᠥᠷᠭᠡᠨ ᠣᠯᠠᠨ ᠲᠦᠮᠡᠨ ᠨᠠᠩ ᠲᠦᠷᠭᠡᠨ ᠦᠢᠯᠡᠴᠢᠯᠡᠭᠡ ᠶᠢ ᠠᠩᠬᠠᠷᠤᠨ ᠬᠦᠯᠢᠶᠡᠵᠦ ᠪᠠᠶᠢᠨ᠎ᠠ᠂ ᠣᠳᠣᠬᠠᠨ ᠳᠤ ᠪᠠᠰᠠ ᠶᠠᠮᠠᠷ ᠰᠢᠨ᠎ᠡ ᠠᠵᠢᠯ ᠤᠨ ᠬᠠᠮᠢᠶᠠᠷᠤᠯᠲᠠ ᠶᠢᠨ ᠠᠷᠭ᠎ᠠ ᠬᠡᠮᠵᠢᠶ᠎ᠡ ᠪᠠᠶᠢᠬᠤ ᠪᠣᠶ︖      13. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ      ︵ᠨᠢᠭᠡ︶ ︽ᠢᠨᠲ᠋ᠧᠷ ᠰᠦᠯᠵᠢᠶ᠎ᠡ +︾ ᠶᠢᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ︽ᠢᠨᠲ᠋ᠧᠷ ᠰᠦᠯᠵᠢᠶ᠎ᠡ + ᠲᠣᠤᠷ ᠰᠦᠯᠵᠢᠶ᠎ᠡ ᠶᠢᠨ ᠴᠠᠭᠳᠠᠭᠠᠨ ᠤ ᠶᠠᠪᠤᠳᠠᠯ︾ ᠤᠨ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠠᠵᠢᠯ ᠤᠨ ᠵᠠᠭᠪᠤᠷ ᠢ ᠢᠳᠡᠪᠬᠢᠲᠡᠶ ᠪᠠᠷ ᠬᠠᠶᠢᠨ ᠰᠦᠪᠡᠭᠴᠢᠯᠡᠵᠦ᠂ ᠭᠤᠤᠯᠳᠠᠯᠭ᠎ᠠ ᠲᠠᠢ ᠲᠠᠯᠠᠪᠤᠷ ᠂ ᠨᠡᠶᠢᠲᠡ ᠶᠢᠨ ᠪᠠᠶᠢᠷᠢ ᠶᠢᠨ ᠵᠢᠵᠢᠭ ᠲᠣᠭᠤᠷᠢᠭ ᠤᠨ ᠬᠤᠶᠠᠷ ᠬᠡᠮᠵᠢᠯᠳᠦ ᠲᠡᠮᠳᠡᠭ ᠢ ᠳᠠᠩᠰᠠᠯᠠᠨ ᠲᠡᠮᠳᠡᠭᠯᠡᠬᠦ ᠬᠠᠮᠢᠶᠠᠷᠤᠯᠲᠠ ᠶᠢᠨ ᠰᠢᠰᠲ᠋ᠧᠮ ᠢ ᠬᠡᠷᠡᠭᠯᠡᠯᠲᠡ ᠳᠤ ᠣᠷᠣᠭᠤᠯᠬᠤ ᠪᠠᠷ ᠴᠢᠷᠮᠠᠶᠢᠵᠤ᠂ ︽ᠭᠡᠷ ᠪᠠᠶᠢᠰᠢᠩ ᠢᠶᠠᠷ ᠬᠥᠮᠥᠨ ᠢ ᠬᠠᠮᠢᠶᠠᠷᠬᠤ︾ ᠨᠡᠶᠢᠭᠡᠮ ᠲᠣᠭᠤᠷᠢᠭ ᠤᠨ ᠪᠣᠳᠠᠲᠠᠶ ᠪᠠᠶᠢᠭ᠎ᠠ ᠬᠥᠮᠦᠨ ᠠᠮᠠ ᠶᠢᠨ ᠬᠠᠮᠢᠶᠠᠷᠤᠯᠲᠠ ᠶᠢᠨ ᠬᠠᠷᠠᠯᠲᠠ ᠶᠢ ᠪᠡᠶᠡᠯᠡᠭᠦᠯᠦᠨ᠎ᠡ᠃      ︽ᠴᠠᠭᠳᠠᠭ᠎ᠠ ᠠᠷᠠᠳ ᠤᠨ ᠨᠡᠪᠲᠡᠷᠡᠯᠴᠡᠭᠡ᠂ ᠮᠡᠳᠡᠭᠡ ᠵᠠᠩᠭᠢ ᠨᠡᠶᠢᠲᠡᠯᠡᠬᠦ᠂ ᠠᠵᠢᠯ ᠶᠠᠪᠤᠳᠠᠯ ᠭᠦᠢᠴᠡᠳᠬᠡᠬᠦ ᠦᠢᠯᠡᠴᠢᠯᠡᠭᠡ᠂ ᠢᠯᠡᠴᠢᠯᠡᠨ ᠮᠡᠳᠡᠭᠦᠯᠵᠦ ᠵᠠᠭᠠᠯᠳᠤᠬᠤ︾ ᠶᠢ ᠨᠢᠭᠡ ᠴᠣᠭᠴᠠᠵᠢᠭᠤᠯᠤᠭᠰᠠᠨ ᠸᠢᠴᠠᠲ ᠤᠨ ᠠᠵᠢᠯ ᠤᠨ ᠲᠠᠪᠴᠠᠩ ᠊ ︽ᠬᠥᠬᠡᠬᠤᠲᠠ ᠶᠢᠨ 24 ᠴᠠᠭ ᠤᠨ ᠴᠠᠭᠳᠠᠭ᠎ᠠ ᠶᠢᠨ ᠲᠣᠪᠴᠢᠶ᠎ᠠ︾ ᠶᠢ ᠠᠰᠢᠭᠯᠠᠨ  ᠦᠢᠯᠡᠴᠢᠯᠡᠭᠡ ᠶᠢ ᠳᠡᠭᠡᠭᠰᠢᠯᠡᠭᠦᠯᠦᠨ᠎ᠡ᠃ ᠲᠠᠪᠴᠠᠩ ᠳᠤ ︽ᠡᠷᠦᠬᠡ ᠠᠮᠠ ᠶᠢᠨ ᠶᠠᠪᠤᠳᠠᠯ ᠤᠨ ᠠᠵᠢᠯ︾ ᠤᠨ ᠪᠣᠯᠣᠩ ᠭᠠᠷᠭᠠᠵᠤ᠂ ᠣᠯᠠᠨ ᠲᠦᠮᠡᠨ ᠡᠷᠦᠬᠡ ᠠᠮᠠ ᠶᠢᠨ ᠲᠠᠩᠰᠠ ᠶᠢᠨ ᠲᠠᠯ᠎ᠠ ᠪᠠᠷ ᠬᠢ ᠠᠰᠠᠭᠤᠳᠠᠯ ᠢ ᠴᠠᠭ ᠲᠤᠬᠠᠶ ᠳᠤᠨᠢ ᠠᠰᠠᠭᠤᠨ ᠯᠠᠪᠯᠠᠵᠤ ᠪᠣᠯᠤᠨ᠎ᠠ᠂ ᠡᠷᠦᠬᠡ ᠠᠮᠠ ᠶᠢᠨ ᠴᠠᠭᠳᠠᠭ᠎ᠠ ᠴᠠᠭ ᠲᠤᠬᠠᠶ ᠳᠤᠨᠢ ᠬᠠᠷᠢᠭᠤᠯᠲᠠ ᠥᠭᠭᠦᠨ᠎ᠡ᠂ ᠣᠯᠠᠨ ᠢᠶᠠᠷ ᠢᠶᠠᠨ ᠸᠢᠴᠠᠲ ᠢᠶᠠᠷ ︽ᠬᠥᠬᠡᠬᠤᠲᠠ ᠶᠢᠨ 24 ᠴᠠᠭ ᠤᠨ ᠴᠠᠭᠳᠠᠭ᠎ᠠ ᠶᠢᠨ ᠲᠣᠪᠴᠢᠶ᠎ᠠ︾ ᠶᠢᠨ ᠣᠯᠠᠨ ᠨᠡᠶᠢᠲᠡ ᠶᠢᠨ ᠳ᠋ᠤᠭᠠᠷ ᠢ ᠬᠠᠶᠢᠨ ᠡᠷᠢᠵᠦ ᠣᠷᠣᠯᠴᠠᠵᠤ ᠪᠣᠯᠤᠨ᠎ᠠ᠃      ︵ᠬᠤᠶᠠᠷ︶ ᠤᠷᠢᠳᠴᠢᠯᠠᠨ ᠪᠣᠯᠵᠣᠬᠤ ᠪᠠ ᠲᠣᠭᠲᠠᠮᠠᠯ ᠬᠤᠭᠤᠴᠠᠭ᠎ᠠ ᠲᠠᠢ ᠪᠠᠷ ᠦᠢᠯᠡᠴᠢᠯᠡᠬᠦ ᠳᠦᠷᠢᠮ᠃ ᠣᠨᠴᠠᠭᠠᠢ  ᠪᠠᠶᠢᠳᠠᠯ ᠠᠴᠠ ᠪᠣᠯᠵᠤ ᠡᠷᠦᠬᠡ ᠠᠮᠠ ᠶᠢᠨ ᠭᠡᠷᠡᠴᠢ᠂ ᠰᠠᠭᠤᠭᠠᠯᠢ ᠠᠷᠠᠳ ᠤᠨ ᠪᠡᠶ᠎ᠡ ᠶᠢᠨ ᠦᠨᠡᠮᠯᠡᠯ ᠵᠡᠷᠭᠡ ᠵᠦᠢᠯᠡᠰ ᠢ ᠦᠨᠡᠨᠬᠦ ᠭᠦᠢᠴᠡᠳᠬᠡᠬᠦ ᠪᠠᠴᠢᠮ ᠬᠡᠷᠡᠭᠴᠡᠭᠡ ᠲᠠᠢ ᠣᠯᠠᠨ ᠲᠦᠮᠡᠨ ᠳᠤ ᠰᠠᠭᠠᠳ ᠦᠭᠡᠢ ᠨᠡᠪᠲᠡᠷᠡᠬᠦ ᠵᠠᠮ ᠨᠡᠭᠡᠭᠡᠵᠦ᠂ ᠴᠠᠭ ᠲᠤᠬᠠᠶ ᠳᠤᠨᠢ ᠭᠦᠢᠴᠡᠳᠬᠡᠨ᠎ᠡ᠃ ᠬᠠᠷᠢᠶᠠᠲᠤ ᠣᠷᠣᠨ ᠤ ᠳᠣᠲᠣᠷᠠᠬᠢ ᠠᠰᠠᠷᠠᠮᠵᠢ ᠶᠢᠨ ᠬᠦᠷᠢᠶᠡᠯᠡᠩ᠂ ᠨᠠᠰᠤᠲᠠᠶᠢᠴᠤᠳ ᠢ ᠠᠰᠠᠷᠠᠬᠤ ᠬᠦᠷᠢᠶᠡᠯᠡᠩ ᠪᠤᠶᠤ ᠪᠤᠰᠤᠳ ᠬᠥᠳᠡᠯᠵᠦ ᠪᠠᠷᠢᠬᠤ ᠳᠤ ᠳᠥᠭᠦᠮ ᠦᠭᠡᠢ ᠭᠤᠤᠨᠢ ᠭᠠᠭᠴᠠ ᠥᠨᠥᠴᠢᠨ ᠪᠡᠯᠪᠡᠰᠦᠨ᠂ ᠡᠪᠡᠳᠴᠢᠨ ᠲᠠᠢ ᠵᠡᠮᠳᠡᠭ ᠬᠥᠮᠦᠰ ᠲᠤ ᠤᠷᠢᠳᠴᠢᠯᠠᠨ ᠪᠣᠯᠵᠣᠬᠤ ᠪᠠ ᠡᠭᠦᠳᠡᠨ ᠳᠤ ᠣᠴᠢᠵᠤ ᠦᠢᠯᠡᠴᠢᠯᠡᠭᠡ ᠬᠠᠩᠭᠠᠨ᠎ᠠ︔ ᠨᠤᠲᠤᠭ ᠲᠠᠭᠠᠨ ᠪᠤᠴᠠᠭᠰᠠᠨ ᠲᠠᠷᠢᠶᠠᠴᠢᠨ ᠬᠦᠴᠦ ᠶᠠᠪᠤᠭᠰᠠᠳ ᠂ ᠳᠡᠭᠡᠳᠦ ᠰᠤᠷᠭᠠᠭᠤᠯᠢ ᠳᠤ ᠰᠤᠷᠤᠭᠴᠢ ᠡᠯᠰᠡᠬᠦ ᠰᠢᠯᠭᠠᠯᠲᠠ ᠶᠢᠨ ᠰᠤᠷᠤᠭᠴᠢᠳ ᠲᠤ ᠲᠣᠭᠲᠠᠮᠠᠯ ᠬᠤᠭᠤᠴᠠᠭ᠎ᠠ ᠲᠠᠢ ᠪᠠᠷ ᠲᠥᠪᠯᠡᠷᠡᠭᠦᠯᠦᠨ ᠲᠡᠷᠡ ᠳᠠᠷᠤᠶ ᠳᠤᠨᠢ ᠦᠢᠯᠡᠴᠢᠯᠡᠭᠡ ᠬᠠᠩᠭᠠᠬᠤ ᠶᠢ ᠬᠡᠷᠡᠭᠵᠢᠭᠦᠯᠦᠨ᠎ᠡ᠃      ︵ᠭᠤᠷᠪᠠ︶ ᠲᠣᠮᠢᠯᠠᠭᠰᠠᠨ ᠰᠠᠯᠪᠤᠷᠢ ᠶᠢᠨ ᠡᠷᠦᠬᠡ ᠠᠮᠠ ᠶᠢᠨ ᠳᠠᠩᠰᠠ ᠶᠢᠨ ᠴᠣᠩᠬᠤᠪᠴᠢ ᠪᠠᠶᠠᠷ ᠳᠤᠷᠠᠰᠬᠠᠯ ᠤᠨ ᠡᠳᠦᠷ ᠤᠨ ᠠᠮᠠᠷᠠᠯᠲᠠ ᠶᠢᠨ ᠡᠳᠦᠷ ᠪᠡᠶ᠎ᠡ ᠶᠢᠨ ᠦᠨᠡᠮᠯᠡᠯ ᠵᠡᠷᠭᠡ ᠬᠡᠰᠡᠭ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠢ ᠬᠡᠪ ᠤᠨ ᠶᠣᠰᠣᠭᠠᠷ ᠭᠦᠢᠴᠡᠳᠬᠡᠵᠦ᠂ ᠪᠤᠰᠤᠳ ᠣᠨᠴᠠᠭᠠᠢ ᠡᠷᠦᠬᠡ ᠠᠮᠠ ᠶᠢᠨ ᠳᠠᠩᠰᠠ ᠶᠢᠨ ᠲᠤᠬᠠᠶᠢᠯᠠᠭᠰᠠᠨ ᠠᠵᠢᠯ ᠳᠤ ᠤᠷᠢᠳᠴᠢᠯᠠᠨ ᠪᠣᠯᠵᠣᠬᠤ ᠦᠢᠯᠡᠴᠢᠯᠡᠭᠡᠨ ᠪᠠ ᠪᠠᠴᠢᠮ ᠭᠦᠢᠴᠡᠳᠬᠡᠬᠦ ᠦᠢᠯᠡᠴᠢᠯᠡᠭᠡᠨ ᠢ ᠬᠡᠷᠡᠭᠵᠢᠭᠦᠯᠵᠦ᠂ ᠦᠳᠡ ᠶᠢᠨ ᠠᠮᠠᠷᠠᠯᠲᠠ ᠶᠢᠨ ᠴᠠᠭ ᠤᠨ ᠬᠡᠰᠡᠭ ᠲᠤ ᠲᠤᠬᠠᠶᠢᠯᠠᠭᠰᠠᠨ ᠠᠵᠢᠯ ᠤᠨ ᠬᠡᠷᠡᠭᠴᠡᠭᠡ ᠱᠠᠭᠠᠷᠳᠠᠯᠭ᠎ᠠ ᠪᠠᠨ ᠦᠨᠳᠦᠰᠦᠯᠡᠨ ᠵᠣᠬᠢᠴᠠᠩᠭᠤᠶ ᠪᠦᠬᠦᠢ ᠠᠵᠢᠯᠲᠠᠨ ᠲᠣᠬᠢᠷᠠᠭᠤᠯᠤᠨ ᠠᠵᠢᠯ ᠢ ᠨᠢ ᠬᠡᠪ ᠤᠨ ᠶᠣᠰᠣᠭᠠᠷ ᠭᠦᠢᠴᠡᠳᠬᠡᠨ᠎ᠡ᠃ ᠭᠠᠷᠠᠭ ᠤᠨ ᠰᠡᠭᠦᠯᠴᠢ ᠳᠤ ᠴᠣᠩᠬᠤᠪᠴᠢ ᠨᠢᠭᠡᠴᠡ ᠨᠢ ᠠᠵᠢᠯᠲᠠᠨ ᠵᠢᠵᠢᠭᠦᠷᠯᠡᠬᠦ ᠪᠠᠷ ᠲᠣᠬᠢᠷᠠᠭᠤᠯᠪᠠᠯ᠂ ᠭᠤᠶᠤᠴᠢᠯᠠᠭᠴᠢ ᠤᠲᠠᠰᠤ ᠪᠠᠷ ᠲᠤᠬᠠᠶᠢᠯᠠᠭᠰᠠᠨ ᠠᠵᠢᠯ ᠢᠶᠠᠨ ᠤᠷᠢᠳᠴᠢᠯᠠᠨ ᠪᠣᠯᠵᠣᠵᠤ ᠭᠦᠢᠴᠡᠳᠬᠡᠵᠦ᠂ ︽ᠠᠮᠠᠷᠠᠯᠲᠠ ᠶᠢᠨ ᠡᠳᠦᠷ ᠠᠵᠢᠯ ᠤᠨ ᠪᠠᠶᠢᠷᠢ ᠠᠴᠠ ᠪᠠᠨ ᠪᠠᠭᠤᠬᠤ ᠥᠬᠡᠶ︾ ᠪᠠᠶᠢᠬᠤ ᠬᠡᠷᠡᠭᠲᠡᠶ᠃      14. ᠬᠥᠲᠥᠯᠥᠭᠴᠢ      ᠰᠦᠯᠵᠢᠶᠡᠨ ᠠᠨᠳᠠ ᠨᠠᠷ᠄ ᠣᠳᠣᠬᠠᠨ ᠳᠤ᠂ ᠥᠷᠭᠡᠨ ᠣᠯᠠᠨ ᠰᠠᠭᠤᠭᠠᠯᠢ ᠠᠷᠠᠳ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠬᠤᠭᠤᠴᠠᠭᠠᠨ ᠳᠤ᠂ ᠪᠢᠳᠡ ᠨᠡᠶᠢᠭᠡᠮ ᠲᠣᠭᠤᠷᠢᠭ ᠤᠨ ᠬᠥᠮᠦᠨ ᠠᠮᠠ ᠶᠢᠨ ᠬᠠᠮᠢᠶᠠᠷᠤᠯᠲᠠ ᠪᠠ ᠠᠷᠠᠳ ᠤᠨ ᠠᠮᠢᠳᠤᠷᠠᠯ ᠳᠤ ᠦᠢᠯᠡᠴᠢᠯᠡᠬᠦ ᠠᠵᠢᠯ ᠢ ᠬᠡᠷᠬᠢᠨ ᠥᠷᠨᠢᠭᠦᠯᠬᠦ ᠪᠣᠶ︖      15. ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ      ᠨᠢᠭᠡ ᠳᠤ᠂ ᠬᠢᠵᠢᠭ ᠤᠨ ᠪᠠᠶᠢᠳᠠᠯ ᠤᠨ ᠬᠥᠭᠵᠢᠯᠲᠡ ᠶᠢ ᠬᠢᠵᠠᠭᠠᠷᠯᠠᠬᠤ ᠶᠢᠨ ᠲᠥᠯᠥᠭᠡ᠂ ᠬᠤᠲᠣᠩ ᠠᠷᠠᠳ ᠤᠨ ᠲᠣᠭᠤᠷᠢᠭ ᠤᠨ ᠨᠠᠢᠮᠠᠨ ᠰᠢᠶᠠᠩ ᠪᠠᠯᠭᠠᠰᠤᠨ ᠤ ᠬᠡᠷᠡᠭ ᠡᠷᠬᠢᠯᠡᠬᠦ ᠭᠠᠵᠠᠷ 62 ᠨᠡᠶᠢᠭᠡᠮ ᠲᠣᠭᠤᠷᠢᠭ᠂ ᠲᠣᠰᠬᠤᠨ ᠤ 520 ᠵᠢᠵᠢᠭ ᠲᠣᠭᠤᠷᠢᠭ ᠢ ᠪᠦᠬᠦᠨ ᠢ ᠪᠢᠲᠡᠭᠦᠮᠵᠢᠯᠡᠨ ᠬᠠᠮᠢᠶᠠᠷᠤᠨ ᠡᠵᠡᠮᠳᠡᠵᠦ᠂ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠢᠭᠡᠳᠦᠯᠲᠡᠶ ᠤᠳᠤᠷᠢᠳᠤᠯᠭ᠎ᠠ ᠳᠣᠤᠷ᠎ᠠ᠂ ᠪᠦᠬᠦ ᠨᠡᠶᠢᠭᠡᠮ ᠲᠣᠭᠤᠷᠢᠭ ᠤᠨ ᠠᠷᠠᠳ ᠤᠨ ᠴᠠᠭᠳᠠᠭ᠎ᠠ ᠪᠣᠯᠤᠨ ᠰᠠᠭᠤᠭᠠᠯᠢ ᠠᠷᠠᠳ ᠤᠨ ᠵᠥᠪᠯᠡᠯ᠂ ᠲᠣᠤᠷᠯᠠᠭᠴᠢ᠂ ᠡᠷᠡᠭᠦᠯ ᠬᠠᠮᠠᠭᠠᠯᠠᠯ ᠤᠨ ᠰᠠᠯᠠᠭ᠎ᠠ ᠮᠥᠴᠢᠷ ᠤᠨ ᠠᠵᠢᠯᠲᠠᠨ᠂ ᠠᠮᠤᠷ ᠢ ᠬᠠᠮᠠᠭᠠᠯᠠᠬᠤ᠂ ᠰᠠᠶᠢᠨ ᠳᠤᠷ᠎ᠠ ᠶᠢᠨ ᠠᠵᠢᠯᠯᠠᠭᠰᠠᠳ ᠬᠢᠵᠢᠭ ᠢ ᠡᠰᠡᠷᠭᠦᠴᠡᠬᠦ ᠨᠢᠭᠡᠳᠦᠭᠡᠷ ᠹᠷᠣᠨᠲ ᠲᠤ ᠬᠠᠮᠲᠤ ᠪᠠᠷ ᠲᠡᠮᠡᠴᠡᠵᠦ᠂ ᠡᠳᠦᠷ ᠰᠥᠨᠢ ᠦᠭᠡᠶ ᠪᠠᠲᠤ ᠰᠠᠬᠢᠵᠤ᠂ ᠬᠦᠴᠢᠷ ᠪᠡᠷᠬᠡᠰᠢᠶᠡᠯ ᠠᠴᠠ ᠠᠶᠤᠬᠤ ᠦᠭᠡᠶ᠂ ᠬᠢᠵᠢᠭ ᠤᠨ ᠪᠠᠶᠢᠳᠠᠯ ᠤᠨ ᠥᠷᠭᠡᠳᠬᠦ ᠶᠢ ᠢᠳᠡᠪᠬᠢᠲᠡᠶ ᠪᠥᠭᠡᠳ ᠪᠦᠲᠦᠮᠵᠢᠲᠡᠶ ᠬᠤᠷᠢᠭᠯᠠᠵᠤ᠂ ᠥᠷᠭᠡᠨ ᠣᠯᠠᠨ ᠰᠠᠭᠤᠭᠠᠯᠢ ᠠᠷᠠᠳ ᠤᠨ ᠡᠷᠡᠭᠦᠯ ᠠᠮᠢᠳᠤᠷᠠᠯ᠂ ᠠᠮᠤᠷ ᠲᠠᠶᠢᠪᠤᠩ ᠠᠵᠤ ᠠᠮᠢᠳᠤᠷᠠᠬᠤ ᠳᠤ ᠬᠦᠴᠦᠨ ᠢᠶᠠᠨ ᠡᠷᠭᠦᠪᠡ᠃ ᠣᠳᠣᠬᠠᠨ ᠳᠤ ᠬᠤᠲᠣᠩ ᠠᠷᠠᠳ ᠤᠨ ᠲᠣᠭᠤᠷᠢᠭ ᠤᠨ ᠠᠷᠠᠳ ᠤᠨ ᠰᠡᠳᠬᠢᠯ ᠲᠣᠭᠲᠠᠭᠤᠨ᠂ ᠨᠡᠶᠢᠭᠡᠮ ᠤᠨ ᠡᠮᠬᠢ ᠳᠢᠭᠯᠢᠮ ᠲᠣᠭᠲᠠᠭᠤᠨ᠂ ᠡᠯ᠎ᠡ ᠠᠵᠢᠯ ᠲᠥᠷᠥᠯ ᠤᠨ ᠬᠢᠨ ᠦᠢᠯᠡᠳᠪᠦᠷᠢᠯᠡᠯ ᠠᠵᠢᠯ ᠢᠶᠠᠨ ᠰᠡᠷᠭᠦᠭᠡᠵᠦ᠂ ᠨᠡᠶᠢᠭᠡᠮ ᠲᠣᠭᠤᠷᠢᠭ ᠤᠨ ᠬᠠᠮᠢᠶᠠᠷᠤᠯᠲᠠ ᠶᠢᠨ ᠡᠮᠬᠢ ᠳᠢᠭᠯᠢᠮ ᠲᠣᠭᠲᠠᠭᠤᠨ ᠤ ᠳᠤᠮᠳᠠ ᠰᠠᠶᠢᠵᠢᠷᠠᠪᠠ᠃      ᠬᠤᠶᠠᠷ ᠲᠤ᠂ ᠨᠡᠶᠢᠭᠡᠮ ᠲᠣᠭᠤᠷᠢᠭ ᠢ ᠬᠠᠮᠢᠶᠠᠷᠬᠤ ᠶᠢᠨ ᠲᠥᠯᠥᠭᠡ ᠪᠢᠳᠡ ︽ᠬᠥᠬᠡᠬᠤᠲᠠ ᠶᠢᠨ ᠰᠠᠭᠤᠭᠠᠯᠢ ᠠᠷᠠᠳ ᠤᠨ ᠣᠷᠣᠵᠤ ᠭᠠᠷᠬᠤ ᠮᠡᠳᠡᠭᠡ ᠵᠠᠩᠭᠢ ᠶᠢᠨ ᠬᠠᠮᠢᠶᠠᠷᠤᠯᠲᠠ ᠶᠢᠨ ᠲᠠᠪᠴᠠᠩ︾ ᠢ ᠢᠳᠡᠪᠬᠢᠲᠡᠶ ᠬᠡᠷᠡᠭᠵᠢᠭᠦᠯᠵᠦ ᠂ ᠡᠯ᠎ᠡ ᠵᠢᠵᠢᠭ ᠲᠣᠭᠤᠷᠢᠭ ᠤᠨ ᠰᠠᠭᠤᠭᠠᠯᠢ ᠠᠷᠠᠳ ᠬᠤᠶᠠᠷ ᠬᠡᠮᠵᠢᠯᠳᠦ ᠺᠣᠳ᠋ ᠢ ᠰᠢᠷᠪᠢᠵᠦ ᠳᠡᠩᠰᠡᠯᠡᠨ ᠬᠠᠮᠢᠶᠠᠷᠤᠨ᠎ᠠ ᠃ ᠨᠡᠭᠦᠲᠡᠯ ᠲᠦᠷ ᠰᠠᠭᠤᠭ᠎ᠠ ᠬᠥᠮᠦᠨ ᠠᠮᠠ ᠳᠤ ︽ᠥᠪᠥᠷ ᠮᠣᠩᠭᠤᠯ ᠤᠨ ᠨᠡᠭᠦᠳᠡᠯ ᠬᠥᠮᠦᠨ ᠠᠮᠠ ᠶᠢᠨ ᠥᠪᠡᠰᠦᠪᠡᠨ ᠳᠠᠩᠰᠠᠯᠠᠬᠤ ᠰᠢᠰᠲ᠋ᠧᠮ︾ ᠢ ᠬᠡᠷᠡᠭᠯᠡᠨ ᠬᠤᠶᠠᠷ ᠬᠡᠮᠵᠢᠯᠳᠦ ᠺᠣᠳ᠋ ᠤᠨ ᠺᠣᠳ᠋ ᠪᠠᠶᠢᠭ᠎ᠠ ᠬᠥᠮᠦᠰ ᠪᠦᠬᠦᠨ ᠢ ᠲᠡᠷᠡ ᠳᠠᠷᠤᠶ ᠳᠤᠨᠢ ᠨᠡᠶᠢᠭᠡᠮ ᠲᠣᠭᠤᠷᠢᠭ ᠤᠨ ᠳᠠᠩᠰᠠᠯᠠᠯ ᠤᠨ ᠬᠢᠨᠠᠨ ᠪᠠᠶᠢᠴᠠᠭᠠ᠊ ᠰᠢᠷᠪᠢᠵᠦ ᠳᠠᠩᠰᠠᠯᠠᠬᠤ ᠬᠠᠮᠢᠶᠠᠷᠤᠯᠲᠠ ᠬᠢᠨ᠎ᠡ᠃ ᠬᠥᠬᠡᠬᠤᠲᠠ ᠳᠤ ᠠᠵᠢᠯ ᠣᠯᠵᠤ ᠬᠤᠳᠠᠯᠳᠤᠭ᠎ᠠ ᠡᠷᠬᠢᠯᠡᠵᠦ‌‍ᠯᠲᠠ ᠬᠢᠵᠦ᠂ ᠪᠡᠶ᠎ᠡ ᠶᠢᠨ ᠪᠠᠶᠢᠳᠠᠯ ᠢ ᠨᠢ ᠣᠶᠢᠯᠠᠭᠠᠨ ᠡᠵᠡᠮᠰᠢᠵᠦ᠂ ᠴᠠᠭ ᠲᠤᠬᠠᠶ ᠳᠤᠨᠢ ᠵᠣᠬᠢᠴᠠᠩᠭᠤᠶ ᠠᠷᠭ᠎ᠠ ᠬᠡᠮᠵᠢᠶ᠎ᠡ ᠠᠪᠴᠤ᠂ ᠬᠢᠵᠢᠭ ᠤᠨ ᠪᠠᠶᠢᠳᠠᠯ ᠢ ᠰᠡᠷᠭᠡᠶᠢᠯᠡᠨ ᠬᠢᠵᠠᠭᠠᠷᠯᠠᠬᠤ ᠠᠵᠢᠯ ᠢ ᠰᠠᠶᠢᠲᠤᠷ ᠬᠢᠵᠦ᠂ ᠬᠦᠴᠦ ᠶᠠᠪᠤᠭᠰᠠᠳ ᠢ ᠢᠳᠡᠪᠬᠢᠲᠡᠶ ᠬᠠᠪᠰᠤᠷᠤᠨ ᠬᠡᠪ ᠤᠨ ᠠᠵᠢᠯ ᠤᠨ ᠪᠠᠶᠢᠷᠢ ᠳᠤ ᠭᠠᠷᠭᠠᠵᠤ᠂ ᠡᠯ᠎ᠡ ᠠᠵᠢᠯ ᠲᠥᠷᠥᠯ ᠤᠨ ᠦᠢᠯᠡᠳᠪᠦᠷᠢᠯᠡᠯ ᠢᠶᠠᠨ ᠰᠡᠷᠭᠦᠭᠡᠵᠦ ᠠᠵᠢᠯ ᠢᠶᠠᠨ ᠰᠡᠷᠭᠦᠭᠡᠬᠦ ᠶᠢ ᠲᠦᠯᠬᠢᠨ ᠠᠬᠢᠭᠤᠯᠵᠤ ᠠᠵᠤ ᠠᠬᠤᠶ ᠶᠢᠨ ᠦᠢᠯᠡᠳᠪᠦᠷᠢᠯᠡᠯ ᠢᠶᠠᠨ ᠰᠡᠷᠭᠦᠭᠡᠬᠦ ᠶᠢ ᠠᠬᠢᠭᠤᠯᠤᠨ᠎ᠠ᠃       ᠭᠤᠷᠪᠠ ᠳᠤ᠂ ᠡᠯ᠎ᠡ ᠲᠣᠮᠢᠯᠠᠭᠰᠠᠨ ᠰᠠᠯᠪᠤᠷᠢ ᠶᠢᠨ ᠴᠣᠩᠬᠤᠪᠴᠢ ᠦᠢᠯᠡᠴᠢᠯᠡᠭᠡ ᠶᠢ ᠪᠦᠬᠦᠨ ᠢ ᠴᠢᠯᠥᠭᠡᠲᠡᠶ ᠪᠣᠯᠭᠠᠵᠤ᠂ ᠡᠷᠦᠬᠡ ᠠᠮᠠ ᠶᠢᠨ ᠲᠠᠩᠰᠠ ᠶᠢᠨ ᠪᠡᠶ᠎ᠡ ᠶᠢᠨ ᠦᠨᠡᠮᠯᠡᠯ ᠤᠨ ᠡᠯ᠎ᠡ ᠵᠦᠢᠯ ᠤᠨ ᠲᠤᠬᠠᠶᠢᠯᠠᠭᠰᠠᠨ ᠠᠵᠢᠯ ᠢ ᠬᠡᠪ ᠢᠶᠠᠷ ᠭᠦᠢᠴᠡᠳᠬᠡᠨ᠎ᠡ᠃ ᠬᠡᠷᠡᠭ ᠡᠷᠬᠢᠯᠡᠬᠦ ᠣᠯᠠᠨ ᠲᠦᠮᠡᠨ ᠤ ᠪᠡᠶ᠎ᠡ ᠶᠢᠨ ᠳᠤᠯᠠᠭᠠᠨ ᠢ ᠰᠢᠯᠭᠠᠨ ᠪᠠᠶᠢᠴᠠᠭᠠᠬᠤ ᠠᠵᠢᠯ ᠢ ᠰᠠᠶᠢᠲᠤᠷ ᠬᠢᠵᠦ᠂ ᠬᠠᠮᠠᠭᠠᠯᠠᠯᠲᠠ ᠶᠢᠨ ᠠᠮᠠᠪᠴᠢ ᠵᠡᠭᠦᠵᠦ᠂ ᠠᠵᠢᠯᠯᠠᠬᠤ ᠲᠠᠯᠠᠪᠤᠷ ᠢ ᠠᠷᠢᠭᠤᠳᠬᠠᠨ᠎ᠠ᠃ ᠤᠲᠠᠰᠤ ᠪᠠᠷ ᠪᠣᠯᠵᠣᠨ ᠭᠦᠢᠴᠡᠳᠬᠡᠬᠦ ᠶᠢ ᠬᠡᠷᠡᠭᠵᠢᠭᠦᠯᠵᠦ ᠣᠪᠣᠭᠠᠷᠠᠨ ᠮᠥᠷᠯᠡᠬᠦ ᠠᠴᠠ ᠵᠠᠶᠢᠯᠠᠰᠬᠢᠨ᠎ᠡ᠂ ᠭᠡᠷᠡᠴᠢ ᠦᠨᠡᠮᠯᠡᠯ ᠪᠠᠴᠢᠮ ᠭᠦᠢᠴᠡᠳᠬᠡᠬᠦ ᠳᠤ ᠣᠯᠠᠨ ᠲᠦᠮᠡᠨ ᠣᠷᠣᠰᠢᠨ ᠰᠠᠭᠤᠭ᠎ᠠ ᠭᠠᠵᠠᠷ ᠤᠨ ᠲᠣᠮᠢᠯᠠᠭᠰᠠᠨ ᠰᠠᠯᠪᠤᠷᠢ ᠳᠤ ᠬᠦᠷᠴᠦ ᠭᠦᠢᠴᠡᠳᠬᠡᠵᠦ ᠪᠣᠯᠤᠨ᠎ᠠ᠂ ᠭᠡᠷᠡᠴᠢ ᠦᠨᠡᠮᠯᠡᠯ ᠤᠨ ᠲᠦᠷᠭᠡᠨ ᠢᠯᠡᠭᠡᠯᠲᠡ ᠶᠢ ᠭᠥᠯᠢᠶᠡᠨ ᠠᠪᠤᠭᠴᠢ ᠶᠢᠨ ᠭᠠᠵᠠᠷ ᠲᠤ ᠢᠯᠡᠭᠡᠨ᠎ᠡ᠂ ᠨᠢᠭᠡ ᠯᠡ ᠤᠳᠠᠭ᠎ᠠ ᠳᠤ  ᠭᠦᠢᠴᠡᠳᠬᠡᠵᠦ ᠳᠠᠭᠤᠰᠬᠠᠵᠤ ᠳᠡᠶᠢᠯᠬᠦ ᠥᠬᠡᠶ ᠬᠡᠰᠡᠭ ᠡᠷᠦᠬᠡ ᠠᠮᠠ ᠶᠢᠨ ᠲᠠᠩᠰᠠ ᠶᠢᠨ ᠲᠤᠬᠠᠶᠢᠯᠠᠭᠰᠠᠨ ᠠᠵᠢᠯ ᠳᠤ ︽ᠳᠤᠲᠠᠭᠳᠠᠵᠤ ᠪᠠᠶᠢᠬᠤ ᠶᠢ ᠭᠥᠯᠢᠶᠡᠨ ᠠᠪᠴᠤ ᠰᠢᠢᠳᠪᠦᠷᠢᠯᠡᠬᠦ︾ ᠶᠢ ᠬᠡᠷᠡᠭᠵᠢᠭᠦᠯᠵᠦ᠂ ᠬᠢᠵᠢᠭ ᠤᠨ ᠪᠠᠶᠢᠳᠠᠯ ᠤᠨ ᠳᠠᠷᠠᠭ᠎ᠠ ᠮᠠᠲ᠋ᠧᠷᠢᠶᠠᠯ ᠢ ᠭᠦᠢᠴᠡᠭᠡᠬᠦ ᠬᠡᠷᠡᠭᠲᠡᠶ᠃ ᠪᠠᠰᠠ ︽ᠸᠢᠴᠠᠲ ᠤᠨ 24 ᠴᠠᠭ ᠤᠨ ᠴᠠᠭᠳᠠᠭ᠎ᠠ ᠶᠢᠨ ᠲᠣᠪᠴᠢᠶ᠎ᠠ︾ ᠶᠢᠨ ᠠᠰᠠᠭᠤᠨ ᠯᠠᠪᠯᠠᠬᠤ᠂ ᠠᠬᠢᠴᠠ ᠶᠢ ᠪᠠᠶᠢᠴᠠᠭᠠᠨ ᠯᠠᠪᠯᠠᠵᠤ ᠪᠣᠯᠤᠨ᠎ᠠ᠃      16. ᠬᠥᠲᠥᠯᠥᠭᠴᠢ      ᠨᠠᠷᠢᠨ ᠨᠢᠭᠲᠠ ᠠᠮᠢᠳᠤᠯᠢᠭ ᠲᠣᠳᠣᠷᠬᠠᠶᠢᠯᠠᠯᠲᠠ ᠨᠢ ᠳᠣᠲᠣᠭᠠᠳᠤ ᠶᠢ ᠬᠠᠮᠠᠭᠠᠯᠠᠬᠤ ︽ᠪᠠᠭᠤᠯᠭᠠᠬᠤ ᠬᠠᠮᠢᠶᠠᠷᠬᠤ ᠦᠢᠯᠡᠴᠢᠯᠡᠬᠦ︾ ᠳᠤ ᠨᠡᠩ ᠤᠯᠠᠨ ᠬᠦᠰᠡᠯ ᠡᠷᠡᠮᠡᠯᠵᠡᠯ ᠲᠠᠯᠪᠢᠵᠤ ᠥᠭᠬᠦᠯ᠎ᠡ᠂ ᠲᠠ ᠪᠥᠬᠦᠨ ᠤ ᠨᠠᠷᠢᠨ ᠲᠣᠳᠤᠷᠬᠠᠢ ᠲᠠᠶᠢᠯᠪᠤᠷᠢᠯᠠᠭᠰᠠᠨ ᠳᠤ ᠮᠠᠰᠢ ᠲᠠᠯᠠᠷᠬᠠᠵᠤ ᠪᠠᠶᠢᠨ᠎ᠠ᠃       17. ᠬᠠᠮᠢᠶᠠᠷᠤᠭᠴᠢ      ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠬᠤᠲᠣᠩ ᠠᠷᠠᠳ ᠤᠨ ᠲᠣᠭᠤᠷᠢᠭ ᠤᠨ ᠬᠤᠪᠢᠶᠠᠷᠢ ᠲᠣᠪᠴᠢᠶ᠎ᠠ ᠶᠢᠨ ᠤᠯᠤᠰ ᠲᠥᠷᠥ ᠶᠢᠨ ᠭᠡᠰᠢᠭᠦᠨ ᠪᠣᠤ ᠴᠢᠤᠸᠠᠨ ᠮᠢᠨ᠂ ᠡᠷᠦᠬᠡ ᠠᠮᠠ ᠶᠢᠨ ᠶᠠᠪᠤᠳᠠᠯ ᠤᠨ ᠶᠡᠭᠡ ᠠᠩᠭᠢ ᠶᠢᠨ ᠳᠠᠷᠤᠭ᠎ᠠ ᠯᠢ ᠵᠢᠶᠦ᠋ᠩ ᠳᠤ ᠲᠠᠯᠠᠷᠬᠠᠵᠤ ᠪᠠᠶᠢᠨ᠎ᠠ᠂ ᠰᠦᠯᠵᠢᠶᠡᠨ ᠠᠨᠳᠠ ᠨᠠᠷ ᠤᠨ ᠠᠩᠬᠠᠷᠤᠭᠰᠠᠨ ᠪᠠ ᠣᠷᠣᠯᠴᠠᠭᠰᠠᠨ ᠳᠤ ᠲᠠᠯᠠᠷᠬᠠᠵᠤ ᠪᠠᠶᠢᠨ᠎ᠠ᠂ ᠲᠣᠰ ᠬᠤᠭᠤᠴᠠᠭᠠᠨ ᠤ ᠰᠤᠷᠪᠤᠯᠵᠢᠯᠠᠭ᠎ᠠ ᠠᠳᠡ ᠬᠦᠷᠦᠭᠡᠳ ᠲᠡᠭᠦᠰᠦᠯ᠎ᠡ᠂ ᠲᠠᠯᠠᠷᠬᠠᠯ᠎ᠠ᠃
 
ᠢᠷᠡᠯᠲᠡ᠄ ᠬᠥᠬᠡᠬᠤᠲᠠ ᠶᠢᠨ ᠠᠷᠠᠳ ᠤᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号