ᠬᠦᠬᠡᠬᠤᠲᠠ ᠵᠠᠰᠠᠭ ᠠᠯᠪᠠᠨ ᠲᠠᠷᠬᠠᠭᠠᠭᠰᠠᠨ︹ 2019 ︺36 ᠳ᠋ᠤᠭᠠᠷ ᠲᠣᠭᠠᠲᠤ | ᠡᠯ᠎ᠡ ᠬᠤᠰᠢᠭᠤ᠂ ᠰᠢᠶᠠᠨ᠂ ᠲᠣᠭᠤᠷᠢᠭ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶ᠎ᠠ ᠪᠦᠬᠦᠢ ᠰᠠᠯᠠᠭ᠎ᠠ ᠮᠥᠴᠢᠷ᠄ | ︽ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠷᠭ᠎ᠠ︾ ᠶᠢ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠵᠢᠷᠤᠮᠯᠠᠨ | ᠬᠡᠷᠡᠭᠵᠢᠭᠦᠯᠲᠦᠭᠡᠶ᠃ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠷᠭ᠎ᠠ | | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠠᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠠᠬᠢᠭᠤᠯᠵᠤ᠂ ᠰᠤᠷᠭᠠᠨ ᠬᠥᠮᠦᠵᠢᠯ ᠤᠨ | ᠡᠷᠬᠡ ᠲᠡᠭᠰᠢ ᠶᠢ ᠠᠬᠢᠭᠤᠯᠤᠨ᠂ ᠰᠤᠷᠭᠠᠨ ᠬᠥᠮᠦᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ᠂ ᠰᠤᠷᠭᠠᠨ | ᠬᠥᠮᠦᠵᠢᠯ ᠤᠨ ᠣᠳᠣᠬᠢᠴᠢᠯᠠᠯᠲᠠ ᠶᠢ ᠠᠬᠢᠭᠤᠯᠵᠤ᠂ ᠰᠤᠷᠭᠠᠨ ᠬᠥᠮᠦᠵᠢᠯ ᠤᠨ ᠠᠵᠤ ᠠᠬᠤᠶ ᠨᠡᠶᠢᠭᠡᠮ ᠤᠨ | ᠬᠥᠭᠵᠢᠯᠲᠡ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ ︽ᠪᠥᠬᠦᠳᠡ ᠨᠠᠶᠢᠷᠠᠮᠳᠠᠬᠤ | ᠳᠤᠮᠳᠠᠳᠤ ᠠᠷᠠᠳ ᠤᠯᠤᠰ ᠤᠨ ᠰᠤᠷᠭᠠᠨ ᠬᠥᠮᠦᠵᠢᠯ ᠤᠨ ᠬᠠᠤᠯᠢ︾᠂ ︽ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠲᠦᠷᠢᠮ︾᠂ ︽ᠮᠤᠵᠢ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠶᠢ ᠦᠨᠡᠯᠡᠬᠦ ᠠᠷᠭ᠎ᠠ ᠶᠢ ᠳᠠᠷᠤᠮᠠᠯᠯᠠᠨ ᠶᠠᠪᠤᠭᠤᠯᠬᠤ | ᠲᠤᠬᠠᠢ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ | ᠲᠠᠷᠬᠠᠭᠠᠭᠰᠠᠨ ︹ 2017 ︺ 49 ᠳ᠋ᠦ᠋ᠭᠡᠷ ᠲᠣᠭᠠᠲᠤ︶᠂ ︽ᠥᠪᠡᠷᠲᠡᠭᠡᠨ ᠵᠠᠰᠠᠬᠤ ᠣᠷᠣᠨ ᠤ ︿ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠬᠦ ᠶᠢ ᠦᠨᠡᠯᠡᠬᠦ ᠠᠷᠭ᠎ᠠ﹀ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠬᠡᠷᠡᠭᠵᠢᠭᠦᠯᠬᠦ ᠲᠥᠰᠦᠯ ᠢ | ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ | ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹ 2018 ︺ 2 | ᠳ᠋ᠤᠭᠠᠷ ᠲᠣᠭᠠᠲᠤ︶ ᠵᠡᠷᠭᠡ ᠰᠤᠷᠭᠠᠨ ᠬᠥᠮᠦᠵᠢᠯ ᠤᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ ᠶᠢᠨ | ᠪᠣᠳᠣᠯᠭ᠎ᠠ ᠶᠢᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠦᠨᠳᠦᠰᠦᠯᠡᠨ᠂ ᠲᠣᠰ ᠠᠷᠭ᠎ᠠ ᠶᠢ ᠲᠣᠭᠲᠠᠭᠠᠪᠠ᠃ | ᠬᠤᠶᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠬᠦ ᠭᠡᠳᠡᠭ ᠨᠢ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠤᠳᠤᠷᠢᠳᠤᠯᠭ᠎ᠠ᠂ ᠬᠠᠮᠢᠶᠠᠷᠤᠯᠲᠠ᠂ ᠪᠠᠲᠤᠯᠠᠭ᠎ᠠ᠂ ᠲᠣᠰ ᠵᠠᠰᠠᠭ | ᠵᠠᠬᠢᠷᠭᠠᠨ ᠤ ᠣᠷᠣᠨ ᠤ ᠳᠣᠲᠤᠷᠠᠬᠢ ᠰᠤᠷᠭᠠᠨ ᠬᠥᠮᠦᠵᠢᠯ ᠤᠨ ᠦᠢᠯᠡᠰ ᠤᠨ ᠥᠭᠡᠷᠡᠴᠢᠯᠡᠯᠲᠡ ᠬᠥᠭᠵᠢᠯᠲᠡ | ᠲᠣᠭᠲᠠᠭᠤᠨ ᠪᠠᠶᠢᠳᠠᠯ ᠢ ᠲᠦᠯᠬᠢᠨ ᠠᠬᠢᠭᠤᠯᠬᠤ ᠠᠵᠢᠯ ᠤᠨ ᠬᠤᠯᠪᠣᠭᠳᠠᠯ ᠪᠦᠬᠦᠢ ᠪᠠᠶᠢᠳᠠᠯ ᠤᠨ ᠲᠤᠬᠠᠢ | ᠦᠨᠡᠯᠡᠯᠲᠡ ᠶᠢ ᠵᠢᠭᠠᠨ᠎ᠠ᠃ | ᠭᠤᠷᠪᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ | ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠶᠢ ᠦᠨᠡᠯᠡᠬᠦ ᠠᠵᠢᠯ ᠢ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠵᠥᠪᠯᠡᠯ ᠠᠴᠠ ᠨᠢᠭᠡᠳᠦᠯᠲᠡᠶ ᠲᠥᠯᠥᠪᠯᠡᠨ ᠤᠳᠤᠷᠢᠳᠴᠤ᠂ ᠬᠤᠲᠠ ᠶᠢᠨ ᠰᠤᠷᠭᠠᠨ ᠬᠥᠮᠦᠵᠢᠯ ᠤᠨ | ᠬᠢᠨᠠᠨ ᠵᠢᠯᠣᠭᠤᠳᠬᠤ ᠵᠥᠪᠯᠡᠯ ᠤᠨ ᠠᠯᠪᠠᠨ ᠭᠡᠷ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ | ᠳᠥᠷᠪᠡᠳᠦᠭᠡᠷ ᠵᠦᠢᠯ ᠦᠨᠡᠯᠡᠬᠦ ᠠᠵᠢᠯ ᠨᠢ ᠰᠤᠷᠭᠠᠨ ᠬᠥᠮᠦᠵᠢᠯ ᠤᠨ ᠵᠢᠭᠠᠨ ᠰᠤᠷᠭᠠᠬᠤ ᠶᠠᠰᠤ ᠴᠢᠨᠠᠷ ᠢ | ᠳᠡᠭᠡᠭᠰᠢᠯᠡᠭᠦᠯᠬᠦ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠶᠣᠰᠣᠭᠠᠷ᠂ | ᠭᠤᠤᠯᠳᠠᠯᠭ᠎ᠠ ᠶᠢ ᠳᠣᠪᠤᠶᠢᠯᠭᠠᠵᠤ᠂ ᠪᠤᠰᠤᠳᠴᠢ ᠲᠥᠪ ᠭᠤᠤᠯᠴᠢ ᠪᠠᠶᠢᠵᠤ᠂ ᠪᠣᠳᠠᠲᠤ ᠦᠷ᠎ᠡ ᠪᠦᠲᠦᠮᠵᠢ ᠶᠢ | ᠴᠢᠬᠤᠯᠠᠴᠢᠯᠠᠨ᠂ ᠨᠡᠶᠢᠭᠡᠮ ᠤᠨ ᠬᠢᠨ ᠣᠷᠣᠯᠴᠠᠬᠤ ᠵᠠᠷᠴᠢᠮ ᠢ ᠵᠢᠷᠤᠮᠯᠠᠨ᠎ᠠ᠃ | ᠲᠠᠪᠤᠳᠤᠭᠠᠷ ᠵᠦᠢᠯ ᠦᠨᠡᠯᠡᠬᠦ ᠠᠵᠢᠯ ᠢ ᠵᠢᠯ ᠪᠦᠷᠢ ᠨᠢᠭᠡ ᠤᠳᠠᠭ᠎ᠠ ᠥᠷᠨᠢᠭᠦᠯᠵᠦ᠂ ᠤᠳᠠᠭ᠎ᠠ ᠪᠦᠷᠢ 3 | ᠬᠤᠰᠢᠭᠤ ᠰᠢᠶᠠᠨ ᠲᠣᠭᠤᠷᠢᠭ ᠢ ᠰᠣᠩᠭᠤᠵᠤ ᠶᠠᠪᠤᠭᠳᠠᠭᠤᠯᠤᠨ᠎ᠠ᠃ | ᠲᠤᠬᠠᠶ ᠶᠢᠨ ᠭᠠᠵᠠᠷ ᠲᠤᠨᠢ ᠬᠢᠨᠠᠨ ᠵᠢᠯᠣᠭᠤᠳᠴᠤ ᠦᠨᠡᠯᠡᠬᠦ ᠳᠤ᠂ ᠭᠤᠷᠪᠠᠨ ᠵᠢᠯ ᠢᠶᠠᠷ ᠨᠢᠭᠡ ᠦᠶᠡᠯᠡᠬᠦ | ᠬᠤᠭᠤᠴᠠᠭ᠎ᠠ ᠪᠤᠯᠭᠠᠨ᠎ᠠ᠃ ᠤᠯᠤᠰ᠂ ᠥᠪᠡᠷᠲᠡᠭᠡᠨ ᠵᠠᠰᠠᠬᠤ ᠣᠷᠣᠨ᠂ ᠬᠤᠲᠠ ᠶᠢᠨ ᠰᠤᠷᠭᠠᠨ ᠬᠥᠮᠦᠵᠢᠯ ᠤᠨ | ᠦᠢᠯᠡᠰ ᠤᠨ ᠬᠥᠭᠵᠢᠯᠲᠡ ᠶᠢᠨ ᠶᠡᠷᠦᠩᠬᠡᠶ ᠬᠠᠷᠠᠯᠲᠠ᠂ ᠭᠤᠤᠯᠳᠠᠯᠭ᠎ᠠ ᠲᠠᠢ ᠡᠭᠦᠷᠭᠡ ᠪᠣᠯᠤᠨ ᠣᠷᠣᠰᠢᠵᠤ ᠪᠠᠶᠢᠭ᠎ᠠ | ᠳᠣᠪᠤᠶᠢᠮ᠎ᠠ ᠠᠰᠠᠭᠤᠳᠠᠯ ᠢ ᠦᠨᠳᠦᠰᠦᠯᠡᠨ᠂ ᠵᠢᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠶᠢ | ᠲᠣᠭᠲᠠᠭᠠᠬᠤ ᠪᠠ ᠵᠠᠰᠠᠪᠤᠷᠢ ᠣᠷᠣᠭᠤᠯᠤᠨ᠎ᠠ᠃ | ᠬᠤᠶᠠᠳᠤᠭᠠᠷ ᠪᠦᠯᠦᠭ ᠦᠨᠡᠯᠡᠬᠦ ᠠᠭᠤᠯᠭ᠎ᠠ | ᠵᠢᠷᠭᠤᠳᠤᠭᠠᠷ ᠵᠦᠢᠯ ᠦᠨᠡᠯᠡᠬᠦ ᠠᠭᠤᠯᠭ᠎ᠠ ᠳᠤ ᠭᠤᠤᠯᠳᠠᠭᠤ᠄ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠤ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠤᠨ | ᠬᠡᠷᠡᠭᠵᠢᠭᠦᠯᠦᠭᠰᠡᠨ ᠪᠠᠶᠢᠳᠠᠯ᠂ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ | ᠲᠣᠭᠲᠠᠭᠠᠯ ᠪᠣᠯᠤᠨ ᠲᠥᠷᠥ ᠶᠢᠨ ᠪᠣᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠡᠯ᠎ᠡ ᠱᠠᠲᠤᠨ ᠤ ᠡᠯ᠎ᠡ | ᠲᠥᠷᠥᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ᠂ ᠲᠣᠰ ᠵᠠᠰᠠᠭ ᠵᠠᠬᠢᠷᠭᠠᠨ ᠤ ᠣᠷᠣᠨ ᠤ ᠰᠤᠷᠭᠠᠨ | ᠬᠥᠮᠦᠵᠢᠯ ᠤᠨ ᠠᠵᠢᠯ ᠢ ᠨᠢᠭᠡᠳᠦᠯᠲᠡᠶ ᠲᠥᠯᠦᠪᠯᠡᠨ ᠠᠬᠢᠭᠤᠯᠤᠭᠰᠠᠨ ᠪᠠᠶᠢᠳᠠᠯ᠂ ᠰᠤᠷᠭᠠᠨ ᠬᠥᠮᠦᠵᠢᠯ ᠤᠨ | ᠪᠠᠲᠤᠯᠠᠭ᠎ᠠ ᠶᠢ ᠴᠢᠩᠭᠠᠳᠬᠠᠭᠰᠠᠨ ᠪᠠᠶᠢᠳᠠᠯ᠂ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ | ᠵᠢᠷᠤᠮᠵᠢᠭᠤᠯᠤᠭᠰᠠᠨ ᠪᠠᠶᠢᠳᠠᠯ ᠪᠠᠭᠲᠠᠨ᠎ᠠ᠃ | ︵ᠨᠢᠭᠡ︶ ᠨᠠᠮ ᠤᠨ ᠰᠤᠷᠭᠠᠨ ᠬᠥᠮᠦᠵᠢᠯ ᠤᠨ ᠴᠢᠭᠯᠡᠯᠲᠡ ᠶᠢ ᠲᠤᠭᠤᠰᠢᠯᠠᠭᠤᠯᠤᠨ ᠬᠡᠷᠡᠭᠵᠢᠭᠦᠯᠦᠭᠰᠡᠨ | ᠪᠠᠶᠢᠳᠠᠯ᠃ ᠡᠭᠦᠨ ᠳᠤ ᠭᠤᠤᠯᠳᠠᠭᠤ᠄ ᠰᠤᠷᠭᠠᠨ ᠬᠥᠮᠦᠵᠢᠯ ᠤᠨ ᠠᠵᠢᠯ ᠳᠠᠬᠢ ᠨᠠᠮ ᠤᠨ ᠤᠳᠤᠷᠢᠳᠤᠯᠭ᠎ᠠ ᠪᠠ | ᠰᠤᠷᠭᠠᠨ ᠬᠥᠮᠦᠵᠢᠯ ᠤᠨ ᠰᠢᠰᠲ᠋ᠧᠮ ᠤᠨ ᠨᠠᠮ ᠤᠨ ᠪᠠᠶᠢᠭᠤᠯᠤᠯᠲᠠ ᠶᠢ ᠪᠦᠬᠦ ᠲᠠᠯ᠎ᠠ ᠪᠠᠷ ᠴᠢᠩᠭᠠᠳᠬᠠᠵᠤ᠂ ᠶᠣᠰᠣ | ᠰᠤᠷᠲᠠᠬᠤᠨ ᠤᠶᠤᠨ ᠤᠬᠠᠭᠠᠨ ᠪᠡᠶ᠎ᠡ ᠮᠠᠬᠠᠪᠣᠳ ᠭᠤᠸ᠎ᠠ ᠰᠠᠶᠢᠬᠠᠨ ᠬᠥᠳᠡᠯᠮᠦᠷᠢ ᠶᠢ ᠪᠦᠬᠦ ᠲᠠᠯ᠎ᠠ ᠪᠠᠷ ᠬᠥᠭᠵᠢᠭᠦᠯᠬᠦ | ᠬᠥᠮᠦᠨ ᠬᠥᠮᠦᠵᠢᠭᠦᠯᠬᠦ ᠲᠣᠭᠲᠠᠴᠠ ᠶᠢ ᠪᠦᠷᠢᠨᠰᠢᠬᠦᠯᠬᠦ ᠵᠡᠷᠭᠡ ᠪᠠᠭᠲᠠᠨ᠎ᠠ᠃ | ︵ᠬᠤᠶᠠᠷ︶ ᠰᠤᠷᠭᠠᠨ ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ᠂ ᠳᠦᠷᠢᠮ ᠲᠣᠭᠲᠠᠭᠠᠯ ᠪᠠ | ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠃ ᠡᠭᠦᠨ ᠳᠤ ᠭᠤᠤᠯᠳᠠᠭᠤ᠄ ᠤᠯᠤᠰ ᠤᠨ ᠰᠤᠷᠭᠠᠨ | ᠬᠥᠮᠦᠵᠢᠯ ᠤᠨ ᠬᠠᠤᠯᠢ ᠴᠠᠭᠠᠵᠠ᠂ ᠬᠠᠤᠯᠢ ᠲᠣᠭᠲᠠᠭᠠᠯ ᠵᠢᠴᠢ ᠴᠢᠬᠤᠯᠠ ᠶᠡᠭᠡ ᠲᠥᠷᠥᠯ ᠵᠦᠢᠯ ᠤᠨ ᠬᠠᠮᠢᠶ᠎ᠠ ᠪᠥᠬᠦᠶ | ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠣᠭᠲᠠᠭᠠᠵᠤ ᠨᠠᠶᠢᠳᠠᠪᠤᠷᠢᠵᠢᠭᠤᠯᠬᠤ | ᠵᠡᠷᠭᠡ ᠪᠠᠭᠲᠠᠨ᠎ᠠ᠃ | ︵ᠭᠤᠷᠪᠠ︶ ᠡᠯ᠎ᠡ ᠱᠠᠲᠤᠨ ᠤ ᠡᠯ᠎ᠡ ᠲᠥᠷᠥᠯ ᠤᠨ ᠰᠤᠷᠭᠠᠨ ᠬᠥᠮᠦᠵᠢᠯ ᠤᠨ ᠬᠥᠭᠵᠢᠯᠲᠡ ᠶᠢᠨ ᠪᠠᠶᠢᠳᠠᠯ᠃ | ᠡᠭᠦᠨ ᠳᠤ ᠭᠤᠤᠯᠳᠠᠭᠤ᠄ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠳᠤ ᠨᠡᠶᠢᠲᠡ ᠶᠢᠨ ᠠᠰᠠᠷᠠᠮᠵᠢ ᠶᠢᠨ | ᠲᠦᠭᠡᠮᠡᠯ ᠬᠠᠷᠠᠭᠠᠯᠵᠠᠯ ᠦᠵᠡᠭᠦᠯᠬᠦ ᠬᠥᠭᠵᠢᠯᠲᠡ ᠶᠢ ᠲᠦᠯᠬᠢᠨ ᠠᠬᠢᠭᠤᠯᠬᠤ᠂ ᠠᠯᠪᠠᠨ ᠵᠢᠷᠤᠮ ᠤᠨ ᠰᠤᠷᠭᠠᠨ | ᠬᠥᠮᠦᠵᠢᠯ ᠤᠨ ᠬᠥᠭᠵᠢᠯᠲᠡ ᠶᠢᠨ ᠬᠢᠷᠢ ᠲᠥᠪᠰᠢᠨ ᠢ ᠪᠠᠬᠢᠵᠢᠭᠦᠯᠦᠨ ᠳᠡᠭᠡᠭᠰᠢᠯᠡᠭᠦᠯᠬᠦ᠂ ᠥᠨᠳᠥᠷ ᠳᠤᠮᠳᠠᠳᠤ ᠶᠢᠨ | ᠱᠠᠲᠤᠨ ᠤ ᠰᠤᠷᠭᠠᠨ ᠬᠥᠮᠦᠵᠢᠯ ᠤᠨ ᠲᠦᠭᠡᠮᠡᠯᠵᠢᠯ ᠤᠨ ᠬᠢᠷᠢ ᠲᠥᠪᠰᠢᠨ ᠢ ᠳᠡᠭᠡᠭᠰᠢᠯᠡᠭᠦᠯᠬᠦ᠂ ᠳᠤᠮᠳᠠ ᠵᠡᠷᠭᠡ ᠶᠢᠨ | ᠠᠵᠢᠯ ᠮᠡᠷᠭᠡᠵᠢᠯ ᠤᠨ ᠰᠤᠷᠭᠠᠭᠤᠯᠢ ᠡᠷᠬᠢᠯᠡᠬᠦ ᠴᠢᠳᠠᠪᠤᠷᠢ ᠬᠢᠭᠡᠳ ᠬᠢᠷᠢ ᠲᠥᠪᠰᠢᠨ ᠢ ᠳᠡᠭᠡᠭᠰᠢᠯᠡᠭᠦᠯᠬᠦ᠂ | ᠠᠷᠠᠳ ᠠᠴᠠ ᠡᠷᠬᠢᠯᠡᠭᠰᠡᠨ ᠰᠤᠷᠭᠠᠨ ᠬᠥᠮᠦᠵᠢᠯ ᠤᠨ ᠬᠥᠭᠵᠢᠯᠲᠡ ᠶᠢ ᠠᠬᠢᠭᠤᠯᠤᠨ ᠵᠢᠷᠤᠮᠵᠢᠭᠤᠯᠬᠤ᠂ | ᠦᠨᠳᠦᠰᠦᠲᠡᠨ ᠤ ᠰᠤᠷᠭᠠᠨ ᠬᠥᠮᠦᠵᠢᠯ ᠢ ᠲᠦᠷᠭᠡᠳᠬᠡᠨ ᠬᠥᠭᠵᠢᠭᠦᠯᠬᠦ᠂ ᠣᠨᠴᠠᠭᠠᠢ ᠰᠤᠷᠭᠠᠨ ᠬᠥᠮᠦᠵᠢᠯ ᠤᠨ ᠡᠬᠢ | ᠪᠠᠶᠠᠯᠢᠭ ᠢ ᠰᠢᠯᠢᠳᠡᠭᠵᠢᠭᠦᠯᠬᠦ ᠵᠡᠷᠭᠡ ᠪᠠᠭᠲᠠᠨ᠎ᠠ᠃ | ︵ᠳᠦᠷᠪᠡ︶ ᠰᠤᠷᠭᠠᠨ ᠬᠥᠮᠦᠵᠢᠯ ᠤᠨ ᠠᠵᠢᠯ ᠢ ᠨᠢᠭᠡᠳᠦᠯᠲᠡᠶ ᠲᠥᠯᠥᠪᠯᠡᠨ ᠠᠬᠢᠭᠤᠯᠤᠭᠰᠠᠨ ᠪᠠᠶᠢᠳᠠᠯ᠃ | ᠡᠭᠦᠨ ᠳᠤ ᠭᠤᠤᠯᠳᠠᠭᠤ᠄ ︽ᠰᠤᠷᠭᠠᠨ ᠬᠥᠮᠦᠵᠢᠯ ᠢ ᠤᠷᠢᠳᠠᠪᠠᠷ ᠬᠥᠭᠵᠢᠭᠦᠯᠬᠦ ᠶᠢ ᠨᠠᠶᠢᠳᠠᠪᠤᠷᠢᠵᠢᠭᠤᠯᠬᠤ︾ | ᠠᠵᠢᠯ ᠤᠨ ᠲᠣᠭᠲᠠᠴᠠ ᠶᠢ ᠪᠠᠶᠢᠭᠤᠯᠬᠤ ᠵᠡᠷᠭᠡ ᠪᠠᠭᠲᠠᠨ᠎ᠠ᠃ | ︵ᠲᠠᠪᠤ︶ ᠰᠤᠷᠭᠠᠨ ᠬᠥᠮᠦᠵᠢᠯ ᠤᠨ ᠪᠠᠲᠤᠯᠠᠭ᠎ᠠ ᠶᠢ ᠴᠢᠩᠭᠠᠳᠬᠠᠭᠰᠠᠨ ᠪᠠᠶᠢᠳᠠᠯ᠃ ᠡᠭᠦᠨ ᠳᠤ ᠭᠤᠣᠯᠳᠠᠭᠤ᠄ | ᠰᠤᠷᠭᠠᠨ ᠬᠥᠮᠦᠵᠢᠯ ᠤᠨ ᠡᠳ᠋ ᠤᠨ ᠵᠠᠰᠠᠭ ᠤᠨ ᠣᠷᠣᠭᠤᠯᠤᠯᠲᠠ ᠶᠢ ᠪᠠᠲᠤᠯᠠᠵᠤ᠂ | ᠪᠠᠭᠰᠢ ᠶᠢᠨ ᠡᠩᠨᠡᠭᠡᠨ ᠤ ᠪᠠᠶᠢᠭᠤᠯᠤᠯᠲᠠ ᠶᠢ ᠴᠢᠩᠭᠠᠳᠬᠠᠬᠤ ᠵᠡᠷᠭᠡ ᠪᠠᠭᠲᠠᠨ᠎ᠠ᠃ | ︵ᠵᠢᠷᠭᠤᠭ᠎ᠠ︶ ᠰᠤᠷᠭᠠᠭᠤᠯᠢ ᠶᠢᠨ ᠰᠤᠷᠭᠠᠭᠤᠯᠢ ᠡᠷᠬᠢᠯᠡᠬᠦ ᠦᠢᠯᠡ ᠠᠵᠢᠯᠯᠠᠭ᠎ᠠ ᠶᠢ ᠵᠢᠷᠤᠮᠵᠢᠭᠤᠯᠤᠭᠰᠠᠨ | ᠪᠠᠶᠢᠳᠠᠯ᠃ ᠡᠭᠦᠨ ᠳᠤ ᠭᠤᠤᠯᠳᠠᠭᠤ᠄ ᠬᠠᠤᠯᠢ ᠶᠣᠰᠣᠭᠠᠷ ᠰᠤᠷᠭᠠᠭᠤᠯᠢ ᠶᠢ ᠵᠠᠰᠠᠬᠤ ᠶᠢ ᠪᠥᠬᠦ ᠲᠠᠯ᠎ᠠ ᠪᠠᠷ ᠳᠥᠯᠭᠢᠨ | ᠠᠬᠢᠭᠤᠯᠵᠤ᠂ ᠰᠤᠷᠭᠠᠭᠤᠯᠢ ᠶᠢᠨ ᠠᠮᠤᠷ ᠲᠦᠪᠰᠢᠨ ᠤ ᠬᠠᠮᠢᠶᠠᠷᠤᠯᠲᠠ ᠶᠢᠨ ᠪᠠᠶᠢᠩᠭᠤᠵᠢᠭᠰᠠᠨ ᠬᠢᠨᠠᠯᠲᠠ | ᠬᠠᠮᠢᠶᠠᠷᠤᠯᠲᠠ ᠶᠢᠨ ᠣᠷᠳᠣ ᠬᠤᠭᠤᠴᠠᠭᠠᠨ ᠤ ᠪᠦᠲᠦᠮᠵᠢᠲᠡᠶ ᠲᠣᠭᠲᠠᠴᠠ ᠶᠢ ᠪᠠᠶᠢᠭᠤᠯᠤᠨ ᠲᠡᠭᠦᠯᠳᠡᠷᠵᠢᠭᠦᠯᠬᠦ ᠵᠡᠷᠭᠡ | ᠪᠠᠭᠲᠠᠨ᠎ᠠ᠃ | ᠭᠤᠷᠪᠠᠳᠤᠭᠠᠷ ᠪᠦᠯᠦᠭ ᠦᠨᠡᠯᠡᠯᠲᠡ ᠶᠢ ᠬᠡᠷᠡᠭᠵᠢᠭᠦᠯᠬᠦ | ᠳᠣᠯᠣᠳᠤᠭᠠᠷ ᠵᠦᠢᠯ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ ᠵᠢᠯ | ᠪᠦᠷᠢ ᠶᠢᠨ ᠨᠢᠭᠡᠳᠦᠭᠡᠷ ᠤᠯᠠᠷᠢᠯ ᠳᠤ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ | ᠵᠢᠯ ᠤᠨ ᠦᠨᠡᠯᠡᠯᠲᠡ ᠶᠢᠨ ᠭᠦᠢᠴᠡᠳᠬᠡᠯ ᠲᠤᠭ᠎ᠠ ᠶᠢᠨ ᠰᠢᠰᠲ᠋ᠧᠮᠵᠢ ᠵᠢᠴᠢ ᠪᠢᠴᠢᠭ ᠤᠨ ᠮᠡᠳᠡᠭᠳᠡᠯ ᠢ ᠳᠠᠷᠤᠮᠠᠯᠯᠠᠨ | ᠶᠠᠪᠤᠭᠤᠯᠤᠨ᠎ᠠ᠃ | ᠨᠠᠢᠮᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠳᠡᠭᠡᠷ᠎ᠡ ᠨᠢᠭᠡ | ᠵᠢᠯ ᠤᠨ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠳᠠᠯ ᠳᠤ ᠥᠪᠡᠷᠲᠡᠭᠡᠨ | ᠪᠠᠶᠢᠴᠠᠭᠠᠵᠤ ᠥᠪᠡᠷᠲᠡᠭᠡᠨ ᠦᠨᠡᠯᠡᠵᠦ᠂ ᠥᠪᠡᠷ ᠤᠨ ᠦᠨᠡᠯᠡᠯᠲᠡ ᠶᠢᠨ ᠮᠡᠳᠡᠭᠦᠯᠦᠯᠲᠡ ᠬᠢᠵᠤ᠂ ᠵᠢᠯ ᠪᠦᠷᠢ ᠶᠢᠨ 4 | ᠳ᠋ᠦ᠋ᠭᠡᠷ ᠰᠠᠷ᠎ᠠ ᠠᠴᠠ ᠡᠮᠦᠨ᠎ᠡ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ ᠮᠡᠳᠡᠭᠦᠯᠦᠨ᠎ᠡ | ᠃ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ ᠥᠪᠡᠷ ᠤᠨ ᠦᠨᠡᠯᠡᠯᠲᠡ ᠶᠢᠨ | ᠮᠡᠳᠡᠭᠦᠯᠦᠯᠲᠡ ᠪᠠ ᠬᠠᠮᠢᠶ᠎ᠠ ᠪᠦᠬᠦᠢ ᠮᠠᠲ᠋ᠧᠷᠢᠶᠠᠯ ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ ᠲᠤ | ᠬᠠᠷᠢᠭᠤᠴᠠᠬᠤ ᠬᠡᠷᠡᠭᠲᠡᠶ᠃ | ᠶᠢᠰᠦᠳᠦᠭᠡᠷ ᠵᠦᠢᠯ ᠭᠤᠷᠪᠠᠳᠠᠬᠢ ᠡᠲᠡᠭᠡᠳ ᠤᠨ ᠲᠤᠰᠬᠠᠶ ᠮᠡᠷᠭᠡᠵᠢᠯ ᠤᠨ ᠪᠠᠶᠢᠭᠤᠯᠤᠮᠵᠢ ᠨᠢ ᠬᠤᠲᠠ ᠶᠢᠨ | ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ ᠨᠠᠶᠢᠳᠠᠯᠭ᠎ᠠ ᠪᠠᠷ᠂ ᠬᠢᠨᠠᠨ ᠵᠢᠯᠣᠭᠤᠳᠴᠤ ᠦᠨᠡᠯᠡᠨ | ᠵᠢᠱᠢᠬᠦ ᠭᠦᠢᠴᠡᠳᠬᠡᠯ ᠲᠤᠭ᠎ᠠ ᠶᠢ ᠦᠨᠳᠦᠰᠦᠯᠡᠨ᠂ ᠤᠯᠤᠰ ᠤᠨ ᠲᠤᠭ᠎ᠠ ᠪᠦᠷᠢᠳᠬᠡᠯ ᠤᠨ ᠲᠤᠭ᠎ᠠ ᠪᠠᠷᠢᠮᠲᠠ ᠪᠠ | ᠪᠠᠶᠢᠴᠠᠭᠠᠯᠲᠠ ᠬᠢᠭᠡᠳ ᠣᠯᠤᠭᠰᠠᠨ ᠰᠢᠰᠲ᠋ᠧᠮ ᠤᠨ ᠲᠤᠭ᠎ᠠ ᠪᠠᠷᠢᠮᠲᠠ ᠶᠢ ᠠᠰᠢᠭᠯᠠᠨ᠂ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠬᠡᠭᠰᠡᠨ ᠪᠠᠶᠢᠳᠠᠯ ᠳᠤ ᠬᠢᠨᠠᠨ ᠬᠡᠮᠵᠢᠯᠲᠡ ᠦᠨᠡᠯᠡᠨ ᠵᠢᠱᠢᠯᠲᠡ ᠬᠢᠵᠦ᠂ ᠨᠡᠶᠢᠭᠡᠮ᠂ ᠭᠡᠷ ᠤᠨ ᠠᠬᠠᠮᠠᠳ ᠪᠠ | ᠰᠤᠷᠤᠭᠴᠢᠳ ᠲᠤ ᠬᠠᠨᠳᠤᠭᠤᠯᠤᠨ ᠬᠠᠨᠤᠮᠵᠢ ᠶᠢᠨ ᠬᠡᠮᠵᠢᠶ᠎ᠡ ᠶᠢᠨ ᠪᠠᠶᠢᠴᠠᠭᠠᠯᠲᠠ ᠬᠢᠵᠦ᠂ ᠵᠢᠯ ᠪᠦᠷᠢ ᠶᠢᠨ 5 ᠳ᠋ᠤᠭᠠᠷ | ᠰᠠᠷ᠎ᠠ ᠠᠴᠠ ᠡᠮᠦᠨ᠎ᠡ ᠵᠢᠯ ᠤᠨ ᠬᠢᠨᠠᠨ ᠬᠡᠮᠵᠢᠭᠰᠡᠨ ᠮᠡᠳᠡᠭᠦᠯᠦᠯᠲᠡ ᠶᠢ ᠪᠤᠢ ᠪᠣᠯᠭᠠᠬᠤ ᠬᠡᠷᠡᠭᠲᠡᠶ᠃ | ᠠᠷᠪᠠᠳᠤᠭᠠᠷ ᠵᠦᠢᠯ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠨᠢ | ᠰᠢᠮᠳᠠᠭᠤᠯᠤᠨ ᠪᠠᠶᠢᠴᠠᠭᠠᠬᠤ ᠠᠵᠢᠯ ᠤᠨ ᠲᠥᠰᠦᠯ ᠲᠣᠭᠲᠠᠭᠠᠵᠤ᠂ ᠰᠢᠮᠳᠠᠭᠤᠯᠤᠨ ᠪᠠᠶᠢᠴᠠᠭᠠᠬᠤ ᠳᠤᠭᠤᠶᠢᠯᠠᠩ | ᠪᠠᠶᠢᠭᠤᠯᠵᠤ᠂ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠨ᠎ᠠ᠃ | ᠠᠷᠪᠠᠨ ᠨᠢᠭᠡᠳᠦᠭᠡᠷ ᠵᠦᠢᠯ ᠬᠤᠲᠠ ᠶᠢᠨ ᠰᠢᠮᠳᠠᠭᠤᠯᠤᠨ ᠪᠠᠶᠢᠴᠠᠭᠠᠬᠤ ᠳᠤᠭᠤᠶᠢᠯᠠᠩ ᠨᠢ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠥᠪᠡᠷ ᠤᠨ ᠦᠨᠡᠯᠡᠯᠲᠡ᠂ ᠭᠤᠷᠪᠠᠳᠠᠬᠢ ᠡᠲᠡᠭᠡᠳ ᠤᠨ | ᠲᠤᠰᠬᠠᠶ ᠪᠠᠶᠢᠭᠤᠯᠤᠮᠵᠢ ᠶᠢᠨ ᠬᠢᠨᠠᠨ ᠬᠡᠮᠵᠢᠯᠲᠡ ᠪᠠ ᠲᠤᠬᠠᠶ ᠶᠢᠨ ᠭᠠᠵᠠᠷ ᠲᠤᠨᠢ ᠰᠢᠮᠳᠠᠭᠤᠯᠤᠨ ᠪᠠᠶᠢᠴᠠᠭᠠᠭᠰᠠᠨ | ᠪᠠᠶᠢᠳᠠᠯ ᠢ ᠦᠨᠳᠦᠰᠦᠯᠡᠨ᠂ ᠨᠡᠶᠢᠲᠡᠯᠢᠭ ᠲᠤᠷᠰᠢᠯᠭ᠎ᠠ ᠶᠢ ᠳ᠋ᠦᠩᠨᠡᠵᠦ᠂ ᠠᠰᠠᠭᠤᠳᠠᠯ ᠤᠨ ᠨᠠᠷᠢᠨ ᠬᠠᠭᠤᠳᠠᠰᠤ ᠶᠢ | ᠵᠢᠭᠰᠠᠭᠠᠨ ᠭᠠᠷᠭᠠᠵᠤ᠂ ᠦᠨᠡᠯᠡᠭᠰᠡᠨ ᠰᠠᠨᠠᠯ ᠢ ᠪᠣᠶ ᠪᠣᠯᠭᠠᠵᠤ᠂ ᠪᠠᠶᠢᠴᠠᠭᠠᠯᠲᠠ ᠶᠢ ᠬᠦᠯᠢᠶᠡᠭᠰᠡᠨ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ ᠬᠠᠷᠢᠭᠤ ᠲᠤᠰᠬᠠᠨ᠎ᠠ᠃ | ᠠᠷᠪᠠᠨ ᠬᠤᠶᠠᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠨᠢ | ᠬᠠᠷᠢᠭᠤ ᠲᠤᠰᠬᠠᠭᠰᠠᠨ ᠰᠠᠨᠠᠯ ᠶᠣᠰᠣᠭᠠᠷ ᠴᠡᠭᠴᠡᠯᠡᠨ ᠰᠠᠶᠢᠵᠢᠷᠠᠭᠤᠯᠬᠤ ᠲᠥᠰᠦᠯ ᠲᠣᠭᠲᠠᠭᠠᠵᠤ᠂ ᠲᠣᠭᠲᠠᠭᠠᠭᠰᠠᠨ | ᠴᠠᠭ ᠤᠨ ᠳᠣᠲᠣᠷ᠎ᠠ ᠴᠡᠭᠴᠡᠯᠡᠨ ᠰᠠᠶᠢᠵᠢᠷᠠᠭᠤᠯᠬᠤ ᠡᠭᠦᠷᠭᠡ ᠪᠠᠨ ᠪᠡᠶᠡᠯᠡᠭᠦᠯᠬᠦ ᠶᠢᠨ ᠬᠠᠮᠲᠤ᠂ ᠴᠡᠭᠴᠡᠯᠡᠨ | ᠰᠠᠶᠢᠵᠢᠷᠠᠭᠤᠯᠤᠭᠰᠠᠨ ᠦᠷ᠎ᠡ ᠳ᠋ᠦᠩ ᠢᠶᠠᠨ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠳᠤ | ᠮᠡᠳᠡᠭᠦᠯᠬᠦ ᠬᠡᠷᠡᠭᠲᠡᠶ᠃ | ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠠᠴᠠ ᠴᠡᠭᠴᠡᠯᠡᠨ ᠰᠠᠶᠢᠵᠢᠷᠠᠭᠤᠯᠵᠤ | ᠨᠠᠶᠢᠳᠠᠪᠤᠷᠢᠵᠢᠭᠤᠯᠤᠭᠰᠠᠨ ᠪᠠᠶᠢᠳᠠᠯ ᠢ ᠦᠵᠡᠵᠦ ᠳᠠᠬᠢᠨ ᠪᠠᠶᠢᠴᠠᠭᠠᠯᠲᠠ ᠬᠢᠨ᠎ᠡ᠃ | ᠠᠷᠪᠠᠨ ᠭᠤᠷᠪᠠᠳᠤᠭᠠᠷ ᠵᠦᠢᠯ ᠬᠤᠲᠠ ᠶᠢᠨ ᠰᠤᠷᠭᠠᠨ ᠬᠥᠮᠦᠵᠢᠯ ᠤᠨ ᠬᠢᠨᠠᠨ ᠵᠢᠯᠣᠭᠤᠳᠬᠤ ᠵᠥᠪᠯᠡᠯ ᠤᠨ | ᠠᠯᠪᠠᠨ ᠭᠡᠷ ᠤᠨ ᠶᠡᠷᠦᠩᠬᠡᠶᠢᠯᠡᠭᠰᠡᠨ ᠬᠤᠰᠢᠭᠤ ᠰᠢᠶᠠᠨ ᠲᠣᠭᠤᠷᠢᠭ ᠤᠨ ᠥᠪᠡᠷᠲᠡᠭᠡᠨ ᠪᠠᠶᠢᠴᠠᠭᠠᠵᠤ ᠥᠪᠡᠷᠲᠡᠭᠡᠨ | ᠦᠨᠡᠯᠡᠬᠦ᠂ ᠭᠤᠷᠪᠠᠳᠠᠬᠢ ᠡᠲᠡᠬᠡᠳ ᠤᠨ ᠲᠤᠰᠬᠠᠶ ᠪᠠᠶᠢᠭᠤᠯᠤᠮᠵᠢ ᠶᠢᠨ ᠬᠢᠨᠠᠨ ᠬᠡᠮᠵᠢᠯᠲᠡ᠂ ᠲᠤᠬᠠᠶ ᠶᠢᠨ ᠭᠠᠵᠠᠷ ᠲᠤᠨᠢ | ᠪᠠᠶᠢᠴᠠᠭᠠᠬᠤ᠂ ᠴᠡᠭᠴᠡᠯᠡᠨ ᠰᠠᠶᠢᠵᠢᠷᠠᠭᠤᠯᠵᠤ ᠳᠠᠬᠢᠨ ᠪᠠᠶᠢᠴᠠᠭᠠᠭᠰᠠᠨ ᠵᠡᠷᠭᠡ ᠪᠠᠶᠢᠳᠠᠯ ᠢ ᠬᠤᠰᠢᠭᠤ ᠰᠢᠶᠠᠨ | ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ | ᠭᠦᠢᠴᠡᠳᠭᠡᠬᠦ ᠦᠨᠡᠯᠡᠯᠲᠡ ᠶᠢᠨ ᠮᠡᠳᠡᠭᠦᠯᠦᠯᠲᠡ ᠶᠢ ᠪᠦᠷᠢᠯᠳᠦᠭᠦᠯᠵᠦ᠂ ᠬᠤᠲᠠ ᠶᠢᠨ ᠰᠤᠷᠭᠠᠨ ᠬᠥᠮᠦᠵᠢᠯ ᠤᠨ ᠬᠢᠨᠠᠨ | ᠵᠢᠯᠣᠭᠤᠳᠬᠤ ᠵᠥᠪᠯᠡᠯ ᠳᠤ ᠮᠡᠳᠡᠭᠦᠯᠦᠨ ᠬᠢᠨᠠᠨ ᠲᠣᠭᠲᠠᠭᠠᠯᠭᠠᠵᠤ᠂ ᠬᠤᠲᠠ ᠶᠢᠨ ᠠᠷᠠᠳ ᠤᠨ ᠵᠠᠰᠠᠭ ᠤᠨ | ᠣᠷᠳᠣᠨ ᠢᠶᠠᠷ ᠵᠥᠪᠰᠢᠶᠡᠷᠡᠭᠦᠯᠦᠭᠰᠡᠨ ᠤ ᠳᠠᠷᠠᠭ᠎ᠠ ᠨᠡᠶᠢᠭᠡᠮ ᠳᠤ ᠢᠯᠡ ᠪᠠᠷ ᠨᠡᠶᠢᠲᠡᠯᠡᠨ᠎ᠡ᠃ | ᠳᠥᠷᠪᠡᠳᠦᠭᠡᠷ ᠪᠦᠯᠦᠭ ᠦᠨᠡᠯᠡᠭᠰᠡᠨ ᠦᠷ᠎ᠡ ᠳ᠋ᠦᠩ ᠤᠨ ᠬᠡᠷᠡᠭᠯᠡᠯᠲᠡ | ᠠᠷᠪᠠᠨ ᠳᠥᠷᠪᠡᠳᠦᠭᠡᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠤ | ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ ᠢ ᠦᠨᠡᠯᠡᠭᠰᠡᠨ ᠦᠷ᠎ᠡ ᠳ᠋ᠦᠩ ᠢ ᠰᠢᠯᠢᠳᠡᠭ | ᠂ ᠬᠢᠷᠢ ᠲᠡᠩᠴᠡᠭᠰᠡᠨ᠂ ᠬᠢᠷᠢ ᠲᠡᠩᠴᠡᠬᠦ ᠦᠭᠡᠢ ᠭᠡᠵᠦ ᠭᠤᠷᠪᠠᠨ ᠳᠡᠰ ᠬᠤᠪᠢᠶᠠᠨ᠎ᠠ᠃ ᠦᠨᠡᠯᠡᠭᠰᠡᠨ ᠦᠷ᠎ᠡ ᠳ᠋ᠦᠩ ᠢ | ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠤᠨ ᠬᠤᠰᠢᠭᠤ ᠰᠢᠶᠠᠨ ᠲᠣᠭᠤᠷᠢᠭ ᠤᠨ | ᠨᠠᠮ ᠤᠨ ᠬᠤᠷᠢᠶ᠎ᠠ᠂ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠵᠣᠬᠢᠶᠠᠨ | ᠪᠠᠶᠢᠭᠤᠯᠬᠤ ᠰᠠᠯᠠᠭ᠎ᠠ ᠮᠥᠴᠢᠷ ᠲᠤ ᠴᠠᠭ ᠲᠤᠬᠠᠶ ᠳᠤᠨᠢ ᠬᠠᠷᠢᠭᠤ ᠲᠤᠰᠬᠠᠵᠤ᠂ ᠬᠤᠰᠢᠭᠤ ᠰᠢᠶᠠᠨ ᠲᠣᠭᠤᠷᠢᠭ ᠤᠨ | ᠠᠷᠠᠳ ᠤᠨ ᠵᠠᠰᠠᠭ ᠤᠨ ᠣᠷᠳᠣᠨ ᠵᠢᠴᠢ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠤᠳᠤᠷᠢᠳᠬᠤ ᠪᠠᠭ ᠪᠣᠯᠤᠨ | ᠤᠳᠤᠷᠢᠳᠬᠤ ᠺᠠᠳ᠋ᠷ ᠢ ᠬᠢᠨᠠᠨ ᠰᠢᠯᠭᠠᠬᠤ᠂ ᠱᠠᠩᠨᠠᠵᠤ ᠲᠣᠷᠭᠠᠬᠤ ᠴᠢᠬᠤᠯᠠ ᠦᠨᠳᠦᠰᠦᠯᠡᠯ ᠪᠣᠯᠭᠠᠨ᠎ᠠ᠃ ᠨᠢᠭᠡ | ᠦᠶᠡᠯᠡᠯ ︵ᠭᠤᠷᠪᠠᠨ ᠵᠢᠯ︶ ᠤᠨ ᠬᠤᠭᠤᠴᠠᠭ᠎ᠠ ᠶᠢᠨ ᠬᠢᠨᠠᠨ ᠵᠢᠯᠣᠭᠤᠳᠴᠤ ᠦᠨᠡᠯᠡᠨ ᠵᠢᠱᠢᠬᠦ ᠠᠵᠢᠯ | ᠳᠠᠭᠤᠰᠤᠭᠰᠠᠨ ᠤ ᠳᠠᠷᠠᠭ᠎ᠠ᠂ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠰᠢᠯᠢᠳᠡᠭ ᠳᠡᠰ ᠣᠯᠤᠭᠰᠠᠨ | ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠵᠢᠴᠢ ᠲᠡᠷᠢᠭᠦᠨ ᠤ ᠬᠤᠪᠢ ᠬᠥᠮᠦᠨ ᠢ | ᠬᠥᠬᠢᠭᠦᠯᠦᠨ ᠱᠠᠩᠨᠠᠨ᠎ᠠ᠃ | ᠠᠷᠪᠠᠨ ᠲᠠᠪᠤᠳᠤᠭᠠᠷ ᠵᠦᠢᠯ ᠰᠤᠷᠭᠠᠨ ᠬᠥᠮᠦᠵᠢᠯ ᠤᠨ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠭᠰᠡᠨ | ᠥᠬᠡᠶ᠂ ᠴᠡᠭᠴᠡᠯᠡᠨ ᠰᠠᠶᠢᠵᠢᠷᠠᠭᠤᠯᠤᠭᠰᠠᠨ ᠨᠢ ᠬᠦᠴᠦᠨ ᠥᠬᠡᠶ᠂ ᠰᠤᠷᠭᠠᠨ ᠬᠥᠮᠦᠵᠢᠯ ᠤᠨ ᠠᠮᠤᠷ ᠲᠦᠪᠰᠢᠨ ᠤ | ᠬᠦᠨᠳᠦ ᠣᠨᠴᠠ ᠶᠡᠭᠡ ᠠᠳᠡᠯ ᠭᠠᠷᠤᠭᠰᠠᠨ᠂ ᠬᠤᠳᠠᠯ ᠬᠡᠯᠡᠵᠦ ᠬᠠᠭᠤᠷᠮᠠᠭ ᠢᠶᠠᠷ ᠵᠣᠬᠢᠶᠠᠭᠰᠠᠨ ᠦᠢᠯᠡ | ᠠᠵᠢᠯᠯᠠᠭ᠎ᠠ ᠲᠠᠢ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠳᠤ᠂ ᠬᠤᠲᠠ ᠶᠢᠨ ᠰᠤᠷᠭᠠᠨ | ᠬᠥᠮᠦᠵᠢᠯ ᠤᠨ ᠬᠢᠨᠠᠨ ᠵᠢᠯᠤᠭᠤᠳᠬᠤ ᠵᠥᠪᠯᠡᠯ ᠠᠴᠠ ᠬᠤᠯᠪᠣᠭᠳᠠᠯ ᠪᠥᠬᠦᠶ ᠲᠣᠭᠲᠠᠭᠠᠯ ᠶᠣᠰᠣᠭᠠᠷ᠂ ᠵᠣᠬᠢᠬᠤ | ᠬᠡᠯᠪᠡᠷᠢ ᠪᠠᠷ ᠬᠤᠯᠪᠣᠭᠳᠠᠯ ᠪᠥᠬᠦᠶ ᠬᠠᠷᠢᠭᠤᠴᠠᠯᠭ᠎ᠠ ᠲᠠᠢ ᠬᠥᠮᠦᠨ ᠲᠠᠢ ᠪᠣᠯᠵᠣᠨ ᠶᠠᠷᠢᠯᠴᠠᠵᠤ᠂ ᠵᠠᠷᠯᠠᠨ ᠰᠢᠭᠦᠮᠵᠢᠯᠡᠵᠦ | ᠂ ᠦᠢᠯᠡ ᠠᠵᠢᠯᠯᠠᠭ᠎ᠠ ᠨᠢ ᠬᠦᠨᠳᠦ ᠨᠣᠴᠢᠲᠠᠶ ᠪᠠᠶᠢᠪᠠᠯ ᠰᠢᠢᠳᠬᠡᠯ ᠥᠭᠬᠦ ᠰᠠᠨᠠᠭᠤᠯᠭ᠎ᠠ ᠳᠤᠷᠠᠳᠤᠨ᠎ᠠ᠃ | ᠲᠠᠪᠤᠳᠤᠭᠠᠷ ᠪᠦᠯᠦᠭ ᠳᠠᠭᠠᠯᠳᠤᠭᠤᠯᠤᠯ | ᠠᠷᠪᠠᠨ ᠵᠢᠷᠭᠤᠳᠤᠭᠠᠷ ᠵᠦᠢᠯ ᠬᠤᠰᠢᠭᠤ ᠰᠢᠶᠠᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ ᠲᠣᠰ | ᠠᠷᠭ᠎ᠠ ᠶᠢ ᠦᠨᠳᠦᠰᠦᠯᠡᠨ᠂ ᠪᠤᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠬᠠᠮᠢᠶ᠎ᠠ ᠪᠦᠬᠦᠢ ᠠᠵᠢᠯ ᠢ ᠨᠢᠭᠡᠳᠦᠯᠲᠠᠢ | ᠲᠥᠯᠥᠪᠯᠡᠨ ᠡᠮᠬᠢᠳᠬᠡᠵᠤ᠂ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭᠠᠨ᠂ ᠥᠪᠡᠷᠲᠡᠭᠡᠨ ᠪᠠᠶᠢᠴᠠᠭᠠᠵᠤ | ᠥᠪᠡᠷᠲᠡᠭᠡᠨ ᠦᠨᠡᠯᠡᠬᠦ ᠪᠠ ᠤᠭᠲᠤᠨ ᠪᠠᠶᠢᠴᠠᠭᠠᠬᠤ ᠠᠵᠢᠯ ᠢ ᠰᠠᠶᠢᠲᠤᠷ ᠬᠢᠬᠦ ᠬᠡᠷᠡᠭᠲᠡᠶ᠃ | ᠠᠷᠪᠠᠨ ᠳᠣᠯᠤᠳᠤᠭᠠᠷ ᠵᠦᠢᠯ ᠲᠤᠰ ᠠᠷᠭ᠎ᠠ ᠶᠢ ᠳᠠᠷᠤᠮᠠᠯᠯᠠᠨ ᠶᠠᠪᠤᠭᠤᠯᠤᠭᠰᠠᠨ ᠡᠳᠦᠷ ᠠᠴᠠ ᠡᠬᠢᠯᠡᠨ | ᠬᠡᠷᠡᠭᠵᠢᠭᠦᠯᠦᠨ᠎ᠡ᠃ |