《 ᠬᠦᠬᠡᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠭᠦᠬᠦ ᠶᠢ ᠭᠦᠨᠵᠡᠭᠡᠢ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠤᠯᠬᠤ ᠳᠤ ᠬᠦᠴᠦ ᠨᠡᠮᠡᠷᠢᠯᠡᠬᠦ ᠲᠤᠬᠠᠢ ᠬᠡᠷᠡᠭᠵᠢᠭᠦᠯᠬᠦ ᠲᠦᠰᠦᠯ 》 ᠢ ᠳᠠᠷᠤᠮᠠᠯᠯᠠ ᠶᠠᠪᠤᠭᠤᠯᠬᠤ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020-04-13
             ᠬᠥᠬᠡᠬᠤᠲᠠ ᠵᠠᠰᠠᠭ ᠠᠯᠪᠠᠨ ᠲᠠᠷᠬᠠᠭᠠᠭᠰᠠᠨ ﹇2019﹈ 35 ᠳ᠋ᠤᠭᠠᠷ ᠲᠣᠭᠠᠲᠤᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠠᠵᠤ ᠠᠬᠤᠢ ᠶᠢᠨ ᠮᠡᠷᠭᠡᠵᠢᠯ ᠤᠨ ᠨᠡᠭᠡᠬᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠄      《 ᠬᠦᠬᠡᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠭᠦᠬᠦ ᠶᠢ ᠭᠦᠨᠵᠡᠭᠡᠢ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠶᠢ ᠤᠯᠬᠤ ᠳᠤ ᠬᠦᠴᠦ ᠨᠡᠮᠡᠷᠢᠯᠡᠬᠦ ᠲᠤᠬᠠᠢ ᠬᠡᠷᠡᠭᠵᠢᠭᠦᠯᠬᠦ ᠲᠦᠰᠦᠯ》 ᠢ ᠠᠵᠤ ᠠᠬᠤᠢ ᠶᠢᠨ ᠠᠷᠠᠳ ᠤᠨ ᠵᠠᠰᠠᠭ ᠤᠨ ᠤᠷᠳᠤᠨ ᠢᠶᠠᠷ ᠵᠦᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠨᠠᠷᠢᠨ ᠬᠢᠨᠠᠮᠠᠭᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃           ᠬᠡᠷᠡᠭᠯᠡᠭᠡ ᠪᠠᠷ ᠶᠠᠳᠠᠭᠤ ᠶᠢ ᠲᠡᠳᠭᠦᠬᠦ ᠶᠢ ᠭᠦᠨᠵᠡᠭᠡᠢ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ           ᠢᠯᠠᠯᠲᠠ ᠤᠯᠬᠤ ᠳᠤ ᠬᠦᠴᠦ ᠨᠡᠮᠡᠷᠢᠯᠡᠬᠦ ᠲᠤᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠤᠷᠳᠤᠨ  ᠤ ᠠᠯᠪᠠᠨ ᠭᠡᠷ ᠶᠢᠨ ᠬᠡᠷᠡᠭᠵᠢᠭᠦᠯᠬᠦ ᠲᠦᠰᠦᠯᠡᠯ᠎ᠡ ᠬᠤᠰᠢᠭᠤ᠂ ᠰᠢᠶᠠᠨ᠂ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ᠂ ᠠᠵᠤ ᠠᠬᠤᠢ ᠮᠡᠷᠭᠡᠵᠢᠯ ᠤᠨ ᠨᠡᠭᠡᠬᠡᠯᠲᠡ ᠶᠢᠨ ᠲᠤᠭᠤᠷᠢᠭ ᠤᠨ ᠬᠠᠮᠢᠶᠠᠷᠤᠯᠲᠠ ᠶᠢᠨ ᠵᠦᠪᠯᠡᠯ᠂ ᠬᠤᠲᠠ ᠶᠢᠨ ᠬᠤᠯᠪᠤᠭᠳᠠᠯ ᠪᠦᠬᠦᠢ ᠰᠠᠯᠠᠭ᠎ᠠ ᠮᠦᠴᠢᠷ᠄      《  ᠬᠡᠷᠡᠭᠯᠡᠭᠡ ᠪᠠᠷ ᠶᠠᠳᠠᠭᠤ ᠶᠢ ᠲᠡᠳᠭᠦᠬᠦ ᠶᠢ ᠭᠦᠨᠵᠡᠭᠡᠢ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠤᠯᠬᠤ ᠳᠤ ᠬᠦᠴᠦ ᠨᠡᠮᠡᠷᠢᠯᠡᠬᠦ ᠲᠤᠬᠠᠢ ᠵᠢᠯᠤᠭᠤᠳᠬᠤ ᠰᠠᠨᠠᠯ  ᠢ ᠭᠦᠨᠵᠡᠭᠡᠢ ᠦᠷᠨᠢᠭᠦᠯᠬᠦ ᠲᠤᠬᠠᠢ ᠲᠦᠷᠦ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠠᠰᠤᠯᠭ᠎ᠠ》 ︵ᠤᠯᠤᠰ ᠠᠯᠪᠠᠨ ᠲᠠᠷᠬᠠᠭᠠᠭᠰᠠᠨ〔2018〕129 ᠳ᠋ᠤᠭᠠᠷ ᠲᠤᠭᠠᠲᠤ︶᠂《 ᠬᠡᠷᠡᠭᠯᠡᠭᠡ ᠪᠠᠷ ᠶᠠᠳᠠᠭᠤ ᠶᠢ ᠲᠡᠳᠭᠦᠬᠦ ᠶᠢ ᠭᠦᠨᠵᠡᠭᠡᠢ ᠥᠷᠨᠢᠭᠦᠯᠵᠦ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠤᠯᠬᠤ ᠳᠤ ᠬᠦᠴᠦ ᠨᠡᠮᠡᠷᠢᠯᠡᠬᠦ ᠲᠤᠬᠠᠢ ᠦᠪᠦᠷ ᠮᠤᠩᠭᠤᠯ ᠤᠨ ᠦᠪᠡᠷᠲᠡᠭᠡᠨ ᠵᠠᠰᠠᠬᠤ ᠤᠷᠤᠨ ᠤ ᠠᠷᠠᠳ ᠤᠨ ᠵᠠᠰᠠᠭ  ᠤᠨ ᠤᠷᠳᠤᠨ ᠤ ᠠᠯᠪᠠᠨ ᠲᠢᠩᠬᠢᠮ ᠤᠨ ᠬᠡᠷᠡᠭᠵᠢᠭᠦᠯᠬᠦ ᠰᠠᠨᠠᠯ》 ︵ᠦᠪᠦᠷ ᠵᠠᠰᠠᠭ ᠠᠯᠪᠠᠨ ᠲᠠᠷᠬᠠᠭᠠᠭᠰᠠᠨ〔2019〕19 ᠳ᠋ᠤᠭᠠᠷ ᠲᠤᠭᠠᠲᠤ ᠶᠢᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ ᠂ ᠮᠠᠨ ᠤ ᠬᠤᠲᠠ ᠶᠢᠨ ᠨᠡᠶᠢᠭᠡᠮ ᠤᠨ ᠡᠯ᠎ᠡ ᠡᠲᠡᠭᠡᠳ ᠤᠨ ᠬᠢᠨ ᠢ ᠳᠠᠶᠢᠴᠢᠯᠠᠨ ᠶᠠᠳᠠᠭᠤ ᠬᠦᠴᠢᠷᠳᠡᠯᠲᠡᠢ ᠭᠠᠵᠠᠷ ᠤᠷᠤᠨ ᠤ ᠪᠦᠲᠦᠭᠡᠭᠳᠡᠬᠦᠨ ᠪᠠ ᠦᠢᠯᠡᠴᠢᠯᠡᠭᠡᠨ ᠤ ᠬᠡᠷᠡᠭᠯᠡᠭᠡ ᠶᠢ ᠦᠷᠭᠡᠳᠭᠡᠵᠦ᠂ ᠪᠣᠭᠤᠮᠲᠠ ᠰᠢᠪᠲᠤᠯᠬᠤ ᠳᠠᠶᠢᠯᠠᠯᠳᠤᠭᠠᠨ ᠳᠤ ᠢᠯᠠᠯᠲᠠ ᠤᠯᠬᠤ ᠳᠤ ᠬᠦᠴᠦ ᠨᠡᠮᠡᠷᠢᠯᠡᠬᠦ ᠶᠢᠨ ᠲᠤᠰᠠᠳᠠ᠂ ᠡᠳᠦᠭᠡ ᠳᠤᠤᠷᠠᠬᠢ ᠮᠡᠲᠦ ᠬᠡᠷᠡᠭᠵᠢᠭᠦᠯᠬᠦ ᠲᠥᠰᠥᠯ ᠢ ᠲᠤᠭᠲᠠᠭᠠᠪᠠ᠃      ᠨᠢᠭᠡ᠂ ᠶᠡᠷᠦᠩᠬᠡᠢ ᠱᠠᠭᠠᠷᠳᠠᠯᠭ᠎ᠠ      ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠲᠤ ᠤᠯᠤᠰ ᠤᠨ ᠤᠨᠴᠠᠯᠢᠭ ᠪᠦᠬᠦᠢ ᠨᠡᠶᠢᠭᠡᠮ ᠵᠢᠷᠤᠮ  ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠤᠯᠭᠠᠵᠤ᠂ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠬᠢᠭᠡᠳ ᠠᠷᠪᠠ ᠶᠢᠰᠦᠳᠦᠭᠡᠷ ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠬᠤᠷᠠᠯ᠂ ᠭᠤᠷᠪᠠᠳᠤᠭᠠᠷ ᠬᠤᠷᠠᠯ᠂ ᠳᠦᠷᠪᠡᠳᠦᠭᠡᠷ ᠪᠦᠭᠦᠳᠡ ᠬᠤᠷᠠᠯ ᠤᠨ ᠵᠤᠷᠢᠭ ᠰᠠᠨᠠᠭ᠎ᠠ ᠶᠢ ᠪᠦᠬᠦ ᠲᠠᠯ᠎ᠠ ᠪᠠᠷ ᠲᠤᠭᠤᠰᠢᠯᠠᠭᠤᠯᠵᠤ᠂ ︽ᠲᠠᠪᠤ ᠶᠢ ᠨᠢᠭᠡ ᠴᠣᠭᠴᠠᠵᠢᠭᠤᠯᠬᠤ︾ ᠶᠡᠷᠦᠩᠬᠡᠶ ᠪᠠᠶᠢᠷᠢᠰᠢᠭᠤᠯᠤᠯᠲᠠ ᠶᠢ ᠨᠢᠭᠡᠳᠦᠯᠲᠡᠶ ᠲᠥᠯᠥᠪᠵᠢᠭᠦᠯᠦᠨ ᠠᠬᠢᠭᠤᠯᠬᠤ ᠪᠠ ︽ᠳᠥᠷᠪᠡᠨ ᠪᠦᠬᠦ ᠲᠠᠯ᠎ᠠ︾ ᠶᠢᠨ ᠪᠠᠶᠢᠯᠳᠤᠬᠤ ᠪᠣᠳᠣᠯᠭ᠎ᠠ ᠶᠢᠨ ᠪᠠᠶᠢᠷᠢᠰᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠪᠠᠷ ᠭᠤᠤᠯᠳᠠᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠶᠠᠳᠠᠭᠤ ᠶᠢ ᠲᠡᠳᠭᠦᠬᠦ ᠠᠵᠢᠯ ᠤᠨ ᠲᠤᠬᠠᠢ ᠴᠢᠬᠤᠯᠠ ᠦᠭᠦᠯᠡᠯᠲᠡ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠠᠮ ᠤᠨ ᠲᠦᠪ ᠬᠤᠷᠢᠶ᠎ᠠ ᠂ ᠲᠦᠷᠦ ᠶᠢᠨ ᠶᠠᠪᠤᠳᠠᠯ ᠤᠨ ᠬᠤᠷᠢᠶ᠎ᠠ᠂ ᠦᠪᠡᠷᠲᠡᠭᠡᠨ ᠵᠠᠰᠠᠬᠤ ᠤᠷᠤᠨ᠂ ᠬᠤᠲᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠤᠳᠤᠯᠭ᠎ᠠ ᠶᠢᠨ ᠪᠠᠶᠢᠷᠢᠯᠠᠭᠤᠯᠤᠯᠲᠠ ᠶᠣᠰᠣᠭᠠᠷ᠂ ᠰᠢᠨ᠎ᠡ ᠬᠦᠭᠵᠢᠯᠲᠠ ᠶᠢᠨ ᠤᠶᠢᠯᠠᠭᠠᠭᠳᠠᠬᠤᠨ ᠢ ᠪᠠᠷᠢᠮᠲᠠᠯᠠᠨ᠂ ᠣᠨᠢᠨ ᠳᠡᠭᠡᠷ᠎ᠡ ᠨᠢ ᠶᠠᠳᠠᠭᠤ ᠶᠢ ᠲᠡᠳᠬᠦᠬᠦ ᠣᠨᠢᠨ ᠳᠡᠭᠡᠷ᠎ᠡ ᠨᠢ ᠶᠠᠳᠠᠭᠤ ᠠᠴᠠ ᠠᠩᠭᠢᠵᠢᠷᠠᠭᠤᠯᠬᠤ ᠦᠨᠳᠦᠰᠦᠨ ᠠᠷᠭ᠎ᠠ ᠪᠣᠳᠣᠯᠭ᠎ᠠ ᠶᠢ ᠪᠠᠷᠢᠮᠲᠠᠯᠠᠵᠤ᠂ ᠶᠠᠳᠠᠭᠤ ᠬᠦᠴᠢᠷᠳᠡᠯᠲᠡᠶ ᠬᠥᠮᠦᠨ ᠠᠮᠠ ᠶᠢ ᠲᠣᠭᠲᠠᠭᠤᠨ ᠢᠶᠠᠷ ᠶᠠᠳᠠᠭᠤ ᠠᠴᠠ ᠠᠩᠭᠢᠵᠢᠷᠠᠭᠤᠯᠬᠤ ᠪᠠ ᠶᠠᠳᠠᠭᠤ ᠬᠦᠴᠢᠷᠳᠡᠯᠲᠡᠶ ᠭᠠᠵᠠᠷ ᠣᠷᠣᠨ ᠤ ᠠᠯᠤᠰ ᠬᠡᠲᠦ ᠶᠢᠨ ᠬᠥᠭᠵᠢᠯᠲᠡ ᠶᠢ ᠠᠬᠢᠭᠤᠯᠬᠤ ᠲᠠᠢ ᠤᠶᠠᠯᠳᠤᠭᠤᠯᠤᠨ᠂ ᠵᠠᠰᠠᠭ ᠤᠨ ᠣᠷᠳᠣᠨ ᠬᠥᠲᠥᠯᠥᠨ ᠵᠢᠯᠣᠭᠤᠳᠬᠤ᠂ ᠨᠡᠶᠢᠭᠡᠮ ᠤᠨ ᠬᠢᠨ ᠣᠷᠣᠯᠴᠠᠬᠤ᠂ ᠵᠠᠬ᠎ᠠ ᠳᠡᠯᠭᠡᠭᠦᠷ ᠢᠶᠠᠷ ᠠᠵᠢᠯᠯᠠᠭᠤᠯᠬᠤ᠂ ᠲᠣᠭᠲᠠᠴᠠ ᠶᠢᠨ ᠰᠢᠨ᠎ᠡ ᠶᠢ ᠡᠭᠦᠳᠬᠦ ᠶᠢ ᠪᠠᠷᠢᠮᠲᠠᠯᠠᠵᠤ᠂ ᠪᠥᠬᠦ ᠨᠡᠶᠢᠭᠡᠮ ᠤᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠣᠷᠣᠯᠴᠠᠬᠤ ᠢᠳᠡᠪᠬᠢᠵᠢᠯ ᠢ ᠬᠦᠴᠦᠯᠡᠨ ᠬᠥᠭᠵᠢᠭᠡᠵᠦ ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠣᠷᠣᠯᠠᠭᠤᠯᠭ᠎ᠠ ᠶᠢᠨ ᠠᠷᠭ᠎ᠠ ᠵᠠᠮ ᠢ ᠬᠦᠴᠦᠯᠡᠨ ᠥᠷᠭᠡᠳᠬᠡᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠠᠩᠭᠠᠯᠭ᠎ᠠ ᠶᠢᠨ ᠬᠢᠷᠢ ᠲᠦᠪᠰᠢᠨ ᠪᠠ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠥᠳᠡᠭᠡ ᠲᠣᠰᠬᠤᠨ ᠤ ᠵᠢᠭᠤᠯᠴᠢᠯᠠᠯ ᠢ ᠲᠦᠷᠭᠡᠳᠬᠡᠨ ᠬᠥᠭᠵᠢᠭᠦᠯᠬᠦ ᠶᠢ ᠬᠦᠴᠦᠯᠡᠨ ᠠᠬᠢᠭᠤᠯᠵᠤ᠂ ᠦᠢᠯᠡᠳᠪᠦᠷᠢᠯᠡᠯ᠂ ᠭᠦᠢᠯᠭᠡᠭᠡ᠂ ᠬᠡᠷᠡᠭᠯᠡᠭᠡ ᠶᠢᠨ ᠡᠯ᠎ᠡ ᠭᠤᠭᠴᠤᠭ᠎ᠠ ᠳᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠬᠢᠵᠠᠭᠠᠷᠯᠠᠵᠤ ᠪᠠᠶᠢᠭ᠎ᠠ ᠡᠪᠡᠷᠰᠢᠶᠡᠯ᠂ ᠬᠦᠴᠢᠷᠳᠡᠯ ᠪᠠ ᠲᠦᠭᠵᠢᠷᠡᠯ ᠢ ᠨᠡᠪᠲᠡᠷᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠯᠠᠨ ᠲᠦᠮᠡᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ᠂ ᠵᠢᠭᠤᠯᠴᠢᠯᠠᠯ ᠤᠨ ᠪᠦᠲᠦᠭᠡᠭᠳᠡᠬᠦᠨ᠂ ᠬᠥᠳᠡᠯᠮᠦᠷᠢ ᠦᠢᠯᠡᠴᠢᠯᠡᠭᠡᠨ ᠤ ᠦᠢᠯᠡᠴᠢᠯᠡᠭᠡ ᠬᠢᠭᠡᠳ ᠵᠠᠬ᠎ᠠ ᠳᠡᠯᠭᠡᠭᠦᠷ ᠤᠨ ᠬᠡᠷᠡᠭᠴᠡᠭᠡ ᠱᠠᠭᠠᠷᠳᠠᠯᠭ᠎ᠠ ᠶᠢ ᠪᠦᠲᠦᠮᠵᠢᠲᠡᠶ ᠵᠣᠯᠭᠠᠭᠤᠯᠬᠤ ᠶᠢ ᠠᠬᠢᠭᠤᠯᠵᠤ᠂ ᠬᠤᠪᠢ ᠪᠡᠶ᠎ᠡ ᠶᠢᠨ ᠬᠥᠭᠵᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠣᠷᠣᠯᠭ᠎ᠠ ᠶᠢ ᠦᠷᠭᠦᠯᠵᠢᠯᠡᠨ ᠨᠡᠮᠡᠭᠳᠡᠭᠦᠯᠬᠦ ᠤᠷᠲᠤ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠤᠢ ᠪᠣᠯᠭᠠᠨ᠎ᠠ᠃      ᠬᠤᠶᠠᠷ᠂ ᠭᠤᠤᠯ ᠡᠭᠦᠷᠭᠡ       ︵ᠨᠢᠭᠡ︶ ᠨᠡᠶᠢᠭᠡᠮ ᠤᠨ ᠪᠠᠷᠠᠭ᠎ᠠ ᠬᠤᠳᠠᠯᠳᠤᠨ ᠠᠪᠬᠤ ᠠᠵᠢᠯᠯᠠᠭ᠎ᠠ ᠶᠢ ᠦᠷᠭᠡᠨ ᠢᠶᠠᠷ ᠦᠷᠨᠢᠭᠦᠯᠬᠦ      1. ᠬᠤᠯᠪᠣᠭ᠎ᠠ ᠠᠪᠴᠤ ᠬᠠᠪᠰᠤᠷᠤᠨ ᠲᠡᠳᠭᠦᠬᠦ ᠠᠵᠢᠯᠯᠠᠭ᠎ᠠ ᠶᠢ ᠦᠷᠨᠢᠭᠦᠯᠦᠨ᠎ᠡ᠃ ᠪᠦᠬᠦ ᠬᠤᠲᠠ ᠶᠢᠨ ᠡᠯ᠎ᠡ ᠱᠠᠲᠤᠨ ᠤ ᠲᠤᠰᠬᠤᠨ ᠳᠠᠭᠠᠭᠠᠴᠢᠯᠠᠨ ᠬᠠᠪᠰᠤᠷᠤᠨ ᠲᠡᠳᠬᠦᠬᠦ ᠨᠢᠭᠡᠴᠡ᠂ ᠲᠤᠰᠬᠤᠨ ᠳᠤ ᠰᠠᠭᠤᠭ᠎ᠠ ᠠᠵᠢᠯᠯᠠᠬᠤ ᠠᠩᠭᠢ᠂ ᠬᠤᠣᠰᠯᠠᠯ ᠪᠣᠯᠵᠤ ᠬᠠᠰᠤᠷᠤᠨ ᠲᠡᠳᠭᠦᠬᠦ ᠺᠠᠳ᠋ᠷ ᠬᠠᠪᠰᠤᠷᠤᠨ ᠲᠡᠳᠬᠦᠬᠦ ᠡᠲᠡᠭᠡᠳ ᠤᠨ ᠦᠢᠯᠡᠳᠪᠦᠷᠢᠯᠡᠯ ᠠᠮᠢᠳᠤᠷᠠᠯ ᠤᠨ ᠪᠠᠶᠢᠳᠠᠯ ᠢ ᠭᠦᠨᠵᠡᠭᠡᠢ ᠤᠶᠢᠯᠠᠭᠠᠵᠤ᠂ ᠨᠠᠶᠢᠵᠠ ᠶᠢᠨ ᠲᠣᠭᠤᠷᠢᠭ᠂ ᠲᠦᠷᠦᠯ ᠰᠠᠲᠤᠨ ᠤ ᠲᠣᠭᠤᠷᠢᠭ  ᠢ ᠠᠰᠢᠭᠯᠠᠵᠤ᠂《 ᠬᠤᠳᠠᠯᠳᠤᠨ ᠠᠪᠬᠤ ᠪᠠᠷ ᠬᠠᠪᠰᠤᠷᠬᠤ ᠶᠢ ᠤᠷᠤᠯᠠᠭᠤᠯᠬᠤ᠂ ᠬᠤᠳᠠᠯᠳᠤᠨ ᠠᠪᠬᠤ ᠪᠠᠷ ᠲᠤᠰᠠᠯᠠᠬᠤ ᠶᠢ ᠤᠷᠤᠯᠠᠭᠤᠯᠬᠤ》 ᠵᠡᠷᠭᠡ ᠬᠡᠯᠪᠡᠷᠢ ᠪᠠᠷ ᠶᠠᠳᠠᠭᠤ ᠬᠦᠴᠢᠷᠳᠡᠯᠲᠡᠢ ᠭᠠᠵᠠᠷ ᠤᠷᠤᠨ ᠪᠠ ᠶᠠᠳᠠᠭᠤ ᠬᠦᠴᠢᠷᠳᠡᠯᠲᠡᠢ ᠬᠦᠮᠦᠰ ᠤᠨ ᠲᠠᠷᠢᠶᠠᠯᠠᠩ ᠤᠨ ᠪᠦᠲᠦᠭᠡᠭᠳᠡᠬᠦᠨ ᠢ ᠤᠷᠢᠳᠠᠪᠡᠷ ᠬᠤᠳᠠᠯᠳᠤᠨ ᠠᠪᠤᠨ᠎ᠠ᠃      2. ᠬᠤᠭᠤᠯᠠᠨ ᠭᠡᠷ ᠲᠤ ᠰᠢᠭᠤᠳ ᠬᠠᠩᠭᠠᠬᠤ ᠠᠵᠢᠯᠯᠠᠭ᠎ᠠ ᠶᠢ ᠦᠷᠨᠢᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠠᠷᠢᠶᠠᠯᠠᠩ ᠶᠢᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠢ ᠪᠠᠶᠢᠭᠤᠯᠭ᠎ᠠ᠂ ᠰᠤᠷᠭᠠᠭᠤᠯᠢ᠂ ᠡᠮᠨᠡᠯᠭᠡ᠂ ᠮᠦᠩᠭᠦᠨ ᠭᠦᠢᠯᠭᠡᠭᠡᠨ ᠤ ᠪᠠᠶᠢᠭᠤᠯᠤᠮᠵᠢ ᠪᠤᠯᠤᠨ ᠠᠵᠤ ᠠᠬᠤᠶᠢᠯᠯᠠᠯ ᠤᠨ ᠨᠢᠭᠡᠴᠡ ᠶᠢᠨ ᠬᠤᠭᠤᠯᠠᠨ ᠭᠡᠷ ᠲᠤ ᠰᠢᠭᠤᠳ ᠪᠤᠷᠤᠯᠠᠭᠤᠯᠬᠤ ᠠᠵᠢᠯᠯᠠᠭ᠎ᠠ ᠶᠢ ᠵᠤᠬᠢᠶᠠᠨ ᠪᠠᠶᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠤᠷᠤᠨ  ᠲᠠᠢ ᠦᠷᠭᠦᠯᠵᠢᠯᠡᠨ ᠲᠤᠭᠲᠠᠪᠤᠷᠢᠲᠠᠢ ᠬᠤᠳᠠᠯᠳᠤᠨ ᠠᠪᠬᠤ ᠪᠠ ᠪᠤᠷᠤᠯᠠᠭᠤᠯᠬᠤ ᠬᠠᠮᠲᠤᠷᠠᠯᠴᠠᠭᠠᠨ ᠤ ᠬᠠᠷᠢᠴᠠᠭ᠎ᠠ ᠶᠢ ᠪᠠᠶᠢᠭᠤᠯᠵᠤ᠂ ᠶᠠᠳᠠᠭᠤ ᠬᠦᠴᠢᠷᠳᠡᠯᠲᠠᠢ ᠭᠠᠵᠠᠷ ᠤᠷᠤᠨ ᠤ ᠦᠢᠯᠡᠳᠭᠦᠨ ᠪᠠ ᠦᠢᠯᠡᠴᠢᠯᠡᠭᠡᠨ ᠤ ᠬᠡᠷᠡᠭᠯᠡᠭᠡ ᠶᠢ ᠦᠷᠭᠡᠳᠭᠡᠨ᠎ᠡ᠃ ︵ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ᠂ ᠰᠤᠷᠭᠠᠨ ᠬᠦᠮᠦᠵᠢᠯ  ᠤᠨ ᠲᠤᠪᠴᠢᠶ᠎ᠠ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠦᠪᠯᠡᠯ᠂ ᠶᠠᠳᠠᠭᠤ ᠶᠢ ᠲᠡᠳᠭᠦᠬᠦ ᠠᠯᠪᠠᠨ ᠭᠡᠷ᠂ ᠮᠦᠩᠭᠦᠨ ᠭᠦᠢᠯᠭᠡᠭᠡᠨ ᠤ ᠠᠯᠪᠠᠨ ᠭᠡᠷ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ ᠵᠡᠷᠭᠡ ᠠᠴᠠ ᠬᠠᠷᠢᠭᠤᠴᠠᠨ᠎ᠠ︶      3.ᠤᠷᠢᠳᠠᠪᠡᠷ ᠰᠢᠯᠢᠨ ᠬᠤᠳᠠᠯᠳᠤᠵᠤ ᠠᠪᠬᠤ ᠠᠵᠢᠯᠯᠠᠭ᠎ᠠ ᠶᠢ ᠦᠷᠨᠢᠭᠦᠯᠦᠨ᠎ᠡ᠃ ᠡᠯ᠎ᠡ ᠱᠠᠲᠤᠨ ᠤ ᠪᠠᠶᠢᠭᠤᠯᠭ᠎ᠠ᠂ ᠤᠯᠤᠰ ᠤᠨ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠮᠦᠩᠭᠦᠨ ᠭᠦᠢᠯᠭᠡᠭᠡᠨ ᠤ ᠪᠠᠶᠢᠭᠤᠯᠤᠮᠵᠢ᠂ ᠶᠡᠭᠡ ᠳᠡᠭᠡᠲᠦ ᠰᠤᠷᠭᠠᠭᠤᠯᠢ᠂ ᠨᠠᠰᠤᠵᠢᠯ ᠤᠨ ᠦᠢᠯᠡᠴᠢᠯᠡᠭᠡᠨ ᠤ ᠪᠠᠶᠢᠭᠤᠯᠤᠮᠵᠢ᠂ ᠠᠵᠢᠯᠴᠢᠨ ᠤ ᠡᠪᠯᠡᠯ ᠵᠡᠷᠭᠡ ᠠᠳᠠᠯᠢ ᠨᠥᠬᠦᠴᠡᠯ ᠳᠣᠣᠷ᠎ᠠ ᠶᠠᠳᠠᠭᠤ ᠬᠦᠴᠢᠷᠳᠡᠯᠲᠡᠢ ᠭᠠᠵᠠᠷ ᠤᠷᠤᠨ ᠤ ᠦᠢᠯᠡᠳᠭᠦᠨ ᠢ ᠤᠷᠢᠳᠠᠪᠡᠷ ᠬᠤᠳᠠᠯᠳᠤᠨ ᠠᠪᠴᠤ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠦᠢᠯᠡᠴᠢᠯᠡᠭᠡᠨ ᠤ ᠠᠵᠢᠯᠲᠠᠨ ᠢ ᠤᠷᠢᠨ ᠬᠡᠷᠡᠭᠯᠡᠵᠦ᠂ ᠺᠠᠳ᠋ᠷ ᠠᠵᠢᠯᠲᠠᠨ ᠠᠵᠢᠯᠴᠢᠨ ᠤ ᠶᠠᠳᠠᠭᠤ ᠬᠦᠴᠢᠷᠳᠡᠯᠲᠡᠢ ᠭᠠᠵᠠᠷ ᠤᠷᠤᠨ ᠤ ᠦᠯᠡᠳᠭᠦᠨ ᠢ ᠬᠤᠳᠠᠯᠳᠤᠨ ᠠᠪᠬᠤ ᠪᠠ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠤᠴᠢᠵᠤ ᠵᠢᠭᠤᠯᠠᠴᠢᠯᠠᠬᠤ ᠶᠢ ᠬᠦᠲᠦᠯᠦᠨ ᠵᠢᠯᠤᠭᠤᠳᠴᠤ ᠬᠤᠯᠪᠤᠭᠳᠠᠯ ᠪᠦᠬᠦᠢ ᠲᠤᠭᠳᠠᠭᠠᠯ ᠶᠤᠰᠤᠭᠠᠷ ᠠᠵᠢᠯᠲᠠᠨ ᠠᠵᠢᠯᠴᠢᠨ ᠢ ᠵᠤᠬᠢᠶᠠᠨ ᠪᠠᠶᠢᠭᠤᠯᠤᠨ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠤᠴᠢᠵᠤ ᠠᠵᠢᠯᠴᠢᠨ ᠤ ᠡᠪᠯᠡᠯ ᠤᠨ ᠠᠵᠢᠯᠯᠠᠭ᠎ᠠ ᠥᠷᠨᠢᠭᠦᠯᠦᠨ᠎ᠡ᠃ ︵ᠬᠤᠲᠠ ᠶᠢᠨ ᠶᠠᠳᠠᠭᠤ ᠶᠢ ᠲᠡᠳᠭᠦᠬᠦ ᠠᠯᠪᠠᠨ ᠭᠡᠷ᠂ ᠠᠵᠢᠯᠴᠢᠨ ᠤ ᠶᠡᠷᠦᠩᠬᠡᠢ ᠡᠪᠯᠡᠯ᠂ ᠰᠤᠷᠭᠠᠨ ᠬᠦᠮᠦᠵᠢᠯ ᠤᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠤᠪᠴᠢᠶ᠎ᠠ ᠵᠡᠷᠭᠡ ᠠᠴᠠ ᠬᠠᠷᠢᠭᠤᠴᠠᠨ᠎ᠠ︶      4. ᠪᠡᠭᠡᠵᠢᠩ ᠦᠪᠦᠷ ᠮᠤᠩᠭᠤᠯ ᠤᠨ ᠬᠡᠷᠡᠭᠯᠡᠭᠡ ᠪᠠᠷ ᠶᠠᠳᠠᠭᠤ ᠶᠢ ᠲᠡᠳᠭᠦᠬᠦ ᠬᠠᠮᠵᠢᠯᠴᠠᠭ᠎ᠠ ᠶᠢᠨ ᠠᠵᠢᠯᠯᠠᠭ᠎ᠠ  ᠶᠢ ᠦᠷᠨᠢᠭᠦᠯᠦᠨ᠎ᠡ᠃ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠦᠴᠢᠷ ᠵᠢᠴᠢ ᠦᠴᠤᠸᠠᠨ ᠰᠢᠶᠠᠨ ᠪᠡᠭᠡᠵᠢᠩ ᠬᠤᠲᠠ  ᠶᠢᠨ ᠮᠧᠨ ᠲᠸᠤ ᠭᠸᠤ ᠲᠤᠭᠤᠷᠢᠭ ᠯᠤᠭ᠎ᠠ ᠢᠳᠡᠪᠬᠢᠲᠡᠢ ᠪᠠᠷ ᠨᠡᠪᠲᠡᠷᠡᠯᠴᠡᠨ ᠬᠠᠮᠵᠢᠯᠴᠠᠵᠤ᠂ ᠮᠡᠷᠭᠡᠵᠢᠯ ᠤᠨ ᠴᠢᠳᠠᠪᠤᠷᠢ  ᠶᠢᠨ ᠪᠤᠯᠪᠠᠰᠤᠷᠠᠭᠤᠯᠣᠯ  ᠦᠷᠨᠢᠭᠦᠯᠬᠦ᠂ ᠬᠦᠳᠡᠯᠮᠦᠷᠢ ᠬᠦᠴᠦᠨ ᠤ ᠭᠠᠷᠭᠠᠯᠲᠠ ᠶᠢ ᠨᠡᠮᠡᠭᠳᠡᠭᠦᠯᠬᠦ᠂ ᠬᠦᠳᠡᠯᠮᠦᠷᠢ ᠨᠢᠭᠲᠠᠷᠠᠭᠰᠠᠨ ᠬᠡᠯᠪᠡᠷᠢ ᠶᠢᠨ ᠠᠵᠤ ᠠᠬᠤᠶᠢᠯᠠᠯ ᠢ ᠲᠠᠲᠠᠵᠤ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠶᠠᠳᠠᠭᠤ  ᠶᠢ ᠲᠡᠳᠭᠦᠬᠦ ᠦᠢᠯᠡᠳᠪᠦᠷᠢ ᠶᠢᠨ ᠲᠠᠰᠤᠭ ᠪᠠᠶᠢᠭᠤᠯᠬᠤ ᠵᠡᠷᠭᠡ ᠬᠡᠯᠪᠡᠷᠢ ᠪᠠᠷ ᠶᠠᠳᠠᠭᠤ ᠬᠦᠴᠢᠷᠳᠡᠯᠲᠡᠢ ᠬᠦᠳᠡᠯᠮᠦᠷᠢ ᠬᠦᠴᠦᠨ ᠢ ᠬᠠᠪᠰᠤᠷᠤᠨ ᠠᠵᠢᠯ ᠤᠯᠬᠤ ᠶᠢ ᠨᠡᠮᠡᠭᠳᠡᠭᠦᠯᠦᠨ᠎ᠡ᠃ ︵ᠬᠤᠲᠠ ᠶᠢᠨ ᠶᠠᠳᠠᠭᠤ ᠶᠢ ᠲᠡᠳᠭᠦᠬᠦ ᠠᠯᠪᠠᠨ ᠭᠡᠷ ᠂ ᠬᠦᠮᠦᠨ ᠤ ᠬᠦᠴᠦᠨ ᠤ ᠡᠬᠡ ᠪᠠᠶᠠᠯᠢᠭ ᠪᠠ ᠨᠡᠶᠢᠭᠡᠮ ᠤᠨ ᠪᠠᠲᠤᠯᠭ᠎ᠠ ᠶᠢᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠵᠡᠷᠭᠡ᠂ ᠦᠴᠤᠸᠠᠨ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      5. ᠨᠡᠶᠢᠭᠡᠮ ᠤᠨ ᠠᠵᠤ ᠠᠬᠤᠶᠢᠯᠠᠯ ᠤᠨ ᠬᠡᠷᠡᠭᠯᠡᠭᠡ ᠪᠠᠷ ᠶᠠᠳᠠᠭᠤ ᠶᠢ ᠲᠡᠳᠭᠦᠬᠦ ᠳᠤ ᠤᠷᠤᠯᠴᠠᠬᠤ ᠠᠵᠢᠯᠯᠠᠭ᠎ᠠ ᠶᠢ ᠦᠷᠨᠢᠭᠦᠯᠦᠨ᠎ᠡ᠃ ᠬᠡᠷᠡᠭᠯᠡᠭᠡ ᠪᠠᠷ ᠶᠠᠳᠠᠭᠤ ᠶᠢ ᠲᠡᠳᠭᠦᠬᠦ ᠶᠢ《 ᠵᠠᠭᠤᠨ ᠠᠵᠤ ᠠᠬᠤᠶᠢᠯᠠᠯ ᠵᠠᠭᠤᠨ ᠲᠤᠰᠬᠤᠨ ᠲᠠᠢ ᠬᠤᠯᠪᠤᠭᠠᠯᠠᠬᠤ》 ᠠᠵᠢᠯᠯᠠᠭ᠎ᠠ ᠳᠤ ᠤᠷᠤᠭᠤᠯᠵᠤ᠂ ᠨᠡᠶᠢᠭᠡᠮ ᠤᠨ ᠠᠵᠤ ᠠᠬᠤᠶᠢᠯᠠᠯ ᠤᠨ ᠴᠡᠭ ᠲᠤᠭᠲᠠᠭᠠᠨ ᠬᠤᠳᠠᠯᠳᠤᠨ ᠠᠪᠬᠤ᠂ ᠲᠦᠪᠬᠢᠨᠡᠭᠦᠯᠦᠨ ᠠᠵᠢᠯ ᠤᠯᠭᠤᠬᠤ᠂ ᠲᠦᠷᠦᠯ ᠵᠦᠢᠯ ᠢᠶᠠᠷ ᠬᠠᠪᠰᠤᠷᠤᠨ ᠲᠡᠳᠭᠦᠬᠦ ᠵᠡᠷᠭᠡ ᠠᠷᠭ᠎ᠠ ᠮᠠᠶ᠋ᠢᠭ ᠢ ᠠᠪᠴᠤ ᠪᠠᠶᠢᠭᠠᠳ ᠶᠠᠳᠠᠭᠤ ᠬᠦᠴᠢᠷᠳᠡᠯᠲᠡᠢ ᠭᠠᠵᠠᠷ ᠤᠷᠤᠨ ᠤ ᠦᠢᠯᠡᠳᠭᠦᠨ ᠪᠠ ᠦᠢᠯᠡᠴᠢᠯᠡᠭᠡᠨ ᠢ ᠪᠤᠷᠤᠯᠠᠭᠤᠯᠬᠤ ᠶᠢ ᠠᠬᠢᠭᠤᠯᠤᠨ᠎ᠠ᠃ ︵ᠬᠤᠲᠠ ᠶᠢᠨ ᠨᠠᠮ ᠤᠨ ᠬᠤᠷᠢᠶ᠎ᠠ ᠶᠢᠨ ᠨᠢᠭᠡᠲᠦᠮᠡᠯ ᠹᠷᠤᠨᠲ  ᠤᠨ ᠬᠡᠯᠲᠡᠰ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠶᠠᠳᠠᠭᠤ ᠶᠢ ᠲᠡᠳᠭᠦᠬᠦ ᠠᠯᠪᠠᠨ ᠭᠡᠷ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠬᠠᠷᠢᠭᠤᠴᠠᠨ᠎ᠠ︶      6. ᠨᠡᠶᠢᠭᠡᠮ ᠤᠨ ᠵᠤᠬᠢᠶᠠᠨ ᠪᠠᠶᠢᠭᠤᠯᠤᠯᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠭᠦᠬᠦ ᠬᠠᠪᠰᠤᠷᠤᠨ ᠲᠡᠳᠭᠦᠬᠦ ᠠᠵᠢᠯᠯᠠᠭ᠎ᠠ ᠶᠢ ᠦᠷᠨᠢᠭᠦᠯᠦᠨ᠎ᠡ᠃ ᠠᠵᠢᠯ ᠲᠦᠷᠦᠯ ᠤᠨ ᠨᠡᠶᠢᠭᠡᠮᠯᠢᠭ᠂ ᠬᠤᠳᠠᠯᠳᠤᠭᠠᠴᠢᠳ ᠤᠨ ᠨᠡᠶᠢᠭᠡᠮᠯᠢᠭ᠂ ᠨᠢᠭᠦᠯᠡᠰᠦᠩᠭᠦᠢ ᠪᠠᠶᠢᠭᠤᠯᠤᠮᠵᠢ ᠶᠢᠨ ᠨᠡᠶᠢᠭᠡᠮ ᠤᠨ ᠵᠤᠬᠢᠶᠠᠨ ᠪᠠᠶᠢᠭᠤᠯᠤᠮᠵᠢ ᠶᠢᠨ ᠦᠢᠯᠡᠳᠦᠯ ᠢ ᠭᠦᠢᠴᠡᠳ ᠪᠠᠳᠠᠷᠠᠭᠤᠯᠵᠤ᠂ ᠬᠠᠶᠢᠷ᠎ᠠ ᠬᠠᠯᠠᠮᠵᠢ ᠲᠠᠢ ᠠᠵᠤ ᠠᠬᠤᠶᠢᠯᠠᠯ᠂ ᠬᠠᠶᠢᠷ᠎ᠠ ᠬᠠᠯᠠᠮᠵᠢ ᠲᠠᠢ ᠪᠦᠯᠬᠦᠮ᠂ ᠬᠠᠶᠢᠷ᠎ᠠ ᠬᠠᠯᠠᠮᠵᠢ ᠲᠠᠢ ᠬᠦᠮᠦᠰ ᠵᠡᠷᠭᠡ ᠨᠡᠶᠢᠭᠡᠮ ᠤᠨ ᠬᠦᠴᠦᠨ ᠢ ᠦᠷᠭᠡᠨ ᠢᠶᠠᠷ ᠳᠠᠶᠢᠴᠢᠯᠠᠵᠤ᠂《 ᠬᠤᠳᠠᠯᠳᠤᠨ ᠠᠪᠬᠤ ᠪᠠᠷ ᠬᠠᠪᠰᠤᠷᠬᠤ ᠶᠢ ᠤᠷᠤᠯᠠᠭᠤᠯᠬᠤ᠂ ᠬᠤᠳᠠᠯᠳᠤᠨ ᠠᠪᠴᠤ ᠲᠤᠰᠠᠯᠠᠬᠤ ᠶᠢ ᠤᠷᠤᠯᠠᠭᠤᠯᠬᠤ》 ᠵᠡᠷᠭᠡ ᠬᠡᠯᠪᠡᠷᠢ ᠪᠠᠷ ᠶᠠᠳᠠᠭᠤ ᠬᠦᠴᠢᠷᠳᠡᠯᠲᠡᠢ ᠭᠠᠵᠠᠷ ᠤᠷᠤᠨ ᠤ ᠦᠢᠯᠡᠳᠭᠦᠨ ᠪᠠ ᠦᠢᠯᠡᠴᠢᠯᠡᠭᠡ ᠶᠢ ᠬᠤᠳᠠᠯᠳᠤᠨ ᠠᠪᠬᠤ ᠪᠤᠶᠤ ᠪᠣᠷᠣᠯᠠᠭᠤᠯᠭ᠎ᠠ ᠶᠢ ᠠᠬᠢᠭᠤᠯᠤᠨ᠎ᠠ᠃ ︵ᠬᠤᠲᠠ ᠶᠢᠨ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠶᠠᠳᠠᠭᠤ  ᠶᠢ ᠲᠡᠳᠭᠦᠬᠦ ᠠᠯᠪᠠᠨ ᠭᠡᠷ᠂ ᠠᠷᠠᠳ ᠤᠨ ᠶᠠᠪᠤᠳᠠᠯ ᠤᠨ ᠲᠤᠪᠴᠢᠶ᠎ᠠ᠂ ᠤᠯᠤᠰ ᠤᠨ ᠦᠮᠴᠢᠯᠡᠯᠲᠦ ᠡᠳ᠋ ᠬᠦᠷᠦᠩᠭᠡ ᠶᠢᠨ ᠬᠢᠨᠠᠯᠲᠠ ᠬᠠᠮᠢᠶᠠᠷᠤᠯᠲᠠ ᠶᠢᠨ ᠵᠦᠪᠯᠡᠯ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ  ᠤᠨ ᠵᠠᠰᠠᠭ ᠤᠨ ᠤᠷᠳᠤᠨ ᠠᠴᠠ ᠬᠠᠷᠢᠭᠤᠠᠨ᠎ᠠ︶      ︵ᠬᠤᠶᠠᠷ︶ ᠭᠦᠢᠯᠭᠡᠭᠡ ᠪᠠ ᠪᠤᠷᠤᠯᠠᠭᠤᠯᠭ᠎ᠠ ᠶᠢᠨ ᠠᠷᠭ᠎ᠠ ᠵᠠᠮ ᠢ ᠰᠠᠭᠠᠳ ᠦᠭᠡᠢ ᠨᠡᠪᠲᠡᠷᠡᠭᠦᠯᠬᠦ ᠠᠵᠢᠯᠯᠠᠭ᠎ᠠ  ᠶᠢ ᠶᠡᠭᠡ ᠪᠠᠷ ᠬᠡᠷᠡᠭᠵᠢᠭᠦᠯᠦᠨ᠎ᠡ      7. ᠦᠢᠯᠡᠳᠪᠦᠷᠢᠯᠡᠬᠦ ᠪᠣᠷᠣᠯᠠᠭᠤᠯᠬᠤ ᠶᠢ ᠵᠣᠯᠭᠠᠭᠤᠯᠬᠤ ᠲᠤᠭᠲᠠᠴᠠ ᠶᠢ ᠪᠠᠶᠢᠭᠤᠯᠤᠨ᠎ᠠ᠃ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠰᠤᠷᠭᠠᠭᠤᠯᠢ ᠳᠤ ᠤᠷᠤᠭᠤᠯᠬᠤ᠂ ᠠᠵᠤ ᠠᠬᠤᠶᠢᠯᠠᠯ ᠳᠤ ᠤᠷᠤᠭᠤᠯᠬᠤ᠂ ᠪᠠᠶᠢᠭᠤᠯᠭ᠎ᠠ ᠳᠤ ᠤᠷᠤᠭᠤᠯᠬᠤ᠂ ᠬᠦᠷᠢᠶᠡᠯᠡᠩ ᠲᠤᠭᠤᠷᠢᠭ  ᠳᠤ ᠤᠷᠤᠭᠤᠯᠬᠤ᠂ ᠨᠡᠶᠢᠭᠡᠮ ᠲᠤᠭᠤᠷᠢᠭ ᠳᠤ ᠤᠷᠤᠭᠤᠯᠬᠤ᠂ ᠬᠤᠳᠠᠯᠳᠤᠭ᠎ᠠ ᠬᠡᠳᠦ ᠳᠡᠯᠭᠡᠭᠦᠷ ᠲᠤ ᠤᠷᠤᠭᠤᠯᠬᠤ᠂ ᠡᠯᠧᠺᠲᠷᠣᠨ ᠬᠤᠳᠠᠯᠳᠤᠭ᠎ᠠ ᠳᠤ ᠤᠷᠤᠭᠤᠯᠬᠤ᠂ ᠲᠧᠯᠸᠢᠰ ᠲᠤ ᠤᠷᠤᠭᠤᠯᠬᠤ《 ᠨᠠᠢᠮᠠ ᠳᠤ ᠤᠷᠤᠭᠤᠯᠬᠤ》ᠠᠵᠢᠯᠯᠠᠭ᠎ᠠ ᠶᠢ ᠦᠷᠨᠢᠭᠦᠯᠵᠦ᠂ ᠡᠯ᠎ᠡ ᠲᠦᠷᠦᠯ ᠤᠨ ᠪᠦᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ᠂ ᠲᠤᠮᠤ ᠬᠡᠯᠪᠡᠷᠢ ᠶᠢᠨ ᠬᠡᠳᠦ ᠳᠡᠯᠭᠡᠭᠦᠷ᠂ ᠡᠯᠧᠺᠡᠲ᠋ᠧᠷᠤᠨ ᠬᠤᠳᠠᠯᠳᠤᠭᠠᠨ ᠤ ᠠᠵᠤ ᠠᠬᠤᠶᠢᠯᠠᠯ ᠵᠡᠷᠭᠡ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠭᠦᠢᠯᠭᠡᠭᠡᠨ ᠤ ᠭᠤᠤᠯ ᠴᠤᠭᠴᠠ ᠶᠢᠨ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠣᠴᠢᠵᠤ ᠬᠢᠨᠠᠨ ᠪᠠᠶᠢᠴᠠᠭᠠᠯᠲᠠ ᠬᠢᠬᠦ᠂ ᠬᠡᠯᠡᠯᠴᠡᠭᠡᠷ ᠲᠣᠭᠲᠠᠭᠠᠬᠤ᠂ ᠲᠤᠭᠲᠠᠭᠤᠨ ᠪᠦᠬᠦᠢ ᠦᠢᠯᠡᠳᠪᠦᠷᠢᠯᠡᠬᠦ ᠪᠣᠷᠣᠯᠠᠭᠤᠯᠬᠤ ᠬᠠᠷᠢᠴᠠᠭ᠎ᠠ ᠪᠠᠶᠢᠭᠤᠯᠬᠤ ᠶᠢ ᠵᠣᠬᠢᠶᠠᠨ ᠪᠠᠶᠢᠭᠤᠯᠤᠨ᠎ᠠ᠃ ᠰᠢᠤᠳᠠᠨ ᠤ ᠰᠢᠰᠲ᠋ᠧᠮ᠂ ᠬᠠᠩᠭᠠᠨ ᠪᠤᠷᠤᠯᠠᠭᠤᠯᠬᠤ ᠰᠢᠰᠲ᠋ᠧᠮ ᠤᠨ ᠬᠦᠳᠡᠭᠡ ᠲᠤᠰᠬᠤᠨ ᠳᠠᠬᠢ ᠲᠤᠤᠷ ᠴᠡᠭ ᠤᠨ ᠪᠠᠶᠢᠷᠢᠰᠢᠭᠤᠯᠤᠯᠲᠠ ᠦᠷᠭᠡᠨ ᠳᠡᠯᠭᠡᠷ ᠪᠠᠶᠢᠬᠤ ᠳᠠᠪᠠᠭᠤᠯᠢᠭ ᠢ ᠪᠠᠳᠠᠷᠠᠭᠤᠯᠬᠤ ᠪᠠᠷ ᠳᠡᠮᠵᠢᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠡᠳ᠋ᠰᠢᠭᠦᠯᠬᠦ᠂ ᠭᠦᠢᠯᠭᠡᠭᠡᠨ ᠤ ᠠᠵᠤ ᠠᠬᠤᠶᠢᠯᠠᠯ ᠯᠤᠭ᠎ᠠ ᠤᠷᠲᠤ ᠬᠤᠭᠤᠴᠠᠭᠠᠨ ᠤ ᠲᠤᠭᠲᠠᠭᠤᠨ ᠪᠦᠬᠦᠢ ᠦᠢᠯᠡᠳᠪᠦᠷᠢᠯᠡᠬᠦ ᠪᠣᠷᠣᠯᠠᠭᠤᠯᠬᠤ ᠬᠠᠷᠢᠴᠠᠭ᠎ᠠ ᠶᠢ ᠪᠠᠶᠢᠭᠤᠯᠵᠤ᠂ ᠲᠠᠷᠢᠶᠠᠯᠠᠩ ᠳᠤ ᠬᠤᠯᠪᠤᠭᠳᠠᠬᠤ ᠪᠤᠰᠤᠳ ᠭᠤᠤᠯ ᠴᠤᠭᠴᠠ ᠲᠠᠢ ᠬᠤᠯᠪᠤᠭᠠᠯᠠᠨ ᠤᠨᠴᠠᠯᠢᠭᠲᠤ ᠲᠠᠷᠢᠶᠠᠯᠠᠩ ᠤᠨ ᠪᠦᠲᠦᠭᠡᠭᠳᠡᠬᠦᠨ ᠤ ᠳᠠᠪᠠᠭᠤᠯᠢᠭ ᠤᠷᠤᠨ ᠤ ᠪᠦᠲᠦᠭᠡᠨ ᠪᠠᠶᠢᠭᠤᠯᠤᠯᠲᠠ ᠳᠤ ᠣᠷᠣᠯᠴᠠᠭᠤᠯᠵᠤ᠂ ᠲᠠᠷᠢᠶᠠᠯᠠᠩ ᠤᠨ ᠣᠨᠴᠠ ᠭᠠᠷᠤᠯᠲᠠ ᠶᠢᠨ ᠪᠦᠲᠦᠭᠡᠭᠳᠡᠬᠦᠨ ᠢ ᠤᠷᠢᠳᠴᠢᠯᠠᠨ ᠰᠢᠢᠳᠪᠦᠷᠢᠯᠡᠬᠦ ᠬᠠᠮᠢᠶᠠᠷᠤᠯᠲᠠ ᠶᠢᠨ ᠲᠦᠪ ᠢ ᠪᠠᠶᠢᠭᠤᠯᠵᠤ ᠂ ᠬᠦᠮᠦᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡᠨ ᠤ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠠᠳᠬᠠᠨ᠂ ᠪᠠᠷᠠᠭ᠎ᠠ ᠶᠢᠨ ᠭᠦᠢᠯᠭᠡᠭᠡᠨ ᠤ ᠦᠢᠯᠡᠰ + ᠤᠳᠤ ᠦᠶ᠎ᠡ ᠶᠢᠨ ᠲᠠᠷᠢᠶᠠᠯᠠᠩ ᠢ ᠠᠭᠤᠰᠠᠯᠴᠠᠭᠤᠯᠤᠨ ᠬᠦᠭᠵᠢᠭᠦᠯᠬᠦ ᠵᠢᠱᠢᠶ᠎ᠡ ᠦᠵᠡᠭᠦᠯᠬᠦ ᠲᠣᠭᠤᠷᠢᠭ ᠢ ᠪᠠᠶᠢᠭᠤᠯᠤᠨ᠎ᠠ᠃ ︵ᠬᠤᠲᠠ ᠶᠢᠨ ᠰᠤᠷᠭᠠᠨ ᠬᠦᠮᠦᠵᠢᠯ ᠤᠨ ᠬᠤᠷᠢᠶ᠎ᠠ᠂ ᠦᠢᠯᠡᠳᠪᠦᠷᠢ ᠬᠤᠳᠠᠯᠳᠤᠭᠠᠨ ᠤ ᠬᠤᠯᠪᠤᠭ᠎ᠠ᠂ ᠠᠯᠪᠠᠨ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ  ᠶᠢᠨ ᠲᠤᠪᠴᠢᠶ᠎ᠠ᠂ ᠠᠵᠤ ᠠᠬᠤᠢ ᠪᠠ ᠮᠡᠳᠡᠭᠡ ᠵᠠᠩᠭᠢᠵᠢᠯᠲᠠ ᠶᠢᠨ ᠲᠤᠪᠴᠢᠶ᠎ᠠ᠂ ᠠᠷᠠᠳ ᠤᠨ ᠶᠠᠪᠤᠳᠠᠯ ᠤᠨ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠬᠠᠩᠭᠠᠨ ᠪᠤᠷᠤᠯᠠᠭᠤᠯᠬᠤ ᠬᠤᠷᠰᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠤᠪᠴᠢᠶ᠎ᠠ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      8. ᠬᠦᠳᠡᠭᠡ ᠲᠤᠰᠬᠤᠨ ᠤ ᠡᠯᠧᠺᠡᠲᠷᠤᠨ ᠬᠤᠳᠠᠯᠳᠤᠭᠠᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃  ᠡᠯᠧᠺᠡᠲᠷᠤᠨ ᠬᠤᠳᠠᠯᠳᠤᠭᠠᠨ ᠤ ᠶᠠᠪᠤᠳᠠᠯ ᠢ ᠬᠦᠳᠡᠭᠡ ᠲᠤᠰᠬᠤᠨ ᠳᠤ ᠤᠷᠤᠭᠤᠯᠬᠤ ᠶᠡᠷᠦᠩᠬᠡᠶᠢᠯᠡᠭᠰᠡᠨ ᠵᠢᠱᠢᠶ᠎ᠡ ᠦᠵᠡᠭᠦᠯᠬᠦ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ᠪᠡᠯᠡ ᠮᠦᠩᠭᠦ ᠪᠠ ᠲᠦᠷᠦᠯ ᠵᠦᠢᠯ ᠤᠨ ᠲᠤᠬᠢᠷᠠᠭᠤᠯᠤᠯᠲᠠ ᠶᠢᠨ ᠲᠠᠯ᠎ᠠ ᠪᠠᠷ ᠶᠠᠳᠠᠭᠤ ᠬᠦᠴᠢᠷᠳᠡᠯᠲᠡᠢ ᠭᠠᠵᠠᠷ ᠤᠷᠤᠨ ᠲᠡᠰᠢ ᠬᠡᠯᠪᠡᠶᠢᠯᠭᠡᠨ᠎ᠡ᠃《ᠡᠯᠧᠺᠡᠲᠷᠤᠨ ᠬᠤᠳᠠᠯᠳᠤᠭ᠎ᠠ + ᠢᠯᠡᠭᠡᠯᠲᠡ》 ᠶᠢᠨ ᠰᠢᠤᠳᠠᠨ ᠤ ᠶᠠᠪᠤᠳᠠᠯ ᠤᠨ ᠶᠠᠳᠠᠭᠤ ᠶᠢ ᠲᠡᠳᠭᠦᠬᠦ ᠲᠦᠷᠦᠯ ᠵᠦᠢᠯ ᠦᠷᠨᠢᠭᠦᠯᠬᠦ ᠶᠢ ᠳᠠᠮᠵᠢᠵᠤ᠂《 ᠡᠯᠧᠺᠡᠲᠷᠤᠨ ᠬᠤᠳᠠᠯᠳᠤᠭ᠎ᠠ + ᠲᠣᠯᠣᠭᠠᠶᠢᠯᠠᠭᠴᠢ ᠠᠵᠤ ᠠᠬᠤᠶᠢᠯᠠᠯ ︵ᠬᠤᠷᠰᠢᠶ᠎ᠠ︶  + ᠲᠠᠷᠢᠶᠠᠴᠢᠨ ᠡᠷᠦᠬᠡ》 ᠶᠢᠨ ᠰᠢᠭᠤᠳ ᠬᠤᠳᠠᠯᠳᠤᠨ ᠠᠪᠴᠤ ᠰᠢᠭᠤᠳ ᠪᠤᠷᠤᠯᠠᠭᠤᠯᠬᠤ ᠵᠠᠭᠪᠤᠷ ᠢ ᠲᠦᠷᠭᠡᠳᠭᠡᠨ ᠬᠦᠭᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠤᠨᠴᠠᠯᠢᠭᠲᠤ ᠦᠢᠯᠡᠳᠭᠦᠨ ᠤ ᠪᠣᠷᠣᠯᠠᠭᠤᠯᠭ᠎ᠠ ᠶᠢ ᠠᠬᠢᠭᠤᠯᠤᠨ᠎ᠠ᠃ ᠲᠠᠷᠢᠶᠠᠯᠠᠩ ᠮᠠᠯ ᠠᠵᠤ ᠠᠬᠤᠢ ᠶᠢᠨ ᠲᠣᠯᠣᠭᠠᠶᠢᠯᠠᠭᠴᠢ ᠠᠵᠤ ᠠᠬᠤᠶᠢᠯᠠᠯ᠂ ᠡᠯᠧᠺᠡᠲᠷᠤᠨ ᠬᠤᠳᠠᠯᠳᠤᠭᠠᠨ ᠤ ᠠᠵᠤ ᠠᠬᠤᠶᠢᠯᠠᠯ ᠶᠢ ᠲᠤᠤ ᠪᠤᠤ᠂ ᠵᠢᠩ ᠳ᠋ᠦᠩ᠂ ᠰᠦ ᠨᠢᠩ ᠵᠡᠷᠭᠡ ᠲᠤᠮᠤ ᠬᠡᠯᠪᠡᠷᠢ ᠶᠢᠨ ᠡᠯᠧᠺᠡᠲᠷᠤᠨ ᠬᠤᠳᠠᠯᠳᠤᠭᠠᠨ ᠤ ᠲᠠᠪᠴᠠᠩ ᠳᠤ ᠤᠷᠤᠨ ᠨᠤᠳᠤᠭ ᠤᠨ ᠤᠨᠴᠠᠯᠢᠭᠲᠤ ᠤᠷᠳᠤᠨ ᠪᠠ ᠶᠠᠳᠠᠭᠤ ᠶᠢ ᠲᠡᠳᠭᠦᠬᠦ ᠰᠤᠪᠠᠭ ᠭᠠᠷᠭᠠᠬᠤ ᠶᠢ ᠵᠢᠯᠣᠭᠤᠳᠴᠤ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠤᠨ ᠰᠦᠯᠵᠢᠶᠡᠨ ᠳᠡᠭᠡᠷ᠎ᠡ ᠪᠤᠷᠤᠯᠠᠭᠤᠯᠬᠤ ᠶᠢ ᠠᠬᠢᠭᠤᠯᠤᠨ᠎ᠠ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠶᠠᠳᠠᠭᠤ ᠶᠢ ᠲᠡᠳᠭᠦᠬᠦ ᠠᠯᠪᠠᠨ ᠭᠡᠷ᠂ ᠡᠳ᠋ ᠤᠨ ᠵᠠᠰᠠᠭ ᠤᠨ ᠲᠤᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠰᠢᠤᠳᠠᠨ ᠤ ᠬᠠᠮᠢᠶᠠᠷᠤᠯᠲᠠ ᠶᠢᠨ ᠲᠤᠪᠴᠢᠶ᠎ᠠ ᠵᠡᠷᠭᠡ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      9. ᠰᠠᠭᠤᠷᠢᠨ ᠭᠠᠵᠠᠷ ᠢ ᠲᠠᠨᠢᠵᠤ ᠠᠪᠤᠨ ᠵᠠᠬᠢᠶᠠᠯᠠᠨ ᠪᠣᠷᠣᠯᠠᠭᠤᠯᠬᠤ ᠠᠵᠢᠯ ᠢ ᠥᠷᠨᠢᠭᠦᠯᠦᠨ᠎ᠡ᠃ ᠨᠠᠮ ᠵᠠᠰᠠᠭ  ᠤᠨ ᠪᠠᠶᠢᠭᠤᠯᠭ᠎ᠠ ᠶᠢᠨ ᠺᠠᠳ᠋ᠷ᠂ ᠨᠡᠶᠢᠭᠡᠮ ᠤᠨ ᠵᠤᠬᠢᠶᠠᠨ ᠪᠠᠶᠢᠭᠤᠯᠤᠯᠲᠠ᠂ ᠬᠠᠶᠢᠷ᠎ᠠ ᠬᠠᠯᠠᠮᠵᠢ ᠲᠠᠢ ᠠᠵᠤ ᠠᠬᠤᠶᠢᠯᠠᠯ᠂ ᠬᠤᠲᠠ ᠶᠢᠨ ᠤᠯᠠᠨ ᠲᠦᠮᠡᠨ ᠢ ᠲᠠᠷᠢᠶᠠᠯᠠᠩ ᠤᠨ ᠪᠦᠲᠦᠭᠡᠭᠳᠡᠬᠦᠨ ᠤ ᠤᠭ ᠭᠠᠷᠤᠯᠲᠠ ᠶᠢᠨ ᠭᠠᠵᠠᠷ ᠲᠤ ᠤᠴᠢᠬᠤ  ᠶᠢ ᠰᠠᠨᠠᠭᠠᠴᠢᠯᠠᠵᠤ᠂ ᠶᠠᠳᠠᠭᠤ ᠬᠦᠴᠢᠷᠳᠡᠯᠲᠡᠢ ᠤᠯᠠᠨ ᠲᠦᠮᠡᠨ ᠤ ᠭᠠᠵᠠᠷ ᠰᠢᠷᠤᠢ᠂ ᠠᠵᠤ ᠠᠬᠤᠢ ᠶᠢᠨ ᠤᠢ᠂ ᠲᠡᠵᠢᠭᠡᠨ ᠦᠷᠡᠵᠢᠭᠦᠯᠬᠦ ᠵᠡᠷᠭᠡ《 ᠲᠠᠷᠢᠵᠤ ᠲᠡᠵᠢᠭᠡᠬᠦ  +》 ᠲᠦᠷᠦᠯ ᠵᠦᠢᠯ ᠢ ᠲᠠᠨᠢᠵᠤ ᠠᠪᠴᠤ᠂ ᠬᠡᠷᠡᠭᠯᠡᠭᠡ ᠪᠠᠷ ᠶᠠᠳᠠᠭᠤ ᠶᠢ ᠲᠡᠳᠭᠦᠬᠦ ᠶᠢ ᠪᠡᠶᠡᠴᠢᠯᠡᠨ ᠤᠶᠢᠯᠠᠭᠠᠵᠤ᠂ ᠨᠡᠶᠢᠭᠡᠮ ᠤᠨ ᠬᠠᠶᠢᠷ᠎ᠠ ᠬᠠᠯᠠᠮᠵᠢ ᠲᠠᠢ ᠬᠡᠷᠡᠭᠯᠡᠭᠡ ᠬᠢᠭᠡᠳ ᠶᠠᠳᠠᠭᠤ ᠬᠦᠴᠢᠷᠳᠡᠯᠲᠡᠢ ᠤᠯᠠᠨ ᠲᠦᠮᠡᠨ ᠤ ᠶᠠᠳᠠᠭᠤ ᠠᠴᠠ ᠠᠩᠭᠢᠵᠢᠷᠠᠬᠤ ᠬᠡᠷᠡᠭᠴᠡᠭᠡ ᠶᠢ ᠣᠨᠢᠨ ᠳᠡᠭᠡᠷ᠎ᠡ ᠨᠢ ᠵᠣᠯᠭᠠᠭᠤᠯᠬᠤ ᠶᠢ ᠪᠡᠶᠡᠯᠡᠭᠦᠯᠦᠨ᠎ᠡ᠃ ᠪᠦᠬᠦ ᠬᠤᠲᠠ ᠶᠢᠨ ᠰᠠᠭᠤᠷᠢᠨ ᠭᠠᠵᠠᠷ ᠢ ᠲᠠᠨᠢᠵᠤ ᠠᠪᠴᠤ ᠵᠠᠬᠢᠶᠠᠯᠠᠨ ᠪᠤᠷᠤᠯᠠᠭᠤᠯᠬᠤ ᠲᠤᠬᠠᠢ ᠶᠢᠨ ᠲᠠᠯᠠᠪᠠᠢ ᠶᠢᠨ ᠠᠬᠢᠭᠤᠯᠬᠤ ᠬᠤᠷᠠᠯ ᠢ ᠴᠠᠭ ᠲᠤᠬᠠᠢ ᠳᠤ ᠨᠢ ᠲᠤᠬᠢᠷᠠᠭᠤᠯᠤᠨ ᠬᠤᠷᠠᠯᠳᠤᠭᠤᠯᠵᠤ᠂ ᠨᠡᠶᠢᠲᠡᠯᠢᠭ ᠲᠤᠷᠰᠢᠯᠭ᠎ᠠ ᠪᠠ ᠠᠷᠭ᠎ᠠ ᠪᠠᠷᠢᠯ ᠢ ᠳᠡᠯᠭᠡᠷᠡᠭᠦᠯᠦᠨ᠎ᠡ᠃ ︵ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ᠂ ᠤᠢ ᠰᠢᠭᠤᠢ ᠡᠪᠡᠰᠦ ᠪᠡᠯᠴᠢᠭᠡᠷ ᠤᠨ ᠲᠤᠪᠴᠢᠶ᠎ᠠ᠂ ᠬᠤᠲᠠ ᠶᠢᠨ ᠶᠠᠳᠠᠭᠤ ᠶᠢ ᠲᠡᠳᠭᠦᠬᠦ ᠠᠯᠪᠠᠨ ᠭᠡᠷ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠵᠡᠷᠭᠡ ᠠᠴᠠ ᠬᠠᠷᠢᠭᠤᠴᠠᠨ᠎ᠠ︶      10. ᠪᠠᠷᠠᠭ᠎ᠠ ᠶᠢᠨ ᠭᠦᠢᠯᠭᠡᠭᠡᠨ ᠤ ᠰᠠᠭᠤᠷᠢ ᠪᠡᠯᠡᠳᠭᠡᠮᠵᠢ ᠶᠢ ᠲᠡᠭᠦᠯᠳᠡᠷᠵᠢᠭᠦᠯᠦᠨ᠎ᠡ᠃ ᠵᠠᠰᠠᠭ ᠤᠨ ᠤᠷᠳᠤᠨ ᠠᠴᠠ ᠵᠠᠮ ᠬᠠᠷᠢᠯᠴᠠᠭ᠎ᠠ᠂ ᠴᠢᠮᠡᠭᠡ ᠬᠤᠯᠪᠤᠭ᠎ᠠ᠂ ᠪᠠᠷᠠᠭ᠎ᠠ ᠶᠢᠨ ᠭᠦᠢᠯᠭᠡᠭᠡᠨ ᠤ ᠲᠤᠤᠷ ᠴᠢᠭ ᠵᠡᠷᠭᠡ ᠰᠠᠭᠤᠷᠢ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠠᠷ ᠳᠠᠮᠵᠢᠵᠤ᠂ ᠶᠠᠳᠠᠭᠤ ᠭᠦᠴᠢᠷᠳᠡᠯᠲᠡᠢ ᠭᠠᠵᠠᠷ ᠤᠷᠤᠨ ᠲᠤᠬᠠᠢ ᠶᠢᠨ ᠭᠠᠵᠠᠷ ᠤᠷᠤᠨ ᠤ ᠪᠠᠶᠢᠳᠠᠯ ᠳᠤ ᠪᠠᠨ ᠲᠤᠬᠢᠷᠠᠭᠤᠯᠤᠨ ᠨᠢᠭᠡ ᠪᠦᠯᠦᠭ ᠭᠠᠷᠤᠯᠲᠠ ᠤᠷᠤᠨ ᠤ ᠬᠦᠮᠦᠷᠭᠡ᠂ ᠬᠡᠢ ᠲᠤᠬᠢᠷᠠᠭᠤᠯᠬᠤ ᠬᠦᠮᠦᠷᠭᠡ᠂ ᠲᠤᠭᠲᠠᠮᠠᠯ ᠳᠤᠯᠠᠭᠠᠨ᠂ ᠬᠦᠢᠲᠡᠨ ᠢᠶᠠᠷ ᠬᠠᠳᠠᠭᠠᠯᠠᠬᠤ᠂ ᠬᠦᠯᠳᠡᠭᠡᠵᠤ ᠰᠤᠷᠭᠤᠭ ᠴᠢᠨᠠᠷ ᠢ ᠪᠠᠲᠤᠯᠠᠬᠤ ᠬᠦᠮᠦᠷᠭᠡ ᠵᠡᠷᠭᠡ ᠪᠡᠯᠡᠳᠭᠡᠮᠵᠢ ᠶᠢ ᠰᠢᠨ᠎ᠡ ᠪᠠᠷ ᠪᠠᠶᠢᠭᠤᠯᠬᠤ ᠪᠤᠶᠤ ᠦᠭᠡᠷᠡᠴᠢᠯᠡᠨ ᠪᠠᠶᠢᠭᠤᠯᠬᠤ ᠶᠢ ᠵᠤᠷᠢᠭᠵᠢᠭᠤᠯᠵᠤ᠂ ᠲᠦᠷᠢᠶᠡᠰᠦᠯᠡᠬᠦ᠂ ᠬᠠᠮᠲᠤ ᠪᠠᠷ ᠠᠰᠢᠭᠯᠠᠬᠤ ᠵᠡᠷᠭᠡ ᠠᠷᠭ᠎ᠠ ᠪᠠᠷ ᠬᠡᠷᠡᠭᠯᠡᠭᠡ ᠪᠠᠷ ᠶᠠᠳᠠᠭᠤ ᠶᠢ ᠲᠡᠳᠭᠦᠬᠦ ᠳᠤ ᠣᠷᠣᠯᠴᠠᠬᠤ ᠠᠵᠤ ᠠᠬᠤᠶᠢᠯᠠᠯ ᠤᠨ ᠡᠵᠡᠩᠨᠡᠯᠲᠡ ᠶᠢᠨ ᠦᠪᠡᠷ ᠤᠨ ᠦᠷᠳ᠋ᠩ ᠢ ᠪᠠᠭᠤᠷᠠᠭᠤᠯᠤᠨ᠎ᠠ᠃ ᠭᠠᠷᠤᠯᠲᠠ ᠤᠷᠤᠨ ᠤ ᠪᠠᠷᠠᠭ᠎ᠠ ᠶᠢᠨ ᠭᠦᠢᠯᠭᠡᠭᠡᠨ ᠤ ᠪᠡᠯᠡᠳᠭᠡᠮᠵᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ ᠭᠠᠷᠤᠯᠲᠠ ᠤᠷᠤᠨ ᠤ ᠬᠦᠮᠦᠷᠭᠡ ᠶᠢᠨ ᠳᠡᠰ ᠳᠡᠪᠰᠢᠬᠦ ᠶᠢ ᠲᠦᠯᠬᠢᠨ ᠠᠬᠢᠭᠤᠯᠵᠤ᠂ ᠬᠦᠮᠦᠷᠭᠡᠯᠡᠬᠦ᠂ ᠢᠯᠭᠠᠬᠤ᠂ ᠪᠤᠭᠤᠳᠠᠯᠯᠠᠬᠤ᠂ ᠠᠩᠬ᠎ᠠ ᠡᠳ᠋ᠰᠢᠭᠦᠯᠬᠦ᠂ ᠲᠡᠭᠡᠭᠡᠪᠦᠷᠢᠯᠡᠬᠦ ᠵᠡᠷᠭᠡ ᠶᠡᠷᠦᠩᠬᠡᠶᠢᠯᠡᠭᠰᠡᠨ ᠦᠢᠯᠡᠴᠢᠯᠡᠭᠡᠨ ᠤ ᠴᠢᠳᠠᠪᠤᠷᠢ ᠶᠢ ᠴᠢᠩᠭᠠᠷᠠᠭᠤᠯᠤᠨ᠎ᠠ᠃ ᠲᠦᠷᠭᠡᠨ ᠢᠯᠡᠭᠡᠮᠵᠢ ᠶᠢ ᠬᠦᠳᠡᠭᠡ ᠪᠠᠭᠤᠯᠭᠠᠬᠤ ᠶᠢ ᠭᠦᠨᠵᠡᠭᠡᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠦᠷᠭᠡᠨ ᠢᠯᠡᠭᠡᠮᠵᠢ ᠶᠢᠨ ᠦᠢᠯᠡᠴᠢᠯᠡᠭᠡᠨ ᠤ ᠲᠤᠤᠷ ᠰᠦᠯᠵᠢᠶ᠎ᠡ ᠪᠠ ᠪᠠᠷᠠᠭ᠎ᠠ ᠶᠢᠨ ᠭᠦᠢᠯᠭᠡᠭᠡᠨ ᠤ ᠲᠤᠬᠢᠷᠠᠭᠤᠯᠤᠨ ᠬᠦᠷᠭᠡᠬᠦ ᠰᠢᠰᠲ᠋ᠧᠮᠵᠢ ᠶᠢ ᠪᠦᠷᠢᠨᠰᠢᠭᠦᠯᠵᠦ᠂ ᠢᠯᠡᠭᠡᠨ ᠬᠦᠷᠭᠡᠬᠦ ᠠᠵᠤ ᠠᠬᠤᠶᠢᠯᠠᠯ ᠤᠨ ᠬᠦᠳᠡᠭᠡ ᠲᠤᠰᠬᠤᠨ ᠤ ᠠᠶᠠᠨᠴᠢᠳ ᠤᠨ ᠲᠡᠭᠡᠪᠦᠷᠢ ᠶᠢᠨ ᠦᠷᠲᠡᠭᠡ᠂ ᠪᠠᠷᠠᠭ᠎ᠠ ᠲᠡᠭᠡᠭᠡᠪᠦᠷᠢᠯᠡᠬᠦ ᠦᠷᠲᠡᠭᠡ᠂ ᠬᠠᠩᠭᠠᠨ ᠪᠤᠷᠤᠯᠠᠭᠤᠯᠬᠤ ᠦᠢᠯᠡᠴᠢᠯᠡᠭᠡᠨ ᠤ ᠦᠷᠲᠡᠭᠡ ᠵᠡᠷᠭᠡ ᠵᠠᠮ ᠬᠠᠷᠢᠯᠴᠠᠭ᠎ᠠ ᠪᠤᠯᠤᠨ ᠬᠠᠩᠭᠠᠨ ᠪᠤᠷᠤᠯᠠᠭᠤᠯᠬᠤ ᠰᠠᠭᠤᠷᠢ ᠪᠡᠯᠡᠳᠭᠡᠮᠵᠢ ᠶᠢ ᠠᠰᠢᠭᠯᠠᠨ ᠬᠦᠮᠦᠷᠭᠡᠯᠡᠨ ᠬᠠᠳᠠᠭᠠᠯᠠᠬᠤ᠂ ᠬᠤᠪᠢᠶᠠᠨ ᠰᠠᠯᠭᠠᠬᠤ ᠲᠦᠪ ᠪᠠᠶᠢᠭᠤᠯᠬᠤ ᠶᠢ ᠳᠡᠮᠵᠢᠵᠦ᠂ ︽ᠵᠠᠮ ᠬᠠᠷᠢᠯᠴᠠᠭ᠎ᠠ ᠰᠢᠤᠳᠠᠨ ᠤ ᠶᠡᠷᠦᠩᠬᠡᠶᠢᠯᠡᠭᠰᠡᠨ ᠦᠢᠯᠡᠴᠢᠯᠡᠭᠡᠨ ᠤ ᠦᠷᠲᠡᠭᠡ︾ ︽ᠡᠯᠧᠺᠡᠲᠷᠤᠨ ᠬᠤᠳᠠᠯᠳᠤᠭᠠᠨ ᠤ ᠲᠦᠷᠭᠡᠨ ᠢᠯᠡᠭᠡᠮᠵᠢ ᠶᠢᠨ ᠲᠦᠪᠯᠡᠷᠡᠭᠦᠯᠦᠨ ᠲᠠᠷᠬᠠᠭᠠᠬᠤ ᠲᠦᠪ︾ ᠢ ᠬᠦᠳᠡᠭᠡ ᠲᠤᠰᠬᠤᠨ ᠤ ᠪᠠᠷᠠᠭ᠎ᠠ ᠶᠢᠨ ᠭᠦᠢᠯᠭᠡᠭᠡᠨ ᠤ ᠵᠠᠩᠭᠢᠯᠠᠭ᠎ᠠ ᠪᠣᠯᠭᠠᠨ ᠪᠦᠲᠦᠭᠡᠨ ᠪᠠᠶᠢᠭᠤᠯᠤᠨ᠎ᠠ᠃ ᠬᠤᠰᠢᠭᠤ ᠰᠢᠶᠠᠨ ᠠᠴᠠ ᠳᠤᠷᠤᠭᠰᠢᠬᠢ ᠡᠯᠧᠺᠡᠲᠷᠤᠨ ᠬᠤᠳᠠᠯᠳᠤᠭᠠᠨ ᠤ ᠲᠦᠷᠭᠡᠨ ᠢᠯᠡᠭᠡᠮᠵᠢ ᠶᠢᠨ ᠲᠦᠪᠯᠡᠷᠡᠭᠦᠯᠦᠨ ᠲᠠᠷᠬᠠᠭᠠᠬᠤ ᠲᠦᠪ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠵᠦ᠂ ᠰᠢᠶᠠᠨ ᠰᠢᠶᠠᠩ ᠲᠤᠰᠬᠤᠨ ᠭᠤᠷᠪᠠᠨ ᠱᠠᠲᠤᠨ ᠤ ᠬᠦᠳᠡᠭᠡ ᠲᠤᠰᠬᠤᠨ ᠤ ᠪᠠᠷᠠᠭ᠎ᠠ ᠶᠢᠨ ᠭᠦᠢᠯᠭᠡᠭᠡᠨ ᠤ ᠰᠢᠰᠲ᠋ᠧᠮ ᠤᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠭᠠᠷᠤᠯᠲᠠ ᠤᠷᠤᠨ ᠠᠴᠠ ᠬᠡᠷᠡᠭᠯᠡᠭᠡᠨ ᠤ ᠦᠵᠦᠭᠦᠷ ᠬᠦᠷᠲᠡᠯᠡᠬᠢ ᠬᠠᠩᠭᠠᠯᠭ᠎ᠠ ᠶᠢ ᠨᠡᠪᠲᠡᠷᠡᠭᠦᠯᠦᠨ᠎ᠡ᠃ ︵ᠬᠤᠲᠠ ᠶᠢᠨ ᠮᠠᠯ ᠠᠵᠤ ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ  ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      ︵ᠭᠤᠷᠪᠠ︶ ᠲᠠᠷᠢᠶᠠᠯᠠᠩ ᠪᠦᠲᠦᠭᠡᠭᠳᠡᠬᠦᠨ ᠮᠠᠯ ᠤᠨ ᠠᠰᠢᠭ ᠰᠢᠮ᠎ᠡ ᠤᠨ ᠶᠠᠰᠤ  ᠴᠢᠨᠠᠷ ᠢ ᠳᠡᠭᠡᠭᠰᠢᠯᠡᠭᠦᠯᠬᠦ ᠠᠵᠢᠯᠯᠠᠭ᠎ᠠ ᠶᠢ ᠭᠦᠨᠵᠡᠭᠡᠢ ᠬᠡᠷᠡᠭᠵᠢᠭᠦᠯᠦᠨ᠎ᠡ      11. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠪᠠᠷᠢᠮᠵᠢᠶᠠᠵᠢᠭᠤᠯᠤᠭᠰᠠᠨ ᠰᠢᠰᠲ᠋ᠧᠮᠵᠢ  ᠶᠢᠨ ᠪᠠᠶᠢᠭᠤᠯᠤᠯᠲᠠ ᠶᠢ ᠲᠦᠷᠭᠡᠳᠭᠡᠨ᠎ᠡ᠃ ᠶᠠᠳᠠᠭᠤ ᠬᠦᠴᠢᠷᠳᠡᠯᠲᠡᠢ ᠭᠠᠵᠠᠷ ᠤᠷᠤᠨ ᠤ ᠪᠤᠬᠢᠷᠳᠤᠯ ᠦᠭᠡᠢ᠂ ᠤᠷᠭᠠᠨᠢᠭ᠂ ᠭᠠᠵᠠᠷ ᠵᠦᠢ ᠶᠢᠨ ᠳᠡᠮᠳᠡᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠨᠢᠭᠡ ᠪᠦᠯᠦᠭ ᠣᠨᠴᠠᠯᠢᠭ ᠪᠦᠬᠦᠢ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠤᠨ ᠰᠠᠭᠤᠷᠢᠨ ᠭᠠᠵᠠᠷ ᠢ ᠲᠡᠳᠭᠦᠨ ᠪᠦᠲᠦᠭᠡᠨ ᠪᠠᠶᠢᠭᠤᠯᠤᠨ᠎ᠠ᠃ ᠮᠠᠨ ᠤ ᠬᠤᠲᠠ ᠶᠢᠨ ᠰᠢᠯᠢᠳᠡᠭ ᠤᠨᠴᠠᠯᠢᠭᠲᠤ ᠲᠠᠷᠢᠮᠠᠯ ᠪᠠ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠢ ᠡᠳ᠋ᠰᠢᠭᠦᠯᠬᠦ ᠲᠠᠢ ᠤᠶᠠᠯᠳᠤᠭᠤᠯᠤᠨ᠂ ᠬᠤᠲᠠ ᠶᠢᠨ ᠳᠡᠰ ᠤᠨ ᠳᠠᠪᠠᠭᠤᠯᠢᠭ ᠤᠨᠴᠠᠯᠢᠭᠲᠤ ᠠᠵᠤ ᠦᠢᠯᠡᠰ ᠢᠶᠠᠷ ᠶᠠᠳᠠᠭᠤ ᠶᠢ ᠲᠡᠳᠭᠦᠬᠦ ᠮᠡᠷᠭᠡᠵᠢᠯ ᠤᠨ ᠲᠤᠰᠬᠠᠢ ᠮᠡᠷᠭᠡᠵᠢᠯᠲᠡᠨ ᠤ ᠳᠤᠭᠤᠶᠢᠯᠠᠩ ᠢ ᠵᠤᠬᠢᠶᠠᠨ ᠪᠠᠶᠢᠭᠤᠯᠵᠤ᠂ ᠶᠠᠳᠠᠭᠤ ᠬᠦᠴᠢᠷᠳᠡᠯᠲᠡᠢ ᠰᠢᠶᠠᠨ  ᠢ ᠵᠢᠯᠤᠭᠤᠳᠤᠨ ᠲᠤᠬᠠᠢ ᠭᠠᠵᠠᠷ ᠤᠨ ᠲᠠᠷᠢᠶᠠᠯᠠᠩ ᠮᠠᠯ ᠠᠵᠣ ᠠᠬᠤᠢ ᠶᠢᠨ ᠭᠤᠤᠯᠯᠠᠬᠤ ᠠᠵᠤ ᠦᠢᠯᠡᠰ ᠢ ᠲᠤᠭᠲᠠᠭᠠᠵᠤ᠂ ᠶᠠᠳᠠᠭᠤ ᠬᠦᠴᠢᠷᠳᠡᠯᠲᠡᠢ ᠲᠣᠰᠬᠤᠨ᠂ ᠶᠠᠳᠠᠭᠤ ᠬᠦᠴᠢᠷᠳᠡᠯᠲᠡᠢ ᠡᠷᠦᠬᠡ ᠳᠤ ᠮᠡᠷᠭᠡᠵᠢᠯ ᠤᠨ ᠦᠢᠯᠡᠴᠢᠯᠡᠭᠡ ᠬᠠᠩᠭᠠᠨ᠎ᠠ᠃ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠲᠤᠰᠬᠠᠢ ᠪᠠᠶᠢᠭᠤᠯᠤᠮᠵᠢ ᠪᠠᠶᠢᠭᠤᠯᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠪᠦᠲᠦᠭᠡᠨ ᠪᠠᠶᠢᠭᠤᠯᠤᠯᠲᠠ ᠶᠢ ᠴᠢᠩᠭᠠᠳᠬᠠᠵᠤ᠂ ᠢᠳᠡᠰᠢᠨ ᠤ ᠲᠠᠷᠢᠶᠠᠯᠠᠩ ᠤᠨ ᠪᠦᠲᠦᠭᠡᠭᠳᠡᠬᠦᠨ ᠢ ᠪᠦᠭᠡᠮ ᠢᠶᠠᠷ ᠬᠤᠳᠠᠯᠳᠤᠬᠤ᠂ ᠵᠢᠵᠢᠭᠯᠡᠨ ᠬᠤᠳᠠᠯᠳᠤᠬᠤ ᠵᠠᠬ᠎ᠠ ᠳᠡᠯᠭᠡᠭᠦᠷ ᠪᠤᠶᠤ ᠦᠢᠯᠡᠳᠪᠦᠷᠢᠯᠡᠵᠦ ᠪᠤᠯᠪᠠᠰᠤᠷᠠᠭᠤᠯᠬᠤ ᠠᠵᠤ ᠠᠬᠤᠶᠢᠯᠠᠯ ᠳᠤ ᠤᠷᠤᠭᠰᠠᠨ ᠤ ᠳᠠᠷᠠᠭᠠᠬᠢ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠨ᠎ᠠ᠃ ᠤᠯᠤᠰ ᠤᠨ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠤᠨ ᠠᠮᠤᠷ ᠲᠦᠪᠰᠢᠨ ᠤ ᠮᠦᠷᠳᠡᠨ ᠨᠡᠬᠡᠮᠵᠢᠯᠡᠬᠦ ᠲᠠᠪᠴᠠᠩ ᠢ ᠳᠡᠯᠭᠡᠷᠡᠭᠦᠯᠦᠨ ᠬᠡᠷᠡᠭᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠤᠨᠴᠠ ᠲᠤᠮᠢᠯᠠᠭᠴᠢ ᠶᠢᠨ ᠳᠦᠷᠢᠮ ᠢ ᠭᠦᠨᠵᠡᠭᠡᠢ ᠬᠡᠷᠡᠭᠵᠢᠭᠦᠯᠵᠦ᠂ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠪᠤᠯᠪᠠᠰᠤᠷᠠᠭᠤᠯᠤᠯ ᠪᠠ ᠮᠡᠷᠭᠡᠵᠢᠯ ᠤᠨ ᠵᠢᠯᠤᠭᠤᠳᠤᠯᠭ᠎ᠠ ᠶᠢ ᠵᠤᠬᠢᠶᠠᠨ ᠪᠠᠶᠢᠭᠤᠯᠬᠤ ᠶᠢ ᠦᠷᠨᠢᠭᠦᠯᠵᠦ᠂ ᠮᠦᠷᠳᠡᠨ ᠨᠡᠬᠡᠮᠵᠢᠯᠡᠬᠦ ᠰᠢᠰᠲ᠋ᠧᠮᠵᠢ  ᠶᠢᠨ ᠵᠤᠬᠢᠶᠠᠨ ᠪᠠᠶᠢᠭᠤᠯᠤᠯᠲᠠ ︽ᠭᠤᠷᠪᠠᠨ ᠪᠦᠲᠦᠭᠡᠭᠳᠡᠬᠦᠨ ᠨᠢᠭᠡ ᠳᠡᠮᠳᠡᠭ︾ ᠤᠨ ᠭᠡᠷᠡᠴᠢᠯᠡᠭᠡ ᠵᠡᠷᠭᠡ ᠪᠤᠯᠪᠠᠰᠤᠷᠠᠭᠤᠯᠤᠯ ᠢ ᠵᠣᠬᠢᠶᠠᠨ ᠪᠠᠶᠢᠭᠤᠯᠬᠤ ᠳᠤ ᠶᠠᠳᠠᠭᠤ ᠬᠦᠴᠢᠷᠳᠡᠯᠲᠡᠢ ᠭᠠᠵᠠᠷ ᠣᠷᠣᠨ ᠤ ᠪᠣᠯᠪᠠᠰᠤᠷᠠᠭᠤᠯᠤᠯ ᠳᠤ ᠤᠷᠤᠯᠴᠠᠬᠤ ᠤᠷᠤᠨ ᠲᠤᠭ᠎ᠠ ᠶᠢ ᠵᠤᠬᠢᠬᠤ ᠬᠡᠮᠵᠢᠶ᠎ᠡ ᠪᠠᠷ ᠨᠡᠮᠡᠭᠳᠡᠭᠦᠯᠦᠨ᠎ᠡ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠤᠪᠴᠢᠶ᠎ᠠ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      12. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠬᠡᠪᠴᠢᠶᠡᠵᠢᠭᠰᠡᠨ ᠬᠠᠩᠭᠠᠯᠭ᠎ᠠ ᠶᠢ ᠠᠬᠢᠭᠤᠯᠤᠨ᠎ᠠ᠃ ᠲᠣᠯᠣᠭᠠᠶᠢᠯᠠᠭᠴᠢ ᠠᠵᠤ ᠠᠬᠤᠶᠢᠯᠠᠯ᠂ ᠡᠯᠧᠺᠡᠲᠷᠤᠨ ᠬᠤᠳᠠᠯᠳᠤᠭᠠᠨ ᠤ ᠠᠵᠤ ᠠᠬᠤᠶᠢᠯᠠᠯ᠂ ᠲᠤᠮᠤ ᠬᠡᠯᠪᠡᠷᠢ ᠶᠢᠨ ᠬᠡᠳᠦ ᠳᠡᠯᠭᠡᠭᠦᠷ ᠵᠡᠷᠭᠡ ᠶᠢ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠠᠷᠢᠶᠠᠴᠢᠳ ᠤᠨ ᠲᠤᠰᠬᠠᠢ ᠠᠵᠢᠯ ᠤᠨ ᠬᠤᠷᠰᠢᠶ᠎ᠠ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ ᠵᠡᠷᠭᠡ ᠯᠦᠭᠡ ᠠᠰᠢᠭ ᠲᠤᠰᠠ ᠪᠠᠷ ᠢᠶᠠᠨ ᠬᠤᠯᠪᠤᠯᠳᠤᠬᠤ ᠲᠤᠭᠲᠠᠴᠠ ᠶᠢ ᠪᠠᠶᠢᠭᠤᠯᠵᠤ᠂ ᠪᠠᠷᠢᠮᠵᠢᠶᠠᠵᠢᠭᠤᠯᠤᠭᠰᠠᠨ ᠦᠢᠯᠡᠳᠪᠦᠷᠢᠯᠡᠯ ᠵᠢᠴᠢ ᠲᠦᠭᠦᠬᠡᠢ ᠮᠠᠲ᠋ᠧᠷᠢᠶᠠᠯ ᠤᠨ ᠰᠠᠭᠤᠷᠢᠨ ᠭᠠᠵᠠᠷ ᠢ ᠪᠠᠶᠢᠭᠤᠯᠵᠤ᠂ ᠵᠠᠬᠢᠶᠠᠯᠠᠭ᠎ᠠ ᠶᠢᠨ ᠲᠠᠷᠢᠶᠠᠯᠠᠩ ᠢ ᠬᠦᠭᠵᠢᠭᠦᠯᠬᠦ ᠶᠢ ᠵᠤᠷᠢᠭᠵᠢᠭᠤᠯᠤᠨ᠎ᠠ᠃ ᠲᠠᠷᠢᠶᠠᠯᠠᠩ ᠤᠨ ᠪᠦᠲᠦᠬᠡᠭᠳᠡᠬᠦᠨ ᠮᠠᠯ ᠤᠨ ᠠᠰᠢᠭ ᠰᠢᠮ᠎ᠡ ᠶᠢᠨ ᠭᠠᠷᠤᠯᠲᠠ ᠶᠢᠨ ᠤᠷᠤᠨ ᠤ ᠠᠩᠬ᠎ᠠ ᠡᠳ᠋ᠰᠢᠭᠦᠯᠬᠦ ᠨᠦᠬᠦᠪᠦᠷᠢ ᠶᠢᠨ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠠᠷᠢᠶᠠᠴᠢᠨ ᠡᠷᠦᠬᠡ᠂ ᠭᠡᠷ ᠪᠦᠯᠢ ᠶᠢᠨ ᠲᠠᠷᠢᠶᠠᠯᠠᠩ ᠤᠨ ᠲᠠᠯᠠᠪᠠᠢ᠂ ᠲᠤᠰᠬᠠᠢ ᠠᠵᠢᠯ ᠤᠨ ᠬᠤᠷᠰᠢᠶ᠎ᠠ ᠬᠤᠷᠰᠢᠶ᠎ᠠ ᠪᠤᠯᠤᠨ ᠲᠠᠷᠢᠶᠠᠯᠠᠩ ᠳᠤ ᠬᠤᠯᠪᠤᠭᠳᠠᠬᠤ ᠳᠤᠮᠳᠠ ᠵᠢᠵᠢᠭ ᠠᠵᠤ ᠠᠬᠤᠶᠢᠯᠠᠯ ᠤᠨ ᠬᠠᠳᠠᠭᠠᠯᠠᠬᠤ ᠵᠤᠭᠤᠷᠢ᠂ ᠰᠠᠯᠬᠢ ᠨᠡᠪᠲᠡᠷᠡᠭᠦᠯᠬᠦ ᠬᠦᠮᠦᠷᠭᠡ ᠵᠡᠷᠭᠡ ᠭᠠᠷᠤᠯᠲᠠ ᠶᠢᠨ ᠤᠷᠤᠨ ᠤ ᠠᠩᠬ᠎ᠠ ᠡᠳ᠋ᠰᠢᠭᠦᠯᠬᠦ ᠪᠡᠯᠡᠳᠭᠡᠮᠵᠢ ᠶᠢ ᠰᠢᠨ᠎ᠡ ᠪᠠᠷ ᠪᠠᠶᠢᠭᠤᠯᠬᠤ ᠶᠢ ᠳᠡᠮᠵᠢᠨ᠎ᠡ᠃ ᠶᠠᠳᠠᠭᠤ ᠬᠦᠴᠢᠷᠳᠡᠯᠲᠡᠢ ᠭᠠᠵᠠᠷ ᠤᠷᠤᠨ ᠤ ᠲᠦᠮᠦᠰᠦ᠂ ᠵᠢᠮᠢᠰ ᠨᠤᠭᠤᠭ᠎ᠠ᠂ ᠢᠳᠡᠰᠢᠨ ᠮᠦᠭᠦ᠂ ᠮᠤᠩᠭᠤᠯ ᠬᠢᠲᠠᠳ ᠡᠮ ᠤᠨ ᠮᠠᠲ᠋ᠧᠷᠢᠶᠠᠯ᠂ ᠬᠤᠯᠢᠮᠠᠭ ᠠᠮᠤ ᠬᠤᠯᠢᠮᠠᠭ ᠪᠤᠷᠴᠠᠭ ᠵᠡᠷᠭᠡ ᠪᠦᠲᠦᠭᠡᠭᠳᠡᠬᠦᠨ ᠢ ᠠᠩᠬ᠎ᠠ ᠡᠳ᠋ᠰᠢᠭᠦᠯᠬᠦ ᠴᠢᠳᠠᠪᠤᠷᠢ ᠶᠢ ᠨᠡᠮᠡᠭᠳᠡᠭᠦᠯᠵᠦ᠂ ᠬᠠᠳᠠᠭᠠᠯᠠᠬᠤ ᠨᠦᠭᠦᠴᠡᠯ ᠢ ᠰᠠᠶᠢᠵᠢᠷᠠᠭᠤᠯᠤᠨ᠎ᠠ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ᠂ ᠡᠳ᠋ ᠶᠢᠨ ᠵᠠᠰᠠᠭ ᠤᠨ ᠲᠤᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠠ ᠵᠡᠷᠭᠡ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ  ᠤᠨ ᠤᠷᠳᠤᠨ ᠠᠴᠠ ᠬᠠᠷᠢᠭᠤᠴᠠᠨ᠎ᠠ︶      13. ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠤ ᠨᠡᠷᠡᠲᠦ ᠲᠦᠷᠦᠯ ᠲᠡᠮᠲᠡᠭᠲᠦ ᠶᠢᠨ ᠪᠠᠶᠢᠭᠤᠯᠤᠯᠲᠠ ᠶᠢ ᠴᠢᠩᠭᠠᠳᠬᠠᠨ᠎ᠠ᠃ ᠤᠨᠴᠠᠯᠢᠭᠲᠤ  ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠡᠷᠡᠲᠦ ᠲᠦᠷᠦᠯ ᠲᠡᠮᠳᠡᠭᠲᠦ ᠶᠢᠨ ᠨᠡᠷᠡᠰ ᠤᠨ ᠵᠢᠭᠰᠠᠭᠠᠯᠲᠠ ᠶᠢ ᠪᠠᠶᠢᠭᠤᠯᠵᠦ᠂ ᠨᠡᠷᠡᠲᠦ ᠲᠦᠷᠦᠯ ᠲᠡᠮᠲᠡᠭᠲᠦ ᠶᠢᠨ ᠲᠦᠷᠦᠯ ᠵᠦᠢᠯ ᠤᠨ ᠬᠥᠮᠥᠷᠭᠡ ᠶᠢ ᠪᠤᠢ ᠪᠤᠯᠭᠠᠵᠦ᠂  ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠨᠢᠭᠡᠳᠦᠯᠲᠡᠢ ᠭᠠᠵᠠᠷ ᠤᠷᠤᠨ ᠤ ᠨᠡᠷᠡᠲᠦ ᠲᠦᠷᠦᠯ ᠲᠡᠮᠲᠡᠭᠲᠦ ᠶᠢ ᠪᠤᠢ ᠪᠤᠯᠭᠠᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠵᠠᠬ᠎ᠠ ᠳᠡᠯᠭᠡᠭᠦᠷ ᠤᠨ ᠦᠷᠢᠰᠦᠯᠳᠦᠬᠦ ᠬᠦᠴᠦᠨ ᠢ ᠳᠡᠭᠡᠭᠰᠢᠯᠡᠭᠦᠯᠦᠨ᠎ᠡ᠃ ᠰᠢᠨ᠎ᠡ ᠮᠡᠷᠭᠡᠵᠢᠯ᠂ ᠰᠢᠨ᠎ᠡ ᠡᠭᠦᠯᠳᠡᠷ ᠢ ᠢᠳᠡᠪᠬᠢᠳᠡᠢ ᠪᠠᠷ ᠤᠷᠤᠭᠤᠯᠵᠦ᠂ ᠮᠠᠯ ᠤᠨ ᠰᠦᠷᠦᠭ᠂ ᠮᠠᠯ ᠤᠨ ᠡᠬᠦᠯᠳᠡᠷ ᠤᠨ ᠪᠦᠲᠦᠴᠡ ᠶᠢ ᠰᠢᠯᠢᠳᠡᠭᠵᠢᠭᠦᠯᠵᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢᠨ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠶᠠᠳᠠᠭᠤ ᠬᠦᠴᠢᠷᠳᠡᠯᠲᠡᠢ ᠭᠠᠵᠠᠷ ᠤᠷᠤᠨ ᠤ ︽ᠭᠤᠷᠪᠠᠨ ᠪᠦᠲᠦᠭᠡᠭᠳᠡᠭᠦᠨ ᠨᠢᠭᠡ ᠲᠡᠮᠳᠡᠭ︾ ︵ᠪᠤᠬᠢᠷᠳᠤᠯ ᠦᠭᠡᠢ ᠲᠠᠷᠢᠶᠠᠯᠠᠩ ᠤᠨ ᠪᠦᠲᠦᠬᠡᠭᠳᠡᠬᠦᠨ᠂ ᠪᠤᠬᠢᠷᠳᠤᠯ ᠦᠭᠡᠢ ᠢᠳᠡᠭᠡᠨ᠂ ᠣᠷᠭᠠᠨᠢᠭ ᠲᠠᠷᠢᠶᠠᠯᠠᠩ ᠤᠨ ᠪᠦᠲᠦᠭᠡᠭᠳᠡᠬᠦᠨ ᠪᠠ ᠲᠠᠷᠢᠶᠠᠯᠠᠩ ᠤᠨ ᠪᠦᠲᠦᠭᠡᠭᠳᠡᠬᠦᠨ ᠤ ᠭᠠᠵᠠᠷ ᠵᠦᠢ ᠶᠢᠨ ᠳᠡᠮᠳᠡᠭ︶ ᠤᠨ ᠭᠡᠷᠡᠴᠢᠯᠡᠭᠡ ᠶᠢᠨ ᠴᠤᠪᠤᠷᠠᠯ ᠢ ᠭᠦᠨᠵᠡᠭᠡᠶᠢᠷᠡᠭᠦᠯᠵᠦ᠂ ᠭᠡᠷᠡᠴᠢᠯᠡᠨ ᠮᠠᠭᠠᠳᠯᠠᠬᠤ ᠪᠠ ᠲᠡᠮᠳᠡᠭ ᠬᠡᠷᠡᠭᠯᠡᠬᠦ ᠵᠠᠷᠤᠳᠠᠯ ᠢ ︽ᠤᠷᠢᠳᠠᠪᠡᠷ ᠭᠡᠷᠡᠴᠢᠯᠡᠵᠦ ᠳᠠᠷᠠᠭ᠎ᠠ ᠨᠢ ᠨᠦᠬᠦᠪᠦᠷᠢᠯᠡᠬᠦ︾ ᠵᠠᠷᠴᠢᠮ ᠤᠨ ᠶᠤᠰᠤᠭᠠᠷ ᠬᠠᠰᠤᠵᠦ ᠬᠡᠯᠳᠦᠷᠢᠭᠦᠯᠵᠦ ᠲᠡᠳᠬᠦᠨ᠎ᠡ᠃ ᠶᠠᠳᠠᠭᠤ ᠬᠦᠴᠢᠷᠳᠡᠯᠳᠡᠢ ᠭᠠᠵᠠᠷ ᠣᠷᠣᠨ ᠤ ᠲᠥᠷᠥᠯ ᠲᠡᠮᠳᠡᠭᠲᠦ ᠶᠢᠨ ᠤᠬᠠᠭᠤᠯᠭ᠎ᠠ ᠪᠣᠯᠣᠨ ᠲᠠᠨᠢᠯᠴᠠᠭᠤᠯᠭ᠎ᠠ ᠶᠢᠨ ᠡᠷᠴᠢᠮ ᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠤᠨᠴᠠᠯᠢᠭᠲᠤ ᠪᠦᠲᠦᠭᠡᠭᠳᠡᠬᠦᠨ ᠲᠦᠷᠦᠯ ᠲᠡᠮᠳᠡᠭᠲᠦ ᠢ ᠬᠦᠭᠵᠢᠭᠦᠯᠬᠦ ᠳᠠᠪᠠᠭᠤᠯᠢᠭ ᠢ ᠦᠷᠭᠡᠨ ᠢᠶᠠᠷ ᠤᠬᠠᠭᠤᠯᠤᠨ᠎ᠠ᠃ ︵ᠬᠤᠲᠠ ᠶᠢᠨ ᠲᠠᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠡᠳ᠋ ᠤᠨ ᠵᠠᠰᠠᠭ ᠤᠨ ᠲᠤᠪᠴᠢᠶ᠎ᠡ᠂ ᠬᠤᠲᠠ ᠶᠢᠨ ᠨᠠᠮ ᠤᠨ ᠬᠤᠷᠢᠶ᠎ᠠ ᠶᠢᠨ ᠤᠬᠤᠭᠤᠯᠬᠤ ᠬᠡᠯᠲᠡᠰ ᠵᠡᠷᠭᠡ᠂ ᠡᠯ᠎ᠡ ᠬᠤᠰᠢᠭᠤ ᠰᠢᠶᠠᠨ ᠤ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ᠃      ︵ᠳᠦᠷᠪᠡ︶ ᠰᠡᠯᠡᠭᠦᠴᠡᠯ ᠵᠢᠭᠤᠯᠴᠢᠯᠠᠯ ᠤᠨ ᠳᠡᠰ ᠳᠡᠪᠰᠢᠭᠦᠯᠬᠦ ᠠᠵᠢᠯᠯᠠᠭ᠎ᠠ ᠶᠢ ᠶᠡᠬᠡᠪᠡᠷ ᠲᠦᠯᠬᠢᠨ ᠠᠬᠢᠭᠤᠯᠤᠨ᠎ᠠ      14. ᠵᠢᠭᠤᠯᠴᠢᠯᠠᠯ ᠤᠨ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠡᠷᠴᠢᠮ ᠢ ᠴᠢᠩᠭᠠᠷᠠᠭᠤᠯᠤᠨ᠎ᠠ᠃ ᠰᠡᠯᠡᠭᠦᠴᠡᠯ ᠤᠨ ᠲᠡᠷᠢᠶᠠᠯᠠᠩ ᠪᠤᠯᠤᠨ ᠬᠦᠳᠡᠭᠡ ᠲᠤᠰᠬᠤᠨ ᠤ ᠵᠢᠭᠤᠯᠴᠢᠯᠠᠯ ᠤᠨ ᠪᠡᠯᠡᠳᠭᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠦᠢ ᠶᠢᠨ ᠲᠡᠮᠵᠢᠯᠭᠡ ᠶᠢ ᠨᠡᠮᠡᠭᠳᠡᠭᠦᠯᠵᠦ᠂ ᠡᠯ᠎ᠡ ᠬᠤᠰᠢᠭᠤ ᠰᠢᠶᠠᠨ ᠲᠤᠭᠤᠷᠢᠭ ᠤᠨ ᠭᠠᠵᠠᠷ ᠰᠢᠷᠦᠢ ᠶᠢ ᠠᠰᠢᠭᠯᠠᠬᠤ ᠶᠡᠷᠦᠩᠬᠡᠶᠢᠯᠡᠨ ᠲᠦᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠣᠯᠣᠨ ᠬᠡᠷᠡᠭᠵᠢᠭᠦᠯᠬᠦ ᠳᠤ ᠪᠠᠭ᠎ᠠ ᠬᠡᠮᠵᠢᠶ᠎ᠡ ᠶᠢᠨ ᠲᠥᠯᠥᠪᠵᠢᠭᠦᠯᠦᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠳᠤ ᠭᠠᠵᠠᠷ ᠤᠨ ᠭᠦᠢᠴᠡᠳᠭᠡᠬᠦ ᠲᠤᠭ᠎ᠠ ᠶᠢ ᠤᠷᠢᠳᠴᠢᠯᠠᠨ ᠦᠯᠡᠳᠡᠭᠡᠵᠦ᠂ ᠬᠦᠳᠡᠭᠡ ᠲᠤᠰᠬᠤᠨ ᠤ ᠵᠢᠭᠤᠯᠴᠢᠯᠠᠯ ᠤᠨ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠵᠦ ᠪᠣᠯᠣᠨ᠎ᠠ᠃ ᠬᠦᠳᠡᠭᠡ ᠲᠤᠰᠬᠤᠨ ᠤ ᠬᠦᠮᠦᠰ ᠤᠨ ᠤᠷᠤᠰᠢᠨ ᠰᠠᠭᠤᠬᠤ ᠤᠷᠴᠢᠨ ᠲᠤᠭᠤᠷᠢᠨ ᠢ ᠰᠠᠶᠢᠵᠢᠷᠠᠭᠤᠯᠬᠤ ᠲᠠᠢ ᠤᠶᠠᠯᠳᠠᠭᠤᠯᠤᠨ᠂ ᠰᠡᠯᠡᠭᠦᠴᠡᠯ ᠴᠠ ᠲᠡᠷᠢᠶᠠᠯᠠᠩ ᠪᠠ ᠬᠦᠳᠡᠭᠡ ᠲᠤᠰᠬᠤᠨ ᠤᠨ ᠵᠢᠭᠤᠯᠴᠢᠯᠠᠯ ᠤᠨ ᠴᠢᠭ ᠲᠤ ᠲᠤᠭᠤᠭᠠᠨ ᠭᠡᠷ ᠢ ᠦᠭᠡᠷᠡᠴᠢᠯᠡᠬᠦ᠂ ᠵᠤᠷᠯᠤᠩ ᠢ ᠦᠭᠡᠷᠡᠴᠢᠯᠡᠬᠦ᠂ ᠵᠤᠴᠢᠨ ᠤ ᠦᠷᠦᠭᠡ ᠶᠢ ᠦᠭᠡᠷᠡᠴᠢᠯᠡᠬᠦ᠂ ᠬᠦᠷᠢᠶ᠎ᠡ ᠬᠠᠰᠢᠶ᠎ᠠ ᠶᠢ ᠡᠮᠬᠢᠯᠡᠬᠦ ︽ᠭᠤᠷᠪᠠ ᠶᠢ ᠦᠭᠡᠷᠡᠴᠢᠯᠡᠵᠦ ᠨᠢᠭᠡ ᠶᠢ ᠡᠮᠬᠢᠯᠡᠬᠦ︾ ᠢᠨᠵᠸᠡᠸ᠋ᠷᠢᠭ ᠢ ᠬᠡᠷᠡᠭᠵᠢᠭᠦᠯᠦᠨ᠎ᠡ᠃ ᠰᠡᠯᠡᠭᠦᠴᠡᠯ ᠦᠵᠡᠭᠦᠯᠤᠯᠭᠡ ᠶᠢᠨ ᠲᠠᠷᠢᠶᠠᠯᠠᠩ᠂ ᠠᠮᠢ ᠠᠬᠤᠢ ᠶᠢᠨ ᠵᠢᠭᠤᠯᠠᠴᠢᠯᠠᠯ᠂ ᠬᠤᠪᠢᠰᠬᠠᠯ ᠤᠨ ᠳᠤᠷᠠᠰᠬᠠᠯᠲᠤ ᠵᠢᠭᠤᠯᠴᠢᠯᠠᠯ᠂ ᠤᠨᠴᠠᠯᠢᠭᠲᠤ ᠰᠤᠶᠤᠯ ᠵᠢᠭᠤᠯᠴᠢᠯᠠᠯ ᠵᠡᠷᠭᠡ ᠲᠦᠷᠦᠯ ᠵᠦᠢᠯ ᠢ ᠬᠦᠴᠦᠷᠬᠡᠭᠵᠢᠭᠦᠯᠦᠨ ᠪᠤᠵᠠᠭᠠᠶᠢᠷᠠᠭᠤᠯᠵᠦ᠂ ᠵᠢᠭᠤᠯᠴᠢᠯᠠᠯ ᠢᠶᠠᠷ ᠶᠠᠳᠠᠭᠤ ᠳᠤ ᠲᠡᠳᠭᠦᠬᠦ ᠪᠣᠯᠣᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠪᠦᠲᠦᠮᠵᠢᠲᠡᠢ ᠠᠭᠤᠰᠤᠯᠴᠠᠯ ᠢ ᠪᠡᠶᠡᠯᠡᠭᠦᠯᠦᠨ᠂ ᠨᠢᠭᠡ ᠪᠦᠯᠦᠭ ᠥᠪᠡᠷᠲᠡᠭᠡᠨ ᠵᠠᠰᠠᠬᠤ ᠣᠷᠣᠨ ᠤ ᠳᠡᠰ᠂ ᠬᠤᠲᠠ ᠶᠢᠨ ᠳᠡᠰ ᠤᠨ ᠵᠢᠭᠤᠯᠴᠢᠯᠠᠯ ᠤᠨ ᠠᠵᠤ ᠦᠢᠯᠡᠰ ᠢᠶᠠᠷ ᠶᠠᠳᠠᠭᠤ ᠶᠢ ᠲᠡᠳᠬᠦᠬᠦ ᠵᠢᠱᠢᠶ᠎ᠡ ᠦᠵᠡᠭᠦᠯᠬᠦ ᠲᠥᠷᠥᠯ ᠵᠦᠢᠯ ᠢ ᠪᠦᠲᠦᠭᠡᠨ ᠪᠠᠶᠢᠭᠤᠯᠵᠤ᠂ ᠨᠢᠭᠡ ᠪᠥᠯᠥᠭ ᠣᠳᠣᠨ ᠳᠡᠰ ᠤᠨ ᠬᠥᠳᠡᠭᠡ ᠲᠣᠰᠬᠤᠨ ᠤ ᠵᠢᠭᠤᠯᠴᠢᠯᠠᠯ ᠤᠨ ᠬᠦᠯᠢᠶᠡᠨ ᠠᠪᠬᠤ ᠡᠷᠦᠬᠡ ᠢ ᠪᠣᠶᠢᠵᠢᠭᠤᠯᠤᠨ᠎ᠠ᠃ ︽ᠳᠦᠷᠪᠡᠨ ᠰᠠᠶᠢᠨᠲᠠᠢ ᠬᠦᠳᠡᠭᠡ ᠲᠤᠰᠬᠤᠨ ᠤ ᠵᠠᠮ︾ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠬᠤ ᠲᠠᠢ ᠤᠶᠠᠯᠳᠤᠭᠤᠯᠤᠨ᠂ ᠮᠠᠨ ᠤ ᠬᠤᠲᠠ ᠶᠢᠨ ᠵᠠᠭᠤᠯᠴᠢᠯᠠᠯ ᠤᠨ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠭᠡᠨ ᠠᠬᠢᠭᠤᠯᠵᠦ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠡᠯᠡᠭᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠵᠠᠰᠠᠮᠠᠯ ᠵᠠᠮ᠂ ᠰᠢᠶᠠᠩ ᠪᠠᠯᠭᠠᠰᠦ ᠶᠢᠨ ᠠᠶᠠᠨᠴᠢᠳ ᠲᠡᠭᠡᠭᠡᠪᠦᠷᠢ ᠶᠢᠨ ᠦᠷᠲᠡᠭᠡ ᠪᠠ ᠲᠤᠰᠬᠤᠨ ᠤ ᠲᠡᠷᠭᠡ ᠬᠦᠯᠢᠶᠡᠬᠦ ᠮᠤᠬᠤᠯᠠᠭ ᠢ ᠪᠦᠲᠦᠭᠡᠨ ᠪᠠᠶᠢᠭᠤᠯᠵᠦ ᠬᠦᠭᠵᠢᠭᠦᠯᠬᠦ ᠶᠢ ᠭᠤᠤᠯᠳᠠᠯᠠᠭ᠎ᠠ ᠲᠠᠢ ᠳᠡᠮᠵᠢᠵᠦ᠂ ᠶᠠᠳᠠᠭᠤ ᠬᠦᠴᠢᠷᠳᠡᠯᠳᠡᠢ ᠭᠠᠵᠠᠷ ᠤᠷᠤᠨ ᠤ ᠰᠡᠯᠡᠭᠦᠴᠡᠯ ᠤᠨ ᠲᠡᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠵᠠᠮ᠂ ᠦᠵᠡᠮᠵᠢ ᠶᠢᠨ ᠤᠷᠤᠨ ᠦᠵᠡᠮᠵᠢ ᠶᠢᠨ ᠴᠡᠭ ᠤᠨ ᠵᠠᠯᠭᠠᠯᠳᠤᠭ᠎ᠠ ᠱᠤᠭᠤᠮ ᠤᠨ ᠨᠡᠪᠲᠡᠷᠡᠬᠦ ᠴᠢᠳᠠᠪᠤᠷᠢ ᠶᠢ ᠦᠭᠡᠷᠡᠴᠢᠯᠡᠨ ᠳᠡᠭᠡᠭᠰᠢᠯᠡᠭᠦᠯᠦᠨ᠎ᠡ᠃ ︵ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠤᠪᠴᠢᠶ᠎ᠠ᠂ ᠲᠡᠷᠢᠶᠠᠯᠠᠩ ᠮᠠᠯ ᠠᠵᠦ ᠠᠬᠤᠢ ᠶᠢᠨ ᠲᠤᠪᠴᠢᠶ᠎ᠠ᠂ ᠤᠷᠤᠨ ᠰᠠᠭᠤᠴᠠ ᠪᠠ ᠬᠤᠲᠠ ᠬᠦᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠤᠪᠴᠢᠶ᠎ᠡ᠂ ᠬᠦᠭᠵᠢᠭᠦᠯᠦᠯᠲᠡ ᠦᠭᠡᠷᠡᠴᠢᠯᠡᠯᠲᠡ ᠶᠢᠨ ᠵᠦᠪᠯᠡᠯ᠂ ᠵᠠᠮ ᠲᠡᠭᠡᠭᠡᠪᠦᠷᠢ ᠶᠢᠨ ᠲᠤᠪᠴᠢᠶ᠎ᠡ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      15.ᠰᠡᠯᠡᠭᠦᠴᠡᠯ ᠵᠢᠭᠤᠯᠴᠢᠯᠠᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃ ᠪᠡᠭᠡᠵᠢᠩ ᠦᠪᠦᠷ ᠮᠤᠩᠭᠤᠯ ᠤᠨ ᠬᠠᠮᠵᠢᠯᠴᠠᠭ᠎ᠠ ᠪᠣᠯᠣᠨ ᠲᠦᠪ ᠤᠨ ᠨᠢᠭᠡᠴᠢ ᠶᠢᠨ ᠴᠡᠭ  ᠲᠣᠭᠲᠠᠭᠠᠨ ᠬᠠᠪᠰᠤᠷᠤᠨ ᠲᠡᠳᠭᠦᠭᠦ ᠶᠢ ᠠᠰᠢᠭᠯᠠᠨ᠂ ᠶᠠᠳᠠᠭᠤ ᠬᠦᠴᠢᠷᠳᠡᠯᠲᠡᠢ ᠭᠠᠵᠠᠷ ᠣᠷᠣᠨ ᠤ ᠰᠡᠯᠡᠭᠦᠴᠡᠯ ᠤᠨ ᠲᠠᠷᠢᠶᠠᠯᠠᠩ ᠪᠠ ᠬᠦᠳᠡᠭᠡ ᠲᠤᠰᠬᠤᠨ ᠤ ᠵᠢᠭᠤᠯᠴᠢᠯᠠᠯ ᠤᠨ ᠬᠥᠭᠵᠢᠯᠲᠡ ᠳᠤ ᠡᠵᠡᠩᠨᠡᠯᠲᠡ ᠪᠣᠷᠣᠯᠠᠭᠤᠯᠭ᠎ᠠ᠂ ᠦᠢᠯᠡᠴᠢᠯᠡᠭᠡ᠂ ᠬᠠᠮᠢᠶᠠᠷᠤᠯᠲᠠ ᠵᠡᠷᠭᠡ ᠲᠠᠯ᠎ᠠ ᠶᠢᠨ ᠵᠢᠯᠤᠭᠤᠳᠤᠯᠭ᠎ᠠ ᠪᠠ ᠪᠤᠯᠪᠠᠰᠤᠷᠠᠭᠤᠯᠤᠯ ᠬᠠᠩᠭᠠᠨ᠎ᠠ᠃ ᠤᠷᠤᠨ ᠪᠦᠰᠡ ᠶᠢᠨ ᠤᠨᠴᠠᠯᠢᠭ ᠢ ᠭᠦᠨᠵᠡᠭᠡᠢ ᠠᠭᠤᠳᠠᠯᠵᠤ᠂ ᠬᠦᠳᠡᠭᠡ ᠲᠤᠰᠬᠤᠨ ᠤ ᠵᠢᠭᠤᠯᠴᠢᠯᠠᠯ ᠤᠨ ᠬᠦᠭᠵᠢᠯᠲᠡ ᠶᠢᠨ ᠲᠦᠯᠦᠪᠵᠢᠭᠦᠯᠭᠡ ᠶᠢ ᠨᠠᠶᠢᠷᠠᠭᠤᠯᠤᠨ ᠵᠤᠬᠢᠶᠠᠨ᠎ᠠ᠃ ᠵᠢᠭᠤᠯᠴᠢᠯᠠᠯ ᠤᠨ ᠡᠬᠢ ᠪᠠᠶᠠᠯᠢᠭ ᠪᠠ ᠵᠢᠭᠤᠯᠴᠢᠯᠠ ᠶᠢᠨ ᠠᠵᠦ ᠦᠢᠯᠡᠰ ᠤᠨ ᠬᠦᠭᠵᠢᠯᠲᠡ ᠬᠠᠷᠢᠴᠠᠩᠭᠤᠢ ᠲᠦᠪᠯᠡᠷᠡᠭᠰᠡᠨ ᠭᠠᠵᠠᠷ ᠤᠷᠤᠨ ᠳᠤ ᠠᠵᠦ ᠦᠢᠯᠡᠰ ᠢ ᠬᠦᠲᠦᠯᠦᠨ ᠵᠢᠯᠤᠭᠤᠳᠴᠤ ᠪᠠᠶᠢᠭᠠᠳ ᠵᠢᠭᠤᠯᠴᠢᠯᠠᠯ ᠤᠨ ᠠᠵᠢᠯ ᠲᠦᠷᠦᠯ ᠤᠨ ᠨᠡᠶᠢᠭᠡᠮᠯᠢᠭ ᠵᠡᠷᠭᠡ ᠵᠤᠬᠢᠶᠠᠨ ᠪᠠᠶᠢᠭᠤᠯᠤᠯᠲᠡ ᠶᠢ ᠵᠤᠬᠢᠶᠠᠨ ᠪᠠᠶᠢᠭᠤᠯᠵᠦ᠂ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠭᠤᠤᠯ ᠴᠤᠭᠴᠠ ᠶᠢᠨ ᠬᠠᠮᠵᠢᠯᠴᠠᠨ ᠬᠦᠭᠵᠢᠬᠦ᠂ ᠵᠦᠢ ᠵᠤᠬᠢᠰᠲᠡᠢ ᠦᠷᠢᠰᠦᠯᠳᠦᠬᠦ ᠶᠢ ᠬᠦᠲᠦᠯᠦᠨ ᠵᠢᠯᠤᠭᠤᠳᠤᠨ᠎ᠠ᠃ ᠡᠭᠦᠨ ᠤ ᠬᠠᠮᠲᠤ᠂ ᠠᠵᠢᠯ ᠲᠦᠷᠦᠯ ᠤᠨ ᠬᠢᠨᠠᠯᠲᠡ ᠬᠠᠮᠢᠶᠠᠷᠤᠯᠲᠠ ᠶᠢ ᠴᠢᠩᠭᠠᠳᠬᠠᠵᠤ᠂ ᠵᠠᠬ᠎ᠠ ᠳᠡᠯᠭᠡᠭᠦᠷ ᠤᠨ ᠠᠵᠢᠯᠯᠠᠭ᠎ᠠ ᠵᠢᠷᠤᠮᠵᠢᠭᠤᠯᠵᠤ᠂ ᠵᠠᠬ᠎ᠠ ᠳᠡᠯᠭᠡᠭᠦᠷ ᠤᠨ ᠰᠠᠶᠢᠨ ᠰᠠᠶᠢᠬᠠᠨ ᠤᠷᠴᠢᠨ ᠲᠤᠭᠤᠷᠢᠨ ᠢ ᠬᠠᠮᠠᠭᠠᠯᠠᠨ᠎ᠠ᠃ ︵ᠬᠤᠲᠠ ᠶᠢᠨ ᠶᠠᠳᠠᠭᠤ ᠶᠢ ᠲᠡᠳᠭᠦᠬᠦ ᠠᠯᠪᠠᠨ ᠭᠡᠷ᠂ ᠰᠤᠶᠤᠯ ᠵᠢᠭᠤᠯᠴᠢᠯᠠᠯ ᠷᠠᠳᠢᠤ᠋ ᠲᠧᠯᠸᠢᠰ ᠤᠨ ᠲᠤᠪᠴᠢᠶ᠎ᠡ᠂ ᠲᠡᠷᠢᠶᠠᠯᠠᠩ ᠮᠠᠯ ᠠᠵᠦ ᠠᠬᠤᠢ ᠶᠢᠨ ᠲᠤᠪᠴᠢᠶ᠎ᠡ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠡ ᠬᠠᠮᠢᠶᠡᠷᠤᠯᠲᠠ ᠶᠢᠨ ᠲᠤᠪᠴᠢᠶ᠎ᠡ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      16. ᠵᠢᠭᠤᠯᠴᠢᠯᠠᠯ ᠤᠨ ᠰᠤᠳᠤᠨ ᠲᠦᠷᠦᠯ ᠵᠦᠢᠯ ᠢ ᠤᠬᠠᠭᠤᠯᠤᠨ ᠲᠠᠨᠢᠯᠴᠠᠭᠤᠯᠬᠤ ᠡᠷᠴᠢᠮ ᠢ ᠴᠢᠩᠭᠠᠷᠠᠭᠤᠯᠤᠨ᠎ᠠ᠃ ᠶᠠᠳᠠᠭᠤ ᠬᠦᠴᠢᠷᠳᠡᠯᠳᠡᠢ ᠭᠠᠵᠠᠷ ᠤᠷᠤᠨ ᠢ ᠵᠣᠬᠢᠶᠠᠨ ᠪᠠᠶᠢᠭᠤᠯᠤᠨ ᠰᠡᠯᠡᠭᠦᠴᠡᠯ ᠤᠨ ᠲᠡᠷᠢᠶᠡᠯᠡᠩ ᠪᠤᠯᠤᠨ ᠬᠦᠳᠡᠭᠡ ᠲᠤᠰᠬᠤᠨ ᠤ ᠵᠠᠭᠤᠯᠴᠢᠯᠠᠯ ᠤᠨ ᠬᠠᠮᠢᠶ᠎ᠡ ᠪᠦᠬᠦᠢ ᠭᠤᠤᠯ ᠰᠡᠳᠦᠪᠲᠦ ᠤᠬᠠᠭᠤᠯᠤᠨ ᠲᠠᠨᠢᠯᠴᠠᠭᠤᠯᠬᠤ ᠠᠵᠢᠯᠯᠠᠭ᠎ᠠ ᠶᠢ ᠦᠷᠨᠢᠭᠦᠯᠵᠦ᠂ ᠭᠠᠵᠠᠷ ᠤᠷᠤᠨ ᠤ ᠤᠨᠴᠠᠯᠢᠭ᠂ ᠠᠮᠲᠠᠲᠤ ᠢᠳᠡᠭᠡᠨ ᠭᠤᠶᠤ ᠦᠵᠡᠮᠵᠢ᠂ ᠵᠠᠩ ᠠᠭᠠᠯᠢ ᠶᠢᠨ ᠰᠤᠶᠤᠯ᠂ ᠪᠠᠶᠢᠭᠠᠯᠢ ᠶᠢᠨ ᠦᠩᠭᠡ ᠦᠵᠡᠮᠵᠢ ᠵᠡᠷᠭᠡ ᠠᠭᠤᠯᠭ᠎ᠠ ᠶᠢ ᠴᠢᠬᠤᠯᠠᠴᠢᠯᠠᠨ ᠢᠯᠡᠷᠡᠭᠦᠯᠵᠦ᠂ ᠨᠢᠭᠡ ᠪᠦᠯᠦᠭ ᠤᠨᠴᠠᠯᠢᠭᠲᠤ ᠰᠡᠯᠡᠭᠦᠴᠡᠯ ᠵᠢᠭᠤᠯᠴᠢᠯᠠᠯ ᠤᠨ ᠲᠦᠷᠦᠯ ᠵᠦᠢᠯ ᠢ ᠲᠦᠪᠯᠡᠷᠡᠭᠦᠯᠦᠨ ᠲᠠᠨᠢᠯᠴᠠᠭᠤᠯᠤᠨ᠎ᠠ᠃ ᠰᠢᠨ᠎ᠡ ᠵᠠᠭᠤᠴᠢᠯᠠᠭᠤᠷ ᠤᠨ ᠡᠬᠢ ᠪᠠᠶᠠᠯᠢᠭ ᠢ ᠠᠰᠢᠭᠯᠠᠨ᠂ ᠡᠯ᠎ᠡ ᠲᠦᠷᠦᠯ ᠤᠨ ᠲᠠᠪᠴᠠᠩ ᠢ ᠲᠦᠰᠢᠭᠯᠡᠨ ᠵᠢᠭᠤᠯᠴᠢᠯᠠᠯ ᠢᠶᠠᠷ ᠶᠠᠳᠠᠭᠤ ᠶᠢ ᠲᠡᠳᠭᠦᠬᠦ ᠤᠯᠠᠨ ᠵᠦᠢᠯ ᠤᠨ ᠬᠡᠯᠪᠡᠷᠢ ᠶᠢᠨ ᠨᠡᠶᠢᠲᠡ ᠶᠢᠨ ᠠᠰᠠᠷᠠᠮᠵᠢ ᠶᠢᠨ ᠤᠬᠠᠭᠤᠯᠭ᠎ᠠ ᠶᠢ ᠦᠷᠨᠢᠭᠦᠯᠦᠨ᠎ᠡ᠃ ︵ᠬᠤᠲᠠ ᠶᠢᠨ ᠲᠠᠷᠢᠶᠠᠯᠠᠩ ᠠᠵᠦ ᠠᠬᠤᠢ ᠶᠢᠨ ᠲᠤᠪᠴᠢᠶ᠎ᠡ᠂ ᠰᠤᠶᠤᠯ ᠷᠠᠳᠢᠤ᠋ ᠲᠧᠯᠸᠢᠰ ᠤᠨ ᠲᠤᠪᠴᠢᠶ᠎ᠡ᠂ ᠬᠤᠲᠠ ᠶᠢᠨ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠳᠦᠰ᠂ ᠬᠤᠳᠠᠯᠳᠤᠭᠠᠨ ᠤ ᠶᠠᠪᠤᠳᠠᠯ ᠤᠨ ᠲᠤᠪᠴᠢᠶ᠎ᠡ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      ︵ᠲᠠᠪᠤ︶ ᠬᠥᠳᠡᠯᠮᠦᠷᠢ ᠦᠢᠯᠡᠴᠢᠯᠡᠭᠡᠨ ᠤ ᠠᠵᠢᠯ ᠣᠯᠭᠤᠯᠲᠠ ᠶᠢᠨ ᠪᠣᠷᠣᠯᠠᠭᠤᠯᠭ᠎ᠠ ᠶᠢᠨ ᠠᠵᠢᠯᠯᠠᠭ᠎ᠠ ᠶᠢ ᠡᠮᠬᠢ ᠵᠢᠷᠤᠮ ᠲᠠᠢ ᠥᠷᠨᠢᠭᠦᠯᠦᠨ᠎ᠡ      17. ᠶᠠᠳᠠᠭᠤ ᠬᠦᠴᠢᠷᠳᠡᠯᠳᠡᠢ ᠭᠠᠵᠠᠷ ᠤᠷᠤᠨ ᠤ ᠤᠨᠴᠠᠯᠢᠭᠲᠤ ᠬᠦᠳᠡᠯᠮᠦᠷᠢ ᠦᠢᠯᠡᠴᠢᠯᠡᠭᠡᠨ ᠤ ᠲᠥᠷᠥᠯ ᠲᠡᠮᠲᠡᠭᠲᠦ ᠶᠢ ᠪᠤᠶᠢᠵᠢᠭᠤᠯᠤᠨ ᠬᠥᠭᠵᠢᠭᠦᠯᠵᠦ᠂ ᠶᠠᠳᠠᠭᠤ ᠬᠦᠴᠢᠷᠳᠡᠯᠳᠡᠢ ᠭᠠᠵᠠᠷ ᠣᠷᠣᠨ ᠤ ᠬᠦᠳᠡᠯᠮᠦᠷᠢ ᠬᠦᠴᠦᠨ ᠢ ᠪᠣᠯᠪᠠᠰᠤᠷᠠᠭᠤᠯᠤᠨ ᠭᠠᠳᠠᠭᠰᠢ ᠭᠠᠷᠭᠠᠵᠤ᠂ ᠶᠠᠳᠠᠭᠤ ᠬᠦᠴᠢᠷᠳᠡᠯᠲᠡᠢ ᠬᠥᠳᠡᠯᠦᠮᠡᠷ ᠬᠦᠴᠦᠨ ᠢ ᠰᠢᠯᠵᠢᠭᠦᠯᠦᠨ ᠠᠵᠢᠯ ᠤᠯᠭᠤᠬᠤ ᠶᠢ ᠳᠠᠶᠢᠴᠢᠯᠠᠨ᠎ᠠ᠃ ᠬᠠᠩᠭᠠᠯᠠᠭ᠎ᠠ ᠬᠡᠷᠡᠭᠴᠡᠭᠡᠨ ᠤ ᠠᠵᠢᠯ ᠤᠨ ᠪᠠᠶᠢᠷᠢ ᠶᠢᠨ ᠮᠡᠳᠡᠭᠡ ᠵᠠᠩᠭᠢ ᠶᠢ ᠵᠤᠯᠭᠠᠯᠳᠤᠭᠤᠯᠬᠤ᠂ ᠠᠵᠢᠯ ᠤᠨ ᠪᠠᠶᠢᠷᠢ ᠳᠤ ᠭᠠᠷᠬᠤ ᠠᠴᠠ ᠡᠮᠦᠨᠡᠬᠢ ᠮᠡᠷᠭᠡᠵᠢᠯ ᠤᠨ ᠴᠢᠳᠠᠪᠤᠷᠢ ᠶᠢᠨ ᠪᠤᠯᠪᠠᠰᠤᠷᠠᠭᠤᠯᠤᠯ᠂ ᠬᠦᠳᠡᠯᠮᠦᠷᠢ ᠶᠢᠨ ᠡᠷᠬᠡ ᠠᠰᠢᠭ ᠢ ᠬᠠᠮᠠᠭᠠᠯᠠᠬᠤ ᠵᠡᠷᠭᠡ ᠦᠢᠯᠡᠴᠢᠯᠡᠭᠡ ᠶᠢ ᠴᠢᠩᠭᠠᠳᠬᠠᠵᠤ᠂ ᠬᠦᠳᠡᠯᠮᠦᠷᠢ ᠦᠢᠯᠡᠴᠢᠯᠡᠭᠡᠨ ᠤ ᠭᠠᠷᠭᠠᠯᠠᠭ᠎ᠠ ᠶᠢᠨ ᠵᠤᠬᠢᠶᠠᠨ ᠪᠠᠶᠢᠭᠤᠯᠤᠯᠴᠠᠭᠰᠠᠨ ᠬᠡᠮᠵᠢᠶ᠎ᠡ ᠶᠢ ᠳᠡᠭᠡᠭᠰᠢᠯᠡᠭᠦᠯᠵᠦ᠂ ᠬᠥᠳᠡᠯᠮᠦᠷᠢ ᠦᠢᠯᠡᠴᠢᠯᠡᠭᠡ ᠶᠢᠨ ᠭᠠᠷᠭᠠᠯᠲᠡ ᠶᠢ ᠵᠣᠯᠭᠠᠯᠳᠤᠭᠤᠯᠬᠤ ᠲᠠᠪᠴᠠᠩ ᠢ ᠲᠡᠭᠦᠯᠳᠡᠷᠵᠢᠭᠦᠯᠦᠨ ᠪᠦᠷᠢᠨᠰᠢᠭᠦᠯᠵᠦ ᠂ ᠬᠦᠳᠡᠯᠮᠦᠷᠢ ᠦᠢᠯᠡᠴᠢᠯᠡᠭᠡᠨ ᠤ ᠬᠠᠮᠵᠢᠯᠴᠠᠯᠭ᠎ᠠ ᠶᠢ ᠦᠷᠨᠢᠭᠦᠯᠵᠦ᠂ ᠶᠠᠳᠠᠭᠤ ᠬᠦᠴᠢᠷᠲᠡᠯᠲᠠᠢ ᠭᠠᠵᠠᠷ ᠤᠷᠤᠨ ᠤ ᠬᠦᠳᠡᠯᠮᠦᠷᠢ ᠬᠦᠴᠦᠨ ᠢ ᠰᠢᠯᠵᠢᠭᠦᠯᠦᠨ ᠠᠵᠢᠯ ᠤᠯᠭᠤᠬᠤ ᠶᠢ ᠠᠬᠢᠭᠤᠯᠤᠨ᠎ᠠ᠃ ᠬᠤᠲᠠ ᠶᠢᠨ ᠳᠤᠲᠤᠷᠠᠬᠢ ᠲᠤᠮᠦ ᠬᠡᠯᠪᠡᠷᠢ ᠶᠢᠨ ᠠᠵᠤ ᠠᠬᠤᠶᠢᠯᠠᠯ ᠢ ᠳᠠᠶᠢᠴᠢᠯᠠᠨ ᠶᠠᠳᠠᠭᠤ ᠬᠦᠴᠢᠷᠳᠡᠯᠲᠡᠢ ᠭᠠᠵᠠᠷ ᠤᠷᠤᠨ ᠠᠴᠠ ᠠᠵᠢᠯᠲᠠᠨ ᠡᠯᠰᠡᠵᠦ᠂ ᠶᠠᠳᠠᠭᠤ ᠬᠦᠴᠢᠷᠳᠡᠯᠲᠡᠢ ᠬᠦᠳᠡᠯᠮᠦᠷᠢ ᠬᠦᠴᠦᠨ ᠳᠤ ᠠᠵᠢᠯ ᠤᠯᠭᠤᠬᠤ ᠠᠰᠠᠭᠤᠳᠠᠯ ᠡᠩ ᠲᠡᠷᠢᠭᠦᠨ ᠳᠤ ᠰᠢᠢᠳᠪᠦᠷᠢᠯᠡᠨ᠎ᠡ᠃ ᠡᠯ᠎ᠡ ᠲᠦᠷᠦᠯ ᠤᠨ ᠠᠵᠤ ᠠᠬᠤᠶᠢᠯᠠᠯ ᠤᠨ ᠶᠠᠳᠠᠭᠤ ᠬᠦᠴᠢᠷᠳᠡᠯᠲᠡᠢ ᠭᠠᠵᠠᠷ ᠤᠷᠤᠨ ᠳᠤ ᠤᠴᠢᠵᠤ ᠲᠤᠰᠬᠠᠢ ᠤᠷᠢᠬᠤ ᠬᠤᠷᠠᠯ ᠡᠷᠬᠢᠯᠡᠬᠦ ᠶᠢ ᠵᠤᠷᠢᠭᠵᠢᠭᠤᠯᠵᠤ᠂ ᠶᠠᠳᠠᠭᠤ ᠬᠦᠴᠢᠷᠳᠡᠯᠲᠡᠢ ᠭᠠᠵᠠᠷ ᠤᠷᠤᠨ ᠤ ᠰᠤᠷᠤᠭᠴᠢ ᠶᠢᠨ ᠢᠷᠡᠯᠲᠡ ᠶᠢᠨ ᠭᠠᠵᠠᠷ ᠤᠨ ᠳᠡᠭᠡᠲᠦ ᠰᠣᠷᠭᠠᠭᠤᠯᠢ ᠲᠡᠭᠦᠰᠦᠭᠰᠡᠳ ᠤᠨ ᠠᠵᠢᠯ ᠣᠯᠭᠤᠯᠲᠠ ᠶᠢ ᠠᠬᠢᠭᠤᠯᠤᠨ᠎ᠠ᠃ ᠠᠵᠢᠯ ᠤᠯᠭᠤᠯᠲᠠ ᠪᠠᠷ ᠶᠠᠳᠠᠭᠤ ᠶᠢ ᠲᠡᠳᠭᠦᠬᠦ ᠰᠠᠭᠤᠷᠢᠨ ᠭᠠᠵᠠᠷ᠂ ᠨᠡᠶᠢᠭᠡᠮ ᠤᠨ ᠲᠤᠭᠤᠷᠢᠭ ᠦᠢᠯᠡᠳᠪᠦᠷᠢ ᠳᠠᠭᠠᠭᠤᠯᠢ ᠣᠳᠣ ᠶᠢᠨ ᠦᠢᠯᠡᠳᠪᠦᠷᠢ᠂ ᠠᠵᠢᠯ ᠤᠯᠭᠤᠬᠤ ᠦᠷᠲᠡᠭᠡ ᠵᠡᠷᠭᠡ ᠠᠴᠢᠶᠠᠯᠠᠪᠤᠷᠢ ᠶᠢ ᠲᠡᠳᠭᠦᠨ ᠬᠦᠭᠵᠢᠭᠦᠯᠵᠦ᠂ ᠡᠷᠭᠢᠨ ᠲᠤᠭᠤᠷᠢᠨ ᠤ ᠶᠠᠳᠠᠭᠤ ᠬᠦᠴᠢᠷᠳᠡᠯᠲᠡᠢ ᠬᠦᠳᠡᠯᠮᠦᠷᠢ ᠬᠦᠴᠦᠨ ᠤ ᠠᠵᠢᠯ ᠤᠯᠭᠤᠯᠲᠠ ᠶᠢ ᠳᠠᠶᠢᠴᠢᠯᠠᠨ᠎ᠠ᠃  ︵ᠬᠤᠲᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠤᠪᠴᠢᠶ᠎ᠠ᠂ ᠬᠤᠲᠠ ᠶᠢᠨ ᠶᠠᠳᠠᠭᠤ ᠶᠢ ᠲᠡᠳᠭᠦᠭᠦ ᠠᠯᠪᠠᠨ ᠭᠡᠷ ᠵᠡᠷᠭᠡ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠬᠠᠷᠢᠭᠤᠴᠠᠨ᠎ᠠ︶      ᠭᠤᠷᠪᠠ᠂ ᠪᠠᠳᠤᠯᠭ᠎ᠠ ᠶᠢᠨ ᠠᠷᠭ᠎ᠠ ᠬᠡᠮᠵᠢᠶ᠎ᠡ      18. ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠨ᠎ᠠ᠃ ᠬᠤᠲᠠ ᠶᠢᠨ ᠶᠠᠳᠠᠭᠤ ᠶᠢ ᠲᠡᠳᠬᠦᠵᠦ ᠨᠡᠭᠡᠭᠡᠨ ᠬᠥᠭᠵᠢᠭᠦᠯᠬᠦ ᠤᠳᠤᠷᠢᠳᠬᠤ ᠳᠤᠭᠤᠶᠢᠯᠠᠩ ᠪᠦᠬᠦ ᠬᠤᠲᠠ ᠶᠢᠨ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠨᠢᠭᠡᠳᠦᠯᠲᠡᠢ ᠳᠤ ᠲᠥᠯᠥᠪᠯᠡᠨ ᠠᠬᠢᠭᠤᠯᠬᠤ ᠶᠢ ᠬᠠᠷᠢᠭᠤᠴᠠᠨ᠎ᠠ᠃ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠨᠢ ᠶᠠᠳᠠᠭᠤ ᠶᠢ ᠲᠡᠳᠬᠦᠬᠦ ᠠᠯᠪᠠᠨ ᠭᠡᠷ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ᠂ ᠠᠵᠤ ᠦᠶᠯᠡᠳᠪᠦᠷᠢ ᠬᠤᠳᠠᠯᠳᠤᠭᠠᠨ ᠤ ᠬᠤᠯᠪᠣᠭ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ ᠵᠡᠷᠭᠡ ᠨᠢᠭᠡᠴᠡ ᠲᠠᠢ ᠬᠠᠮᠲᠤᠷᠠᠨ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠦᠨᠳᠦᠰᠦᠯᠡᠨ᠂ ᠠᠵᠢᠯ ᠤᠨ ᠨᠡᠶᠢᠯᠡᠮᠡᠯ ᠬᠦᠴᠦᠨ ᠢ ᠪᠤᠢ ᠪᠣᠯᠭᠠᠵᠤ᠂ ᠬᠠᠮᠢᠶ᠎ᠠ ᠪᠦᠬᠦᠢ ᠠᠵᠢᠯ ᠤᠨ ᠨᠠᠶᠢᠳᠠᠪᠤᠷᠢᠵᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠬᠡᠷᠡᠭᠲᠡᠶ᠂ ᠡᠯ᠎ᠡ ᠬᠤᠰᠢᠭᠤ ᠰᠢᠶᠠᠨ ᠲᠣᠭᠤᠷᠢᠭ ᠤᠳ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠬᠦ ᠵᠣᠬᠢᠶᠠᠨ ᠪᠠᠶᠢᠭᠤᠯᠤᠯᠲᠠ ᠶᠢᠨ ᠪᠠᠶᠢᠭᠤᠯᠤᠮᠵᠢ ᠪᠣᠯᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠲᠦᠷᠭᠡᠬᠡᠨ ᠲᠣᠳᠣᠷᠬᠠᠶᠢᠯᠠᠵᠤ᠂ ᠠᠵᠢᠯ ᠤᠨ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠬᠦ ᠶᠢ ᠢᠳᠡᠪᠬᠢᠲᠡᠶ ᠪᠠᠷ ᠠᠬᠢᠭᠤᠯᠬᠤ ᠬᠡᠷᠡᠭᠲᠡᠶ᠃      19. ᠠᠰᠢᠭ ᠲᠤᠰᠠ ᠶᠢᠨ ᠲᠣᠭᠲᠠᠴᠠ ᠶᠢ ᠲᠡᠭᠦᠯᠳᠡᠷᠵᠢᠭᠦᠯᠦᠨ᠎ᠡ᠃ ᠲᠣᠯᠣᠭᠠᠶᠢᠯᠠᠭᠴᠢ ᠠᠵᠤ ᠠᠬᠤᠶᠢᠯᠠᠯ᠂ ᠲᠤᠰᠬᠠᠶ ᠬᠤᠷᠰᠢᠶ᠎ᠠ᠂ ᠪᠠᠶᠠᠵᠢᠯ ᠤᠨ ᠳᠠᠭᠠᠭᠤᠯᠤᠭᠴᠢ ᠬᠢᠭᠡᠳ ᠶᠠᠳᠠᠭᠤ ᠬᠦᠴᠢᠷᠳᠡᠯᠲᠡᠢ ᠬᠥᠮᠦᠨ ᠠᠮᠠ ᠶᠢᠨ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠭᠦᠨᠵᠡᠭᠡᠶ ᠥᠷᠨᠢᠭᠦᠯᠬᠦ ᠪᠠᠷ ᠳᠠᠮᠵᠢᠭᠤᠯᠤᠨ᠂ ᠶᠠᠳᠠᠭᠤ ᠬᠦᠴᠢᠷᠳᠡᠯᠲᠡᠶ ᠬᠥᠮᠦᠨ ᠠᠮᠠ ᠶᠢᠨ ᠦᠶᠯᠡᠳᠬᠦᠨ ᠪᠠ ᠦᠶᠯᠡᠴᠢᠯᠡᠭᠡᠨ ᠤ ᠬᠡᠷᠡᠭᠯᠡᠭᠡᠨ ᠳᠠᠬᠢ ᠣᠷᠣᠯᠴᠠᠬᠤ ᠬᠡᠮᠵᠢᠶ᠎ᠡ ᠶᠢ ᠳᠡᠭᠡᠭᠰᠢᠯᠡᠭᠦᠯᠬᠦ ᠶᠢᠨ ᠬᠠᠮᠲᠤ ᠣᠷᠣᠯᠭ᠎ᠠ ᠶᠢ ᠨᠡᠮᠡᠭᠳᠡᠭᠦᠯᠵᠦ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠲᠣᠰᠬᠤᠨ ᠤ ᠬᠠᠮᠲᠤ ᠶᠢᠨ ᠠᠵᠤ ᠠᠬᠤᠶ ᠶᠢ ᠲᠠᠰᠤᠷᠠᠯᠲᠠ ᠦᠭᠡᠢ ᠪᠤᠵᠠᠭᠠᠶᠢᠷᠠᠭᠤᠯᠤᠨ᠂ ᠵᠠᠬ᠎ᠠ ᠳᠡᠯᠭᠡᠭᠦᠷ ᠢ ᠵᠣᠯᠭᠠᠭᠤᠯᠬᠤ ᠴᠢᠳᠠᠪᠤᠷᠢ ᠪᠠ ᠵᠠᠬ᠎ᠠ ᠳᠡᠯᠭᠡᠭᠦᠷ ᠤᠨ ᠨᠥᠯᠥᠭᠡᠯᠡᠬᠦ ᠬᠦᠴᠦᠨ  ᠢ ᠨᠡᠮᠡᠭᠳᠡᠭᠦᠯᠬᠦ ᠬᠡᠷᠡᠭᠲᠡᠶ᠃ ᠡᠭᠦᠨ ᠤ ᠬᠠᠮᠲᠤ᠂ ᠲᠣᠯᠣᠭᠠᠶᠢᠯᠠᠭᠴᠢ ᠠᠵᠤ ᠠᠬᠤᠶᠢᠯᠠᠯ᠂ ᠲᠤᠰᠬᠠᠶ ᠠᠵᠢᠯ ᠤᠨ ᠬᠤᠷᠰᠢᠶ᠎ᠠ᠂ ᠪᠠᠶᠠᠵᠢᠯ ᠤᠨ ᠳᠠᠭᠠᠭᠤᠯᠤᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠬᠤ ᠶᠢ ᠴᠢᠬᠤᠯᠠᠴᠢᠯᠠᠬᠤ ᠬᠡᠷᠡᠭᠲᠡᠶ᠃ ︵ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠶᠠᠳᠠᠭᠤ ᠶᠢ ᠲᠡᠳᠬᠦᠬᠦ ᠠᠯᠪᠠᠨ ᠭᠡᠷ᠂ ᠡᠳ᠋ ᠤᠨ ᠵᠠᠰᠠᠭ ᠤᠨ ᠲᠣᠪᠴᠢᠶ᠎ᠠ ᠵᠡᠷᠭᠡ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶      20. ᠲᠥᠷᠥ ᠶᠢᠨ ᠪᠣᠳᠣᠯᠭ᠎ᠠ ᠶᠢᠨ ᠳᠡᠮᠵᠢᠯᠭᠡ ᠶᠢ ᠴᠢᠩᠭᠠᠷᠠᠭᠤᠯᠤᠨ᠎ᠠ᠃ ᠡᠯ᠎ᠡ ᠬᠤᠰᠢᠭᠤ ᠰᠢᠶᠠᠨ ᠲᠣᠭᠤᠷᠢᠭ ᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠡᠬᠢ ᠪᠠᠶᠠᠯᠢᠭ ᠪᠠ ᠲᠥᠷᠥ ᠶᠢᠨ ᠪᠣᠳᠣᠯᠭ᠎ᠠ ᠶᠢᠨ ᠪᠡᠯᠡ ᠮᠥᠩᠭᠦ ᠶᠢ ᠨᠢᠭᠡᠳᠦᠯᠲᠡᠶ ᠲᠥᠯᠥᠪᠯᠡᠨ᠂ ᠶᠠᠳᠠᠭᠤ ᠬᠦᠴᠢᠷᠳᠡᠯᠲᠡᠶ ᠭᠠᠵᠠᠷ ᠣᠷᠣᠨ ᠤ ᠣᠨᠴᠠᠯᠢᠭ ᠲᠠᠢ ᠦᠶᠯᠡᠳᠬᠦᠨ ᠤ ᠬᠠᠩᠭᠠᠯᠭ᠎ᠠ ᠶᠢᠨ ᠬᠡᠯᠬᠢᠶ᠎ᠡ ᠶᠢᠨ ᠪᠦᠲᠦᠭᠡᠨ ᠪᠠᠶᠢᠭᠤᠯᠤᠯᠲᠠ ᠶᠢ ᠳᠠᠮᠵᠢᠵᠤ᠂ ᠵᠠᠬ᠎ᠠ ᠳᠡᠯᠭᠡᠭᠦᠷ ᠤᠨ ᠬᠠᠩᠭᠠᠯᠭ᠎ᠠ ᠶᠢᠨ ᠠᠷᠭ᠎ᠠ ᠵᠠᠮ ᠢ ᠨᠡᠪᠲᠡᠷᠡᠭᠦᠯᠵᠦ᠂ ᠮᠥᠩᠭᠦᠨ ᠭᠦᠶᠯᠭᠡᠭᠡ᠂ ᠭᠠᠵᠠᠷ ᠰᠢᠷᠣᠶ᠂ ᠭᠠᠶᠢᠯᠢ ᠰᠦᠶᠳᠬᠡᠯ ᠵᠡᠷᠭᠡ ᠲᠠᠯ᠎ᠠ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠶ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠳᠤ ᠣᠷᠣᠯᠴᠠᠭᠰᠠᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠳᠤ ᠶᠠᠳᠠᠭᠤ ᠶᠢ ᠲᠡᠳᠬᠦᠭᠰᠡᠨ ᠦᠷ᠎ᠡ ᠪᠦᠲᠦᠮᠵᠢ ᠶᠢ ᠮᠠᠭᠠᠳᠯᠠᠨ ᠲᠣᠭᠲᠠᠭᠠᠯᠲᠠ ᠬᠢᠵᠦ᠂ ᠲᠣᠪᠦ᠋ᠮ᠎ᠠ ᠬᠤᠪᠢ ᠨᠡᠮᠡᠷᠢ ᠦᠵᠡᠭᠦᠯᠦᠭᠰᠡᠨ ᠪᠠᠶᠪᠠᠯ᠂ ᠵᠣᠬᠢᠬᠤ ᠠᠷᠭ᠎ᠠ ᠮᠠᠶ᠋ᠢᠭ ᠢᠶᠠᠷ ᠱᠠᠩᠨᠠᠨ ᠤᠷᠮᠠᠰᠢᠭᠤᠯᠬᠤ ᠬᠡᠷᠡᠭᠲᠡᠶ᠃ ︵ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ᠂ ᠡᠳ᠋ ᠤᠨ ᠵᠠᠰᠠᠭ ᠤᠨ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠡᠷᠭᠡ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶      21. ᠰᠢᠮᠳᠠᠭᠤᠯᠤᠨ ᠨᠠᠶᠢᠳᠠᠪᠤᠷᠢᠵᠢᠭᠤᠯᠬᠤ ᠶᠢ ᠴᠢᠩᠭᠠᠳᠬᠠᠬᠤ ᠬᠡᠷᠡᠭᠲᠡᠶ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠠᠵᠢᠯ ᠤᠨ ᠣᠨ ᠤ ᠲᠥᠯᠥᠪᠯᠡᠭᠡ ᠳᠤ ᠣᠷᠣᠭᠤᠯᠵᠤ᠂ ᠲᠥᠪ ᠤᠨ ᠨᠢᠭᠡᠴᠢ ᠶᠢᠨ ᠴᠢᠭ ᠲᠣᠭᠲᠠᠭᠠᠨ ᠶᠠᠳᠠᠭᠤ ᠶᠢ ᠲᠡᠳᠬᠦᠬᠦ᠂ ᠪᠡᠭᠡᠵᠢᠩ ᠥᠪᠥᠷ ᠮᠣᠩᠭᠤᠯ  ᠤᠨ ᠶᠠᠳᠠᠭᠤ ᠶᠢ ᠲᠡᠳᠬᠦᠬᠦ ᠬᠠᠮᠵᠢᠯᠴᠠᠭ᠎ᠠ ᠶᠢᠨ ᠴᠢᠬᠤᠯᠠ ᠠᠭᠤᠯᠭ᠎ᠠ ᠪᠣᠯᠭᠠᠬᠤ ᠶᠢᠨ ᠬᠠᠮᠲᠤ ᠰᠢᠯᠭᠠᠨ ᠬᠢᠨᠠᠬᠤ ᠬᠡᠪᠴᠢᠶᠡᠨ ᠳᠤ ᠣᠷᠣᠭᠤᠯᠬᠤ ᠬᠡᠷᠡᠭᠲᠡᠶ᠃ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠲᠣᠬᠢᠷᠠᠭᠤᠯᠬᠤ ᠳᠦᠷᠢᠮ ᠶᠢ ᠪᠠᠶᠢᠭᠤᠯᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠠᠵᠢᠯ ᠢ ᠥᠷᠨᠢᠭᠦᠯᠦᠭᠰᠡᠨ ᠪᠠᠶᠢᠳᠠᠯ ᠢ ᠲᠣᠭᠲᠠᠮᠠᠯ ᠬᠤᠭᠤᠴᠠᠭ᠎ᠠ ᠲᠠᠢ ᠪᠠᠷ ᠪᠦᠷᠢᠳᠬᠡᠨ᠎ᠡ᠃ ᠬᠤᠲᠠ ᠶᠢᠨ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠡᠯ᠎ᠡ ᠭᠠᠵᠠᠷ ᠣᠷᠣᠨ ᠤ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠨᠠᠶᠢᠳᠠᠪᠤᠷᠢᠵᠢᠭᠤᠯᠵᠤ ᠪᠠᠶᠢᠭ᠎ᠠ ᠪᠠᠶᠢᠳᠠᠯ ᠢ ᠰᠢᠮᠳᠠᠭᠤᠯᠤᠨ ᠵᠢᠯᠣᠭᠤᠳᠬᠤ ᠪᠠᠨ ᠴᠢᠩᠭᠠᠳᠬᠠᠵᠤ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠶᠢ ᠥᠷᠨᠢᠭᠦᠯᠬᠦ ᠠᠬᠢᠴᠠ ᠶᠢ ᠴᠠᠭ ᠲᠤᠬᠠᠶ ᠳᠤᠨᠢ ᠮᠥᠷᠳᠡᠵᠦ᠂ ᠠᠵᠢᠯ ᠢ ᠠᠬᠢᠭᠤᠯᠬᠤ ᠶᠠᠪᠤᠴᠠ ᠳᠤ ᠢᠯᠡᠷᠡᠭᠰᠡᠨ ᠠᠰᠠᠭᠤᠳᠠᠯ ᠪᠣᠯᠤᠨ ᠬᠦᠴᠢᠷᠳᠡᠯ ᠢ ᠵᠣᠬᠢᠴᠠᠭᠤᠯᠤᠨ ᠰᠢᠶᠳᠪᠦᠷᠢᠯᠡᠵᠦ᠂ ᠬᠡᠷᠡᠭᠯᠡᠭᠡ ᠪᠠᠷ ᠶᠠᠳᠠᠭᠤ ᠶᠢ ᠲᠡᠳᠬᠦᠬᠦ ᠡᠯ᠎ᠡ ᠵᠦᠶᠯ ᠤᠨ ᠲᠥᠷᠥ ᠶᠢᠨ ᠪᠣᠳᠣᠯᠭ᠎ᠠ  ᠶᠢ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠲᠦᠯᠬᠢᠨ ᠠᠬᠢᠭᠤᠯᠬᠤ ᠬᠡᠷᠡᠭᠲᠡᠶ᠃ ︵ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠬᠡᠷ᠂ ᠲᠠᠷᠢᠶᠠᠯᠠᠩ ᠮᠠᠯ ᠠᠵᠤ ᠠᠬᠤᠶ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ  ᠤᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ᠂ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ ᠵᠡᠷᠭᠡ᠂ ᠡᠯ᠎ᠡ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠠᠴᠠ ᠬᠠᠷᠢᠭᠤᠴᠠᠨ᠎ᠠ︶
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号