ᠬᠦᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠪᠦᠬᠦ ᠶᠠᠪᠤᠴᠠ ᠳᠤ ᠲᠥᠷᠥᠯ ᠬᠤᠪᠢᠶᠠᠬᠤ ᠰᠢᠰᠲ᠋ᠧᠮᠵᠢ ᠶᠢ ᠪᠠᠶᠢᠭᠤᠯᠣᠨ ᠲᠡᠭᠦᠯᠳᠡᠷᠵᠢᠭᠦᠯᠬᠦ ᠬᠡᠷᠡᠭᠵᠢᠭᠦᠯᠬᠦ ᠲᠥᠰᠦᠯ ᠢ ᠳᠠᠷᠤᠮᠠᠯᠯᠠᠨ ᠲᠠᠷᠬᠠᠭᠠᠬᠤ ᠲᠣᠬᠠᠢ ᠬᠦᠬᠡᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠯᠪᠠᠨ ᠭᠡᠷ ᠤᠨ ᠮᠡᠳᠡᠭᠳᠡᠯ
ᠨᠡᠶᠢᠲᠡᠯᠡᠭᠰᠡᠨ ᠴᠠᠭ᠄
2020-04-13
             ᠬᠥᠬᠡᠬᠤᠲᠠ ᠵᠠᠰᠠᠭ ᠠᠯᠪᠠᠨ ᠲᠠᠷᠬᠠᠭᠠᠭᠰᠠᠨ︹ 2019 ︺28 ᠳ᠋ᠤᠭᠠᠷ ᠲᠣᠭᠠᠲᠤ              2019 ᠣᠨ ᠤ 9 ᠳ᠋ᠦ᠋ᠭᠡᠷ ᠰᠠᠷ᠎ᠠ ᠶᠢᠨ 9 ᠤ ᠡᠳᠦᠷᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠵᠥᠪᠯᠡᠯ᠂ ᠠᠯᠪᠠᠨ ᠭᠡᠷ᠂ ᠲᠣᠪᠴᠢᠶ᠎ᠠ᠂ ᠡᠯ᠎ᠡ ᠠᠵᠤ ᠠᠬᠤᠶᠢᠯᠠᠯ᠂ ᠠᠵᠢᠯ ᠦᠢᠯᠡᠰ ᠤᠨ ᠨᠢᠭᠡᠴᠡ ᠳᠤ᠄      ︽ᠬᠦᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠪᠥᠬᠦ ᠶᠠᠪᠤᠴᠠ ᠳᠤ ᠲᠥᠷᠥᠯ ᠬᠤᠪᠢᠶᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠵᠢᠭᠦᠯᠬᠦ ᠲᠥᠰᠦᠯ︾ ᠢ ᠬᠤᠲᠠ ᠶᠢᠨ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠬᠢᠨᠠᠮᠠᠭᠠᠶ ᠲᠣᠭᠤᠰᠢᠯᠠᠭᠤᠯᠣᠨ ᠬᠡᠷᠡᠭᠵᠢᠭᠦᠯᠲᠦᠭᠡᠶ᠃      ᠬᠥᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠪᠥᠬᠦ ᠶᠠᠪᠤᠴᠠ ᠳᠤ ᠲᠥᠷᠥᠯ      ᠬᠤᠪᠢᠶᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠬᠦ ᠬᠡᠷᠡᠭᠵᠢᠭᠦᠯᠬᠦ ᠲᠥᠰᠦᠯ      ︽ᠤᠯᠤᠰ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠬᠡᠯᠲᠡᠰ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ ᠤᠨ ᠬᠡᠷᠡᠭᠵᠢᠭᠦᠯᠬᠦ ᠲᠥᠰᠦᠯ ᠢ ᠤᠯᠠᠮᠵᠢᠯᠠᠨ ᠶᠠᠪᠤᠭᠤᠯᠬᠤ ᠲᠤᠬᠠᠶ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ᠤᠨ ᠮᠡᠳᠡᠭᠳᠡᠯ︾ ︵ᠲᠥᠷᠥ ᠠᠯᠪᠠᠨ ᠲᠠᠷᠬᠠᠭᠠᠭᠰᠠᠨ ︹ 2017 ︺ 26 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠢ ᠭᠦᠨᠵᠡᠭᠡᠶ ᠲᠣᠭᠤᠰᠢᠯᠠᠭᠤᠯᠵᠤ᠂ ᠬᠤᠭ ᠨᠣᠪᠰᠢ ᠶᠢ ᠶᠡᠷᠦᠩᠬᠡᠶᠢᠯᠡᠨ ᠵᠠᠰᠠᠬᠤ ᠪᠣᠳᠠᠲᠤ ᠦᠷ᠎ᠡ ᠪᠦᠲᠦᠮᠵᠢ ᠶᠢ ᠦᠨᠡᠨᠬᠦ ᠴᠢᠩᠭᠠᠳᠬᠠᠨ᠂ ᠠᠮᠢᠳᠤᠷᠠᠯ ᠤᠨ ᠬᠤᠭ ᠨᠣᠪᠰᠢ ᠶᠢᠨ ︽ᠬᠡᠮᠵᠢᠶ᠎ᠡ ᠶᠢ ᠪᠠᠭᠠᠰᠬᠠᠬᠤ᠂ ᠡᠬᠢ ᠪᠠᠶᠠᠯᠢᠭᠵᠢᠭᠤᠯᠬᠤ᠂ ᠬᠤᠤᠷ ᠦᠭᠡᠶᠢᠳᠡᠭᠦᠯᠬᠦ︾ ᠬᠢᠷᠢ ᠲᠦᠪᠰᠢᠨ ᠢ ᠲᠦᠷᠭᠡᠳᠬᠡᠨ  ᠳᠡᠭᠡᠭᠰᠢᠯᠡᠭᠦᠯᠬᠦ ᠶᠢᠨ ᠲᠣᠰᠠᠳᠠ ᠂ ᠠᠮᠢᠳᠤᠷᠠᠯ ᠤᠨ ᠬᠤᠭ ᠨᠣᠪᠰᠢ ᠶᠢᠨ ᠪᠥᠬᠦ ᠶᠠᠪᠤᠴᠠ ᠳᠤ ᠲᠥᠷᠥᠯ ᠬᠤᠪᠢᠶᠠᠬᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠠᠮᠢ ᠠᠬᠤᠢ ᠶᠢᠨ ᠪᠣᠯᠪᠠᠰᠤᠨ ᠪᠣᠯᠣᠨ ᠨᠡᠶᠢᠭᠡᠮ ᠤᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠡᠷᠡᠭᠲᠡᠢ᠃ ᠡᠳᠦᠭᠡ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ᠲᠣᠰ ᠲᠥᠰᠦᠯ ᠢ ᠲᠣᠭᠲᠠᠭᠠᠪᠠ᠃      ᠨᠢᠭᠡ᠂ ᠶᠡᠷᠦᠩᠬᠡᠶ ᠱᠠᠭᠠᠷᠳᠠᠯᠭ᠎ᠠ      ︵ᠨᠢᠭᠡ︶ ᠵᠢᠯᠣᠭᠤᠳᠬᠤ ᠦᠵᠡᠯ ᠰᠠᠨᠠᠭ᠎ᠠ᠃ ᠨᠠᠮ ᠤᠨ ᠠᠷᠪᠠ ᠶᠢᠰᠦᠳᠦᠭᠡᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠭᠰᠠᠨ ᠰᠢᠷᠢᠰ ᠶᠠᠷᠢᠶᠠᠨ ᠤ ᠵᠣᠷᠢᠭ ᠰᠠᠨᠠᠭ᠎ᠠ ᠪᠣᠯᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ ᠢ ᠨᠡᠶᠢᠳᠡᠮ ᠬᠡᠷᠡᠭᠵᠢᠭᠦᠯᠬᠦ ᠲᠤᠬᠠᠶ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠪᠦᠬᠦ ᠲᠠᠯ᠎ᠠ ᠪᠠᠷ ᠨᠠᠶᠢᠳᠠᠪᠣᠷᠢᠵᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠳᠦᠷᠢᠮ ᠢ ᠨᠡᠶᠢᠳᠡᠮ ᠬᠡᠷᠡᠭᠵᠢᠭᠦᠯᠬᠦ ᠨᠢ ᠴᠢᠬᠤᠯᠠ ᠶᠡᠭᠡ ᠠᠷᠠᠳ ᠤᠨ ᠠᠮᠢᠳᠤᠷᠠᠯ ᠤᠨ ᠢᠨᠵᠧᠨᠧᠷᠢᠩ᠂ ᠠᠷᠠᠳ ᠤᠨ ᠰᠡᠳᠬᠢᠯ ᠤᠨ ᠢᠨᠵᠧᠨᠧᠷᠢᠩ ᠪᠣᠯᠤᠭᠰᠠᠨ ᠤ ᠬᠤᠪᠢ ᠳᠠᠬᠢ ᠴᠢᠬᠤᠯᠠ ᠠᠴᠢ ᠬᠤᠯᠪᠣᠭᠳᠠᠯ ᠢ ᠭᠦᠢᠴᠡᠳ ᠲᠠᠨᠢᠵᠤ᠂ ︽ᠠᠮᠢ ᠠᠬᠤᠶ ᠶᠢ ᠲᠡᠷᠢᠭᠦᠨ ᠳᠤ ᠲᠠᠯᠪᠢᠵᠤ᠂ ᠪᠣᠬᠢᠷᠲᠤᠯ ᠦᠭᠡᠢ ᠪᠠᠷ ᠬᠥᠭᠵᠢᠭᠦᠯᠬᠦ︾ ᠣᠶᠢᠯᠠᠭᠠᠭᠳᠠᠬᠤᠨ ᠢ ᠦᠢᠯᠡᠳᠦᠯᠭᠡᠵᠢᠭᠦᠯᠵᠦ᠂ ᠶᠡᠷᠦᠩᠬᠡᠶ ᠱᠦᠵᠢ ᠰᠢ ᠶᠢᠨ ᠫᠢᠩ ᠤᠨ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠮᠠᠨ ᠤ ᠤᠯᠤᠰ ᠤᠨ ᠤᠮᠠᠷᠠᠲᠤ ᠶᠢᠨ ᠴᠢᠬᠤᠯᠠ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠪᠣᠯᠤᠨ ᠡᠬᠡ ᠤᠯᠤᠰ ᠤᠨ ᠤᠮᠠᠷᠠᠲᠤ ᠶᠢᠨ ᠠᠮᠤᠷ ᠲᠦᠪᠰᠢᠨ ᠲᠣᠭᠲᠠᠭᠤᠨ ᠤ ᠬᠠᠯᠬᠠᠪᠴᠢ ᠶᠢ ᠪᠠᠲᠤ ᠴᠣᠭᠴᠠᠯᠠᠵᠤ᠂ ᠪᠦᠬᠦ ᠶᠠᠪᠤᠴᠠ ᠶᠢᠨ ᠬᠠᠮᠢᠶᠠᠷᠤᠨ ᠡᠵᠡᠮᠳᠡᠬᠦ ᠶᠢ ᠴᠢᠩᠭᠠᠳᠬᠠᠬᠤ ᠪᠠᠷ ᠭᠤᠤᠯ ᠪᠣᠯᠭᠠᠬᠤ ᠶᠢ ᠪᠠᠷᠢᠮᠲᠠᠯᠠᠵᠤ᠂ ᠰᠢᠢᠳᠪᠦᠷᠢᠯᠡᠬᠦ ᠴᠢᠳᠠᠪᠤᠷᠢ ᠶᠢ ᠴᠢᠩᠭᠠᠳᠬᠠᠬᠤ ᠪᠠᠷ ᠵᠠᠩᠭᠢᠯᠠᠭ᠎ᠠ ᠪᠣᠯᠭᠠᠵᠤ᠂ ᠡᠬᠢ ᠡᠭᠦᠰᠦᠯ ᠠᠴᠠ ᠨᠢ ᠲᠥᠷᠥᠯ ᠬᠤᠪᠢᠶᠠᠬᠤ ᠶᠢ ᠨᠠᠶᠢᠳᠠᠪᠣᠷᠢᠵᠢᠭᠤᠯᠬᠤ ᠪᠠᠷ ᠰᠠᠭᠤᠷᠢ ᠪᠣᠯᠭᠠᠵᠤ᠂ ︽ᠬᠤᠤᠷ ᠦᠭᠡᠶᠢᠳᠡᠭᠦᠯᠬᠦ ᠶᠢ ᠪᠠᠲᠤᠯᠠᠵᠤ᠂ ᠡᠬᠢ ᠪᠠᠶᠠᠯᠢᠭᠵᠢᠭᠤᠯᠬᠤ ᠶᠢ ᠴᠢᠩᠭᠠᠳᠬᠠᠵᠤ᠂ ᠲᠤᠭ᠎ᠠ ᠬᠡᠮᠵᠢᠶ᠎ᠡ ᠶᠢ ᠪᠠᠭᠠᠰᠬᠠᠬᠤ ᠶᠢ ᠠᠬᠢᠭᠤᠯᠬᠤ︾ ᠶᠢᠨ ᠲᠣᠭᠤᠷᠢᠨ ᠳᠤ᠂ ᠨᠢᠭᠡᠳᠦᠯᠲᠡᠶ ᠲᠥᠯᠥᠪᠵᠢᠭᠦᠯᠦᠨ᠂ ᠳᠤᠲᠠᠭᠤᠳᠠᠯ ᠢᠶᠠᠨ ᠨᠥᠬᠦᠪᠥᠷᠢᠯᠡᠵᠦ᠂ ᠶᠡᠷᠦᠩᠬᠡᠶᠢᠯᠡᠨ ᠵᠠᠰᠠᠵᠤ᠂ ᠮᠡᠷᠭᠡᠵᠢᠯ᠂ ᠲᠥᠷᠥ ᠶᠢᠨ ᠪᠣᠳᠣᠯᠭ᠎ᠠ᠂ ᠨᠡᠶᠢᠭᠡᠮ ᠤᠨ ᠭᠤᠷᠪᠠᠨ ᠰᠢᠰᠲ᠋ᠧᠮ ᠢ ᠬᠦᠴᠦᠯᠡᠨ ᠲᠡᠭᠦᠯᠳᠡᠷᠵᠢᠭᠦᠯᠵᠦ᠂ ᠣᠷᠣᠨ ᠰᠠᠭᠤᠴᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠣᠯᠲᠠ ᠶᠢᠨ ᠬᠡᠯᠲᠡᠰ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠣᠳᠠᠲᠠᠶ ᠱᠠᠭᠠᠷᠳᠠᠯᠭ᠎ᠠ ᠲᠠᠢ ᠬᠠᠷᠭᠤᠭᠤᠯᠣᠨ᠂ ᠤᠯᠤᠰ ᠤᠨ ᠳᠣᠲᠣᠭᠠᠳᠤ ᠶᠢᠨ ᠲᠡᠷᠢᠭᠦᠨ ᠤ ᠬᠤᠲᠠ ᠶᠢᠨ ᠬᠠᠮᠢᠶᠠᠷᠤᠯᠲᠠ ᠶᠢᠨ ᠪᠠᠷᠢᠮᠵᠢᠶ᠎ᠠ ᠲᠠᠢ ᠬᠠᠷᠢᠴᠠᠭᠤᠯᠵᠤ᠂ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠬᠤᠭ ᠨᠣᠪᠰᠢ ᠶᠢ ᠰᠢᠢᠳᠪᠦᠷᠢᠯᠡᠬᠦ ᠰᠢᠰᠲ᠋ᠧᠮ ᠢ ᠪᠠᠶᠢᠭᠤᠯᠣᠨ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ᠂ ᠵᠠᠰᠠᠭ ᠤᠨ ᠣᠷᠳᠣᠨ ᠠᠴᠠ ᠠᠬᠢᠭᠤᠯᠤᠭᠰᠠᠨ᠂ ᠪᠦᠬᠦ ᠠᠷᠠᠳ ᠢᠶᠠᠷ ᠢᠶᠠᠨ ᠣᠷᠣᠯᠴᠠᠭᠰᠠᠨ᠂ ᠭᠠᠵᠠᠷ ᠣᠷᠣᠨ ᠤ ᠪᠠᠶᠢᠳᠠᠯ ᠳᠤᠨᠢ ᠲᠣᠬᠢᠷᠠᠭᠤᠯᠣᠭᠰᠠᠨ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠰᠢᠰᠲ᠋ᠧᠮᠵᠢ ᠶᠢ ᠪᠤᠢ ᠪᠣᠯᠭᠠᠵᠤ᠂ ᠨᠠᠷᠢᠯᠢᠭᠵᠢᠭᠤᠯᠤᠭᠰᠠᠨ ᠬᠠᠮᠢᠶᠠᠷᠤᠯᠲᠠ ᠶᠢᠨ ᠬᠢᠷᠢ ᠲᠦᠪᠰᠢᠨ ᠢᠶᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠂ ᠠᠮᠢ ᠠᠬᠤᠢ ᠶᠢᠨ ᠰᠠᠭᠤᠷᠢᠰᠢᠬᠤ ᠳᠤ ᠲᠣᠬᠢᠷᠠᠮᠵᠢᠲᠠᠢ ᠬᠦᠬᠡᠬᠤᠲᠠ ᠶᠢ ᠪᠦᠲᠦᠭᠡᠨ ᠪᠠᠶᠢᠭᠤᠯᠤᠨ᠎ᠠ᠃      ︵ᠬᠤᠶᠠᠷ︶ ᠭᠤᠤᠯ ᠵᠠᠷᠴᠢᠮ      1. ᠵᠠᠰᠠᠭ ᠤᠨ ᠣᠷᠳᠣᠨ ᠭᠤᠣᠯᠯᠠᠨ ᠵᠢᠯᠣᠭᠤᠳᠴᠣ᠂ ᠪᠦᠬᠦ ᠠᠷᠠᠳ ᠢᠶᠠᠷ ᠢᠶᠠᠨ ᠣᠷᠣᠯᠴᠠᠨ᠎ᠠ᠃ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠣᠭᠤᠳᠬᠤ ᠶᠢ ᠴᠢᠩᠭᠠᠳᠬᠠᠵᠤ᠂ ᠳᠡᠭᠡᠳᠦ ᠳᠠᠪᠬᠤᠷᠭ᠎ᠠ ᠶᠢᠨ ᠲᠥᠰᠥᠪ ᠲᠥᠯᠥᠪᠯᠡᠭᠡ ᠶᠢ ᠴᠢᠩᠭᠠᠷᠠᠭᠤᠯᠤᠨ᠂ ᠳᠦᠷᠢᠮ ᠤᠨ ᠰᠢᠰᠲ᠋ᠧᠮᠵᠢ ᠶᠢᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠪᠠᠷᠢᠮᠵᠢᠶ᠎ᠠ᠂ ᠬᠠᠮᠢᠶᠠᠷᠤᠯᠲᠠ ᠶᠢᠨ ᠱᠠᠭᠠᠷᠳᠠᠯᠭ᠎ᠠ ᠶᠢ ᠨᠢᠭᠡᠳᠦᠯᠲᠡᠶ ᠳᠦᠷᠢᠮᠵᠢᠭᠦᠯᠦᠨ᠂ ᠤᠬᠠᠭᠤᠯᠬᠤ ᠡᠷᠴᠢᠮ ᠢᠶᠠᠨ ᠴᠢᠩᠭᠠᠷᠠᠭᠤᠯᠵᠤ᠂ ᠬᠤᠲᠠ ᠶᠢᠨ ᠠᠷᠠᠳ ᠢ ᠬᠥᠲᠥᠯᠥᠨ ᠵᠢᠯᠣᠭᠤᠳᠴᠤ ᠰᠠᠨᠠᠭᠠᠴᠢᠯᠠᠭ᠎ᠠ ᠠᠴᠠ ᠪᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠠᠳᠬᠠᠯ ᠲᠠᠢ  ᠪᠣᠯᠭᠠᠨ᠎ᠠ᠃ ᠡᠳ᠋ ᠤᠨ ᠵᠠᠰᠠᠭ ᠤᠨ ᠪᠡᠯᠡ ᠮᠥᠩᠭᠦ ᠶᠢᠨ ᠣᠷᠣᠭᠤᠯᠤᠯᠲᠠ ᠶᠢ ᠨᠡᠮᠡᠭᠳᠡᠭᠦᠯᠵᠦ᠂ ᠨᠡᠶᠢᠭᠡᠮ ᠤᠨ ᠬᠥᠷᠥᠩᠭᠡ ᠶᠢᠨ ᠣᠷᠣᠯᠴᠠᠬᠤ ᠲᠣᠭᠲᠠᠴᠠ ᠶᠢ ᠰᠦᠪᠡᠭᠴᠢᠯᠡᠨ ᠪᠠᠶᠢᠭᠤᠯᠵᠤ᠂ ᠬᠤᠲᠠ ᠶᠢᠨ ᠰᠠᠶᠢᠨ ᠳᠤᠷ᠎ᠠ ᠶᠢᠨ ᠦᠢᠯᠡᠴᠢᠯᠡᠭᠡ ᠶᠢ ᠰᠠᠨᠠᠭᠠᠴᠢᠯᠠᠨ᠂ ᠠᠷᠠᠳ ᠤᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠯᠴᠠᠭ᠎ᠠ ᠳᠤ ᠣᠷᠣᠯᠴᠠᠬᠤ ᠶᠢ ᠵᠣᠷᠢᠭᠵᠢᠭᠤᠯᠤᠨ᠎ᠠ᠃ ᠨᠠᠮ ᠤᠨ ᠪᠠᠶᠢᠭᠤᠯᠤᠯᠲᠠ ᠪᠠᠷ ᠬᠥᠲᠥᠯᠥᠨ ᠳᠠᠭᠠᠭᠤᠯᠣᠭᠰᠠᠨ᠂ ᠰᠠᠭᠤᠭᠠᠯᠢ ᠠᠷᠠᠳ ᠥᠪᠡᠷᠲᠡᠭᠡᠨ ᠵᠠᠰᠠᠭᠰᠠᠨ᠂ ᠨᠡᠶᠢᠭᠡᠮ ᠲᠣᠭᠤᠷᠢᠭ  ᠵᠣᠬᠢᠴᠠᠭᠤᠯᠣᠭᠰᠠᠨ᠂ ᠠᠳᠠᠯ ᠠᠬᠤᠢ ᠣᠷᠣᠯᠴᠠᠭᠰᠠᠨ ︽ᠳᠥᠷᠪᠡ ᠶᠢ ᠨᠢᠭᠡ ᠴᠣᠭᠴᠠᠵᠢᠭᠤᠯᠣᠭᠰᠠᠨ︾ ᠠᠵᠢᠯ ᠢ ᠠᠬᠢᠭᠤᠯᠬᠤ ᠲᠣᠭᠲᠠᠴᠠ ᠶᠢ ᠬᠦᠴᠦᠯᠡᠨ ᠪᠠᠶᠢᠭᠤᠯᠤᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠮᠲᠤ ᠪᠠᠷ ᠰᠦᠪᠡᠭᠴᠢᠯᠡᠬᠦ᠂ ᠬᠠᠮᠲᠤ ᠪᠠᠷ ᠪᠠᠶᠢᠭᠤᠯᠬᠤ᠂ ᠬᠠᠮᠲᠤ ᠪᠠᠷ ᠵᠠᠰᠠᠬᠤ᠂ ᠬᠠᠮᠲᠤ ᠪᠠᠷ ᠡᠳ᠋ᠯᠡᠬᠦ ᠪᠠᠶᠢᠳᠠᠯ ᠢ ᠪᠤᠢ ᠪᠣᠯᠭᠠᠬᠤ ᠶᠢ ᠲᠦᠯᠬᠢᠨ ᠠᠬᠢᠭᠤᠯᠣᠨ᠎ᠠ᠃      2. ᠳᠡᠰ ᠬᠤᠪᠢᠶᠠᠨ ᠬᠠᠮᠢᠶᠠᠷᠴᠣ᠂ ᠪᠥᠬᠦ ᠶᠠᠪᠤᠴᠠ ᠳᠤ ᠲᠦᠷᠥᠯ ᠬᠤᠪᠢᠶᠠᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠲᠥᠷᠥᠯ ᠬᠤᠪᠢᠶᠠᠨ ᠴᠤᠭᠯᠠᠭᠤᠯᠬᠤ᠂ ᠲᠥᠷᠥᠯ ᠬᠤᠪᠢᠶᠠᠨ ᠲᠡᠭᠡᠭᠡᠪᠦᠷᠢᠯᠡᠬᠦ᠂ ᠲᠥᠷᠥᠯ ᠬᠤᠪᠢᠶᠠᠨ ᠰᠢᠢᠳᠪᠦᠷᠢᠯᠡᠬᠦ ᠪᠦᠬᠦ ᠶᠠᠪᠤᠴᠠ ᠳᠤ ᠲᠥᠷᠥᠯ ᠬᠤᠪᠢᠶᠠᠬᠤ ᠰᠢᠰᠲ᠋ᠧᠮᠵᠢ ᠶᠢ ᠪᠠᠶᠢᠭᠤᠯᠣᠨ᠎ᠠ᠃ ᠪᠦᠭᠦᠳᠡ ᠣᠷᠣᠨ ᠪᠦᠰᠡ ᠶᠢᠨ ᠠᠬᠢᠭᠤᠯᠬᠤ ᠲᠣᠭᠲᠠᠴᠠ ᠶᠢ ᠪᠠᠶᠢᠭᠤᠯᠵᠤ᠂ ᠶᠡᠷᠦᠩᠬᠡᠶᠢᠯᠡᠭᠰᠡᠨ ᠪᠣᠳᠠᠲᠤ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠬᠤᠲᠠ ᠶᠢᠨ ᠱᠠᠲᠤᠨ ᠤ ᠬᠢᠨ ᠨᠢᠭᠡᠳᠦᠯᠲᠡᠶ ᠲᠥᠯᠥᠪᠯᠡᠬᠦ᠂ ᠰᠠᠯᠠᠭ᠎ᠠ ᠮᠥᠴᠢᠷ ᠵᠢᠯᠣᠭᠤᠳᠬᠤ᠂ ᠬᠠᠷᠢᠶ᠎ᠠ ᠭᠠᠵᠠᠷ ᠲᠤᠨᠢ ᠬᠠᠮᠢᠶᠠᠷᠤᠭᠤᠯᠬᠤ᠂ ᠲᠣᠭᠤᠷᠢᠭ ᠵᠡᠭᠡᠯᠢ ᠪᠠᠷ ᠬᠡᠷᠡᠭᠵᠢᠭᠦᠯᠬᠦ ᠵᠠᠷᠴᠢᠮ ᠤᠨ ᠶᠣᠰᠣᠭᠠᠷ᠂ ᠡᠯ᠎ᠡ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠬᠠᠷᠢᠭᠤᠴᠠᠯᠭ᠎ᠠ ᠶᠢᠨ ᠭᠤᠤᠯ ᠴᠣᠭᠴᠠ ᠪᠠᠶᠢᠵᠤ᠂ ᠲᠣᠰ ᠬᠠᠷᠢᠶ᠎ᠠ ᠭᠠᠵᠠᠷ ᠤᠨ ᠢᠶᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ ᠬᠠᠷᠢᠭᠤᠴᠠᠨ᠂ ᠣᠯᠠᠨ ᠨᠡᠶᠢᠲᠡ ᠶᠢᠨ ᠪᠠᠶᠢᠭᠤᠯᠤᠮᠵᠢ ᠶᠢᠨ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠡᠩ ᠲᠡᠷᠢᠭᠦᠨ ᠳᠤ ᠬᠡᠷᠡᠭᠵᠢᠭᠦᠯᠬᠦ ᠶᠢ ᠰᠢᠮᠳᠠᠭᠤᠯᠣᠨ᠎ᠠ᠃ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠨᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠪᠣᠳᠠᠲᠠᠢ ᠬᠡᠷᠡᠭᠵᠢᠭᠦᠯᠬᠦ ᠭᠤᠤᠯ ᠴᠣᠭᠴᠠ ᠪᠠᠶᠢᠵᠤ᠂ ᠬᠠᠷᠢᠶ᠎ᠠ ᠭᠠᠵᠠᠷ ᠤᠨ ᠠᠵᠤ ᠠᠬᠤᠶᠢᠯᠠᠯ ᠂ ᠬᠤᠳᠠᠯᠳᠤᠭᠠᠨ ᠤ ᠡᠷᠦᠬᠡ᠂ ᠨᠡᠶᠢᠭᠡᠮ ᠲᠣᠭᠤᠷᠢᠭ᠂ ᠰᠠᠭᠤᠭᠠᠯᠢ ᠠᠷᠠᠳ ᠤᠨ ᠬᠤᠷᠢᠶᠠᠯᠠᠯ ᠵᠡᠷᠭᠡ ᠶᠢᠨ ᠠᠮᠢᠳᠤᠷᠠᠯ ᠤᠨ ᠬᠤᠭ ᠨᠣᠪᠰᠢ ᠶᠢᠨ ᠲᠦᠷᠥᠯ ᠬᠤᠪᠢᠶᠠᠬᠤ ᠶᠢ ᠤᠬᠠᠭᠤᠯᠬᠤ᠂ ᠳᠠᠶᠢᠴᠢᠯᠠᠬᠤ᠂ ᠬᠡᠷᠡᠭᠵᠢᠭᠦᠯᠬᠦ ᠵᠡᠷᠭᠡ ᠪᠣᠳᠠᠲᠠᠶ ᠠᠵᠢᠯ ᠢ ᠬᠠᠷᠢᠭᠤᠴᠠᠨ᠎ᠠ᠃      3. ᠭᠠᠵᠠᠷ ᠣᠷᠣᠨ ᠤ ᠪᠠᠶᠢᠳᠠᠯ ᠳᠤᠨᠢ ᠲᠤᠬᠢᠷᠠᠭᠤᠯᠤᠨ᠂ ᠳᠡᠰ ᠳᠠᠷᠠᠭᠠᠯᠠᠯ ᠲᠠᠢ ᠠᠬᠢᠭᠤᠯᠣᠨ᠎ᠠ᠃ ᠲᠥᠷᠥᠯ ᠬᠤᠪᠢᠶᠠᠬᠤ ᠠᠷᠭ᠎ᠠ ᠶᠢᠨ ᠲᠠᠯ᠎ᠠ ᠪᠠᠷ᠂ ᠡᠭᠡᠭᠦᠯᠦᠨ ᠬᠤᠷᠢᠶᠠᠵᠤ ᠪᠣᠯᠬᠤ ᠪᠣᠳᠠᠰ᠂ ᠨᠣᠶᠢᠲᠠᠨ ᠬᠤᠭ ᠨᠣᠪᠰᠢ ︵ᠲᠣᠭᠤᠭᠠᠨ ᠭᠡᠷ ᠤᠨ ᠦᠯᠡᠭᠦᠦ ᠬᠤᠭ ᠨᠣᠪᠰᠢ︶᠂ ᠬᠤᠣᠷᠲᠠᠢ ᠬᠤᠭ ᠨᠣᠪᠰᠢ ᠪᠣᠯᠤᠨ ᠬᠠᠭᠤᠷᠠᠶ ᠬᠤᠭ ᠨᠣᠪᠰᠢ ︵ᠪᠤᠰᠤᠳ ᠬᠤᠭ ᠨᠣᠪᠰᠢ︶ ᠭᠡᠵᠦ ᠳᠥᠷᠪᠡᠨ ᠲᠥᠷᠥᠯ ᠬᠤᠪᠢᠶᠠᠬᠤ ᠶᠢ ᠬᠡᠷᠡᠭᠵᠢᠭᠦᠯᠵᠦ᠂ ᠡᠨᠡᠬᠦ ᠰᠠᠭᠤᠷᠢᠨ ᠳᠡᠭᠡᠷ᠎ᠡ᠂ ᠨᠠᠷᠢᠯᠢᠭ ᠬᠤᠪᠢᠶᠠᠬᠤ ᠲᠡᠰᠢ ᠠᠯᠬᠤᠮ ᠠᠯᠬᠤᠮ ᠢᠶᠠᠷ ᠰᠢᠯᠵᠢᠨ᠎ᠡ᠃ ᠲᠦᠯᠬᠢᠨ ᠠᠬᠢᠭᠤᠯᠬᠤ ᠠᠯᠬᠤᠮ ᠳᠠᠷᠠᠭ᠎ᠠ ᠶᠢᠨ ᠲᠠᠯ᠎ᠠ ᠪᠠᠷ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠢᠶᠠᠷ ᠨᠢᠭᠡᠴᠢ ᠪᠣᠯᠭᠠᠨ᠂ ᠵᠢᠱᠢᠶ᠎ᠡ ᠦᠵᠡᠭᠦᠯᠬᠦ ᠬᠡᠰᠡᠭ ᠲᠣᠭᠤᠷᠢᠭ ᠤᠨ ᠪᠦᠲᠦᠭᠡᠨ ᠪᠠᠶᠢᠭᠤᠯᠤᠯᠲᠠ ᠶᠢ ᠲᠦᠯᠬᠢᠨ ᠠᠬᠢᠭᠤᠯᠵᠤ᠂ ᠴᠡᠭ ᠢᠶᠠᠷ ᠨᠡᠶᠢᠳᠡᠮ ᠢ ᠳᠠᠶᠢᠴᠢᠯᠠᠨ᠂ ᠤᠷᠢᠳᠠᠪᠠᠷ ᠬᠢᠯᠪᠠᠷ ᠳᠠᠷᠠᠭ᠎ᠠ ᠨᠢ ᠬᠦᠴᠢᠷᠲᠡᠶ ᠲᠡᠰᠢ ᠰᠢᠯᠵᠢᠵᠦ᠂ ᠬᠠᠮᠤᠷᠬᠤ ᠬᠡᠪᠴᠢᠶ᠎ᠡ ᠶᠢ ᠨᠢ ᠠᠯᠬᠤᠮ ᠠᠯᠬᠤᠮ ᠢᠶᠠᠷ ᠥᠷᠭᠡᠳᠬᠡᠨ᠎ᠡ᠃ ᠪᠦᠬᠦ ᠬᠤᠲᠠ ᠶᠢᠨ ᠶᠡᠷᠦᠩᠬᠡᠢ ᠲᠥᠯᠥᠪᠵᠢᠭᠦᠯᠭᠡ ᠪᠠᠶᠢᠷᠢᠯᠠᠭᠤᠯᠣᠯᠲᠠ ᠶᠣᠰᠣᠭᠠᠷ᠂ ᠡᠯ᠎ᠡ  ᠲᠣᠭᠤᠷᠢᠭ ᠤᠨ ᠪᠣᠳᠠᠲᠠᠢ ᠲᠠᠢ ᠤᠶᠠᠯᠳᠤᠭᠤᠯᠤᠨ᠂ ᠡᠯ᠎ᠡ ᠲᠥᠷᠥᠯ ᠤᠨ ᠬᠤᠭ ᠨᠣᠪᠰᠢ ᠶᠢ ᠳᠠᠮᠵᠢᠭᠤᠯᠣᠨ ᠰᠢᠯᠵᠢᠭᠦᠯᠬᠦ᠂ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠣᠯᠲᠠ ᠶᠢ ᠨᠢᠭᠡᠳᠦᠯᠲᠡᠢ ᠲᠥᠯᠥᠪᠵᠢᠭᠦᠯᠦᠨ ᠪᠠᠶᠢᠷᠢᠯᠠᠭᠤᠯᠣᠨ᠎ᠠ᠃ ᠵᠡᠭᠡᠯᠢ ᠪᠠᠯᠭᠠᠰᠤ᠂ ᠨᠡᠶᠢᠭᠡᠮ ᠲᠣᠭᠤᠷᠢᠭ ᠤᠨ ᠲᠤᠬᠠᠶ ᠶᠢᠨ ᠭᠠᠵᠠᠷ ᠣᠷᠣᠨ ᠤ ᠪᠠᠶᠢᠳᠠᠯ ᠳᠠᠭᠠᠨ ᠲᠣᠬᠢᠷᠠᠭᠤᠯᠬᠤ ᠶᠢ ᠵᠣᠷᠢᠭᠵᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠰᠢᠨ᠎ᠡ ᠲᠣᠭᠲᠠᠴᠠ᠂ ᠰᠢᠨ᠎ᠡ ᠵᠠᠭᠪᠤᠷ ᠢ ᠰᠦᠪᠡᠭᠴᠢᠯᠡᠨ ᠠᠬᠢᠭᠤᠯᠣᠨ᠎ᠠ᠃      4. ᠲᠥᠷᠥ ᠶᠢᠨ ᠪᠣᠳᠣᠯᠭ᠎ᠠ ᠪᠠᠷ ᠲᠣᠯᠭᠠᠭᠤᠷᠢᠯᠠᠭᠤᠯᠵᠤ᠂ ᠬᠠᠤᠯᠢ ᠳᠦᠷᠢᠮ ᠢᠶᠠᠷ ᠪᠠᠲᠣᠯᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠢᠵᠢ ᠪᠦᠷᠢᠳᠦᠭᠦᠯᠦᠭᠰᠡᠨ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠬᠡᠯᠬᠢᠶ᠎ᠡ ᠬᠤᠯᠪᠣᠭ᠎ᠠ ᠨᠢ ᠠᠪᠴᠠᠯᠳᠣᠭᠰᠠᠨ ᠠᠰᠢᠭ ᠲᠤᠰᠠ ᠶᠢᠨ ᠲᠣᠭᠲᠠᠴᠠ ᠶᠢ ᠪᠤᠢ ᠪᠣᠯᠭᠠᠬᠤ ᠳᠤ ᠴᠢᠬᠤᠯᠠ ᠪᠦᠬᠦᠢ ᠲᠤᠯᠭᠠᠭᠤᠷᠢᠯᠠᠯ ᠬᠠᠩᠭᠠᠨ᠎ᠠ᠃ ᠠᠮᠢᠳᠤᠷᠠᠯ ᠤᠨ ᠬᠤᠭ ᠨᠣᠪᠰᠢ ᠶᠢᠨ ᠬᠠᠮᠢᠶᠠᠷᠤᠯᠲᠠ ᠶᠢᠨ ᠣᠷᠣᠨ ᠨᠤᠲᠤᠭ ᠤᠨ ᠬᠠᠤᠯᠢ ᠲᠣᠭᠲᠠᠭᠠᠬᠤ ᠶᠢ ᠲᠦᠷᠭᠡᠳᠬᠡᠨ ᠠᠬᠢᠭᠤᠯᠵᠤ᠂ ︽ᠵᠥᠭᠡᠯᠡᠨ ᠬᠥᠲᠥᠯᠥᠨ ᠵᠢᠯᠣᠭᠤᠳᠬᠤ︾ ᠪᠠ ︽ᠬᠠᠲᠠᠭᠤ ᠬᠢᠵᠠᠭᠠᠷᠯᠠᠯ︾ ᠢ ᠬᠠᠷᠢᠯᠴᠠᠨ ᠤᠶᠠᠯᠳᠤᠭᠤᠯᠤᠭᠰᠠᠨ ᠶᠡᠷᠦᠩᠬᠡᠶᠢᠯᠡᠨ ᠵᠠᠰᠠᠯᠲᠠ ᠶᠢᠨ ᠲᠣᠭᠲᠠᠴᠠ ᠶᠢ ᠪᠠᠶᠢᠭᠤᠯᠤᠨ᠎ᠠ᠃      ︵ᠭᠤᠷᠪᠠ︶ ᠠᠵᠢᠯ ᠤᠨ ᠬᠠᠷᠠᠯᠲᠠ᠃ 2019 ᠣᠨ ᠳᠤ ᠪᠥᠬᠦ ᠬᠤᠲᠠ ᠶᠢᠨ ᠬᠤᠲᠠ ᠶᠢᠨ ᠠᠷᠠᠳ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠮᠡᠳᠡᠬᠦ ᠨᠣᠷᠮ᠎ᠠ ᠶᠢ 85% ᠠᠴᠠ ᠳᠣᠤᠷ᠎ᠠ ᠪᠠᠶᠢᠯᠭᠠᠵᠤ ᠪᠣᠯᠬᠤ ᠥᠬᠡᠶ︔ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠥᠷᠨᠢᠭᠦᠯᠬᠦ ᠰᠠᠭᠤᠭᠠᠯᠢ ᠠᠷᠠᠳ ᠤᠨ ᠬᠤᠷᠢᠶᠠᠯᠠᠯ ᠢ ᠬᠠᠷᠢᠶᠠᠨ ᠭᠠᠵᠠᠷ ᠤᠨ ᠶᠡᠷᠦᠩᠬᠡᠶ ᠬᠤᠷᠢᠶᠠᠯᠠᠯ ᠤᠨ ᠲᠣᠭᠠᠨ ᠤ 50 % ᠠᠴᠠ ᠳᠡᠭᠡᠭᠰᠢ ᠳᠤ ᠬᠦᠷᠦᠭᠦᠯᠦᠨ᠎ᠡ︔ ᠬᠤᠲᠠ ᠶᠢᠨ ᠲᠣᠭᠤᠷᠢᠭ ᠤᠨ ᠬᠡᠪᠴᠢᠶᠡᠨ ᠳᠠᠬᠢ ᠣᠯᠠᠨ ᠨᠡᠶᠢᠲᠡ ᠶᠢᠨ ᠪᠠᠶᠢᠭᠤᠯᠤᠮᠵᠢ᠂ ᠬᠤᠯᠪᠣᠭᠳᠠᠯ ᠪᠦᠬᠦᠢ ᠠᠵᠤ ᠠᠬᠤᠶᠢᠯᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠦᠬᠦᠨ ᠢ ᠪᠦᠷᠬᠦᠭᠦᠯᠬᠦ ᠶᠢ ᠪᠡᠶᠡᠯᠡᠭᠦᠯᠦᠨ᠎ᠡ︔ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ ᠶᠢ 20 % ᠠᠴᠠ ᠳᠡᠭᠡᠭᠰᠢ ᠳᠤ ᠬᠦᠷᠦᠭᠦᠯᠦᠨ᠎ᠡ᠃ 2020 ᠣᠨ ᠪᠣᠯᠬᠤ ᠳᠤ᠂ ᠬᠠᠤᠯᠢ ᠪᠠᠷ ᠵᠠᠰᠠᠬᠤ ᠪᠠᠷ ᠰᠠᠭᠤᠷᠢ ᠪᠣᠯᠭᠠᠭᠰᠠᠨ᠂ ᠲᠥᠷᠥ ᠶᠢᠨ ᠪᠣᠳᠣᠯᠭ᠎ᠠ ᠪᠠᠷ ᠪᠦᠷᠢᠨ ᠲᠡᠭᠦᠯᠳᠡᠷ᠂ ᠮᠡᠷᠭᠡᠵᠢᠯ ᠢᠶᠠᠷ ᠲᠡᠷᠢᠭᠦᠨ ᠤ᠂ ᠨᠡᠶᠢᠭᠡᠮ ᠢᠶᠠᠷ ᠢᠶᠠᠨ ᠬᠠᠮᠵᠢᠯᠴᠠᠭᠰᠠᠨ ᠠᠮᠢᠳᠤᠷᠠᠯ ᠤᠨ ᠬᠤᠭ ᠨᠣᠪᠰᠢ ᠶᠢᠨ ᠪᠥᠬᠦ ᠶᠠᠪᠤᠴᠠ ᠳᠤ ᠲᠥᠷᠥᠯ ᠬᠤᠪᠢᠶᠠᠬᠤ ᠰᠢᠰᠲ᠋ᠧᠮᠵᠢ ᠶᠢ ᠦᠨᠳᠦᠰᠦᠨ ᠳᠡᠭᠡᠨ ᠪᠠᠶᠢᠭᠤᠯᠵᠤ᠂ ᠪᠠᠶᠢᠭᠤᠯᠭ᠎ᠠ ᠨᠢᠭᠡᠴᠡ ᠶᠢᠨ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠪᠦᠬᠦᠨ ᠢ ᠪᠦᠷᠬᠦᠭᠦᠯᠬᠦ ᠶᠢ ᠦᠨᠳᠦᠰᠦᠨ ᠳᠡᠭᠡᠨ ᠪᠡᠶᠡᠯᠡᠭᠦᠯᠵᠦ᠂ ᠰᠠᠭᠤᠭᠠᠯᠢ ᠠᠷᠠᠳ ᠤᠨ ᠲᠣᠭᠤᠷᠢᠭ ᠲᠤ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠬᠤ ᠳᠦᠷᠢᠮ ᠢ ᠨᠡᠶᠢᠳᠡᠮ ᠬᠡᠷᠡᠭᠵᠢᠭᠦᠯᠵᠦ᠂ ᠠᠮᠢᠳᠤᠷᠠᠯ ᠤᠨ ᠬᠤᠭ ᠨᠣᠪᠰᠢ ᠶᠢᠨ ᠲᠥᠷᠥᠯ ᠬᠤᠪᠢᠶᠠᠬᠤ ᠶᠠᠰᠤ ᠴᠢᠨᠠᠷ ᠢ ᠢᠯᠡᠳᠲᠡ ᠳᠡᠭᠡᠭᠰᠢᠯᠡᠭᠦᠯᠦᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠡᠭᠡᠭᠦᠯᠦᠨ ᠬᠤᠷᠢᠶᠠᠵᠤ ᠠᠰᠢᠭᠯᠠᠬᠤ ᠨᠣᠷᠮ᠎ᠠ ᠶᠢ 35 % ᠠᠴᠠ ᠳᠡᠭᠡᠭᠰᠢ ᠳᠤ ᠬᠦᠷᠦᠭᠦᠯᠦᠨ᠎ᠡ᠃      ᠬᠤᠶᠠᠷ᠂ ᠭᠤᠤᠯ ᠡᠭᠦᠷᠭᠡ      ︵ᠨᠢᠭᠡ︶ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ      1. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠠᠷᠢᠮᠵᠢᠶ᠎ᠠ ᠶᠢ ᠲᠣᠳᠣᠷᠬᠠᠶᠢᠯᠠᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠡᠭᠡᠭᠦᠯᠦᠨ ᠬᠤᠷᠢᠶᠠᠵᠣ ᠪᠣᠯᠬᠤ ᠪᠣᠳᠠᠰ᠂ ᠨᠣᠶᠢᠲᠠᠨ ᠬᠤᠭ ᠨᠣᠪᠰᠢ ︵ᠲᠣᠭᠤᠭᠠᠨ ᠭᠡᠷ ᠤᠨ  ᠦᠯᠡᠭᠦᠦ ᠬᠤᠭ ᠨᠣᠪᠰᠢ︶᠂ ᠬᠤᠣᠷᠲᠠᠢ ᠬᠤᠭ ᠨᠣᠪᠰᠢ ᠪᠣᠯᠤᠨ ᠬᠠᠭᠤᠷᠠᠶ ᠬᠤᠭ ᠨᠣᠪᠰᠢ ︵ᠪᠤᠰᠤᠳ ᠬᠤᠭ ᠨᠣᠪᠰᠢ︶ ᠭᠡᠵᠦ ᠳᠦᠷᠪᠡᠨ ᠲᠥᠷᠥᠯ ᠢᠶᠠᠷ ᠬᠤᠪᠢᠶᠠᠬᠤ ᠪᠠᠷᠢᠮᠵᠢᠶ᠎ᠠ ᠶᠢ ᠬᠡᠷᠡᠭᠵᠢᠭᠦᠯᠦᠨ᠎ᠡ᠃ ᠡᠯ᠎ᠡ ᠨᠢᠭᠡᠴᠡ ᠪᠠ ᠣᠷᠣᠨ ᠰᠠᠭᠤᠴᠠ ᠶᠢᠨ ᠬᠤᠷᠢᠶᠠᠯᠠᠯ ᠤᠨ ᠪᠠᠶᠢᠭ᠎ᠠ ᠭᠠᠵᠠᠷ ᠤᠨ ᠢᠶᠠᠨ ᠳᠣᠲᠣᠷᠠᠬᠢ ᠳᠠᠬᠢᠯᠲᠠ ᠡᠬᠢ ᠪᠠᠶᠠᠯᠢᠭ ᠤᠨ ᠰᠢᠰᠲ᠋ᠧᠮᠵᠢ ᠶᠢᠨ ᠬᠥᠭᠵᠢᠯᠲᠡ ᠶᠢᠨ ᠬᠡᠮᠵᠢᠶ᠎ᠡ ᠶᠢ ᠦᠨᠳᠦᠰᠦᠯᠡᠨ᠂ ᠡᠭᠡᠭᠦᠯᠦᠨ ᠬᠤᠷᠢᠶᠠᠵᠤ ᠪᠣᠯᠬᠤ ᠪᠣᠳᠠᠰ ᠢ ᠨᠠᠷᠢᠯᠢᠭᠵᠢᠭᠤᠯᠤᠨ ᠠᠩᠭᠢᠯᠠᠬᠤ ᠶᠢ ᠵᠣᠷᠢᠭᠵᠢᠭᠤᠯᠤᠨ᠎ᠠ᠃      ᠡᠭᠡᠭᠦᠯᠦᠨ ᠬᠤᠷᠢᠶᠠᠵᠣ ᠪᠣᠯᠬᠤ ᠪᠣᠳᠠᠰ᠃ ᠡᠭᠦᠨ ᠳᠤ ᠭᠤᠤᠯᠳᠠᠭᠤ᠄ ᠬᠠᠶᠠᠭᠳᠠᠮᠠᠯ ᠴᠠᠭᠠᠰᠤ᠂ ᠬᠠᠶᠠᠭᠳᠠᠮᠠᠯ ᠰᠦᠯᠢᠶᠣᠣ᠂ ᠬᠠᠶᠠᠭᠳᠠᠮᠠᠯ ᠲᠡᠮᠦᠷᠯᠢᠭ᠂ ᠬᠠᠶᠠᠭᠳᠠᠮᠠᠯ ᠬᠠᠭᠤᠴᠢᠨ ᠨᠡᠬᠡᠮᠡᠯ ᠡᠳ᠋᠂ ᠬᠠᠶᠠᠭᠳᠠᠮᠠᠯ ᠰᠢᠯ᠂ ᠬᠠᠶᠠᠭᠳᠠᠮᠠᠯ ᠴᠠᠬᠢᠯᠭᠠᠨ ᠬᠡᠷᠡᠭᠰᠡᠯ ᠡᠯᠧᠺᠲᠷᠣᠨ ᠦᠢᠯᠡᠳᠬᠦᠨ᠂ ᠬᠠᠶᠠᠭᠳᠠᠮᠠᠯ ᠴᠠᠭᠠᠰᠤ ᠰᠦᠯᠢᠶᠣᠣ ᠬᠦᠩᠭᠡᠨᠴᠠᠭᠠᠨ ᠤ ᠨᠡᠶᠢᠯᠡᠮᠡᠯ ᠪᠣᠭᠤᠳᠠᠯ ᠵᠡᠷᠭᠡ ᠡᠭᠡᠭᠦᠯᠦᠨ ᠬᠤᠷᠢᠶᠠᠵᠤ ᠳᠠᠬᠢᠨ ᠠᠰᠢᠭᠯᠠᠵᠣ ᠪᠣᠯᠬᠤ ᠪᠠ ᠡᠬᠢ ᠪᠠᠶᠠᠯᠢᠭᠵᠢᠭᠤᠯᠤᠨ ᠠᠰᠢᠭᠯᠠᠵᠣ ᠪᠣᠯᠬᠤ ᠲᠥᠷᠥᠯ ᠳᠤ ᠲᠣᠬᠢᠷᠠᠬᠤ ᠬᠠᠶᠠᠭᠳᠠᠮᠠᠯ ᠪᠣᠳᠠᠰ ᠪᠠᠭᠲᠠᠨ᠎ᠠ᠃      ᠨᠣᠶᠢᠲᠠᠨ ᠬᠤᠭ ᠨᠣᠪᠰᠢ ︵ᠲᠣᠭᠤᠭᠠᠨ ᠭᠡᠷ ᠤᠨ ᠦᠯᠡᠭᠦᠦ ᠬᠤᠭ ᠨᠣᠪᠰᠢ︶᠃ ᠡᠭᠦᠨ ᠳᠤ ᠭᠤᠤᠯᠳᠠᠭᠤ᠄ ᠰᠠᠭᠤᠭᠠᠯᠢ ᠠᠷᠠᠳ ᠤᠨ ᠭᠡᠷ ᠪᠦᠯᠢ ᠶᠢᠨ ᠡᠳᠦᠷ ᠲᠤᠲᠤᠮ ᠤᠨ ᠠᠮᠢᠳᠤᠷᠠᠯ ᠳᠤ ᠪᠤᠢ ᠪᠣᠯᠤᠭᠰᠠᠨ ᠢᠳᠡᠭᠡᠨ ᠤ ᠦᠯᠡᠳᠡᠭᠳᠡᠯ ᠪᠣᠯᠣᠨ ᠢᠳᠡᠭᠡᠨ ᠪᠣᠯᠪᠠᠰᠣᠷᠠᠭᠤᠯᠣᠭᠰᠠᠨ ᠤ ᠳᠠᠷᠠᠭᠠᠬᠢ ᠬᠠᠶᠠᠭᠳᠠᠮᠠᠯ ᠪᠣᠳᠠᠰ ᠵᠡᠷᠭᠡ ᠠᠮᠠᠷᠬᠠᠨ ᠢᠯᠵᠢᠷᠡᠬᠦ ᠴᠢᠨᠠᠷᠲᠠᠶ ᠬᠤᠭ ᠨᠣᠪᠰᠢ︔ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠲᠠᠷᠢᠶᠠᠯᠠᠩ ᠤᠨ ᠪᠦᠲᠦᠭᠡᠭᠳᠡᠬᠦᠨ ᠢ ᠪᠥᠭᠡᠮ ᠢᠶᠠᠷ ᠬᠤᠳᠠᠯᠳᠤᠬᠤ ᠵᠠᠬ᠎ᠠ ᠳᠡᠯᠭᠡᠭᠦᠷ ᠵᠡᠷᠭᠡ ᠠᠴᠠ ᠡᠭᠦᠰᠦᠭᠰᠡᠨ ᠢᠳᠡᠰᠢᠨ ᠨᠣᠭᠤᠭ᠎ᠠ ᠭᠤᠸᠠ ᠵᠢᠮᠢᠰ ᠤᠨ ᠬᠤᠭ ᠨᠣᠪᠰᠢ᠂ ᠢᠯᠵᠢᠷᠡᠭᠰᠡᠨ ᠮᠢᠬ᠎ᠠ᠂ ᠬᠡᠮᠬᠡᠳᠡᠭ ᠶᠠᠰᠤ᠂ ᠥᠨᠳᠡᠭᠡᠨ ᠬᠠᠯᠢᠰᠤ᠂ ᠮᠠᠯ ᠵᠢᠭᠦᠷᠲᠡᠨ ᠤ ᠪᠦᠲᠦᠭᠡᠭᠳᠡᠬᠦᠨ ᠤ ᠳᠣᠲᠣᠷ ᠴᠤᠯᠤ ᠵᠡᠷᠭᠡ ᠠᠮᠠᠷᠬᠠᠨ ᠢᠯᠵᠢᠷᠡᠬᠦ ᠴᠢᠨᠠᠷᠲᠠᠶ ᠬᠤᠭ ᠨᠣᠪᠰᠢ︔ ᠰᠠᠭᠤᠭᠠᠯᠢ ᠠᠷᠠᠳ ᠤᠨ ᠡᠳᠦᠷ ᠲᠤᠲᠤᠮ ᠤᠨ ᠠᠮᠢᠳᠤᠷᠠᠯ ᠠᠴᠠ ᠭᠠᠳᠠᠨᠠᠬᠢ ᠢᠳᠡᠭᠡᠨ ᠤ ᠪᠣᠯᠪᠠᠰᠣᠷᠠᠭᠤᠯᠣᠯᠲᠠ᠂ ᠢᠳᠡᠭᠡᠨ ᠤᠮᠳᠠᠭᠠᠨ ᠤ ᠦᠢᠯᠡᠴᠢᠯᠡᠭᠡ᠂ ᠪᠠᠶᠢᠭᠤᠯᠭ᠎ᠠ ᠨᠢᠭᠡᠴᠡ ᠠᠴᠠ ᠬᠠᠩᠭᠠᠭᠰᠠᠨ ᠬᠤᠭᠤᠯᠠ ᠵᠡᠷᠭᠡ ᠠᠵᠢᠯᠯᠠᠭ᠎ᠠ ᠶᠢᠨ ᠳᠤᠮᠳᠠᠬᠢ ᠢᠳᠡᠭᠡᠨ ᠤ ᠦᠯᠡᠳᠡᠭᠳᠡᠯ ᠪᠣᠯᠤᠨ ᠢᠳᠡᠭᠡᠨ ᠢ ᠪᠣᠯᠪᠠᠰᠣᠷᠠᠭᠤᠯᠣᠭᠰᠠᠨ ᠬᠠᠶᠠᠭᠳᠠᠮᠠᠯ ᠡᠳ᠋ ᠵᠡᠷᠭᠡ ᠲᠣᠭᠤᠭᠠᠨ ᠭᠡᠷ ᠤᠨ ᠬᠤᠭ ᠨᠣᠪᠰᠢ ᠵᠡᠷᠭᠡ ᠪᠠᠭᠲᠠᠨ᠎ᠠ᠃      ᠬᠤᠣᠷᠲᠠᠢ ᠬᠤᠭ ᠨᠣᠪᠰᠢ ᠳᠤ ᠭᠤᠤᠯᠳᠠᠭᠤ᠄ ᠬᠠᠶᠠᠭᠳᠠᠮᠠᠯ ᠴᠡᠨᠡᠭ ︵ᠺᠠᠳ᠋ᠮᠢ ᠨᠢᠺᠧᠯ ᠴᠡᠨᠡᠭ᠂ ᠮᠥᠩᠭᠦᠨ ᠤᠰᠤᠨ ᠤ ᠢᠰᠦᠯ ᠤᠨ ᠴᠡᠨᠡᠭ᠂ ᠲᠤᠭᠤᠯᠭᠠᠨ ᠬᠡᠯᠬᠢᠶ᠎ᠡ ᠴᠡᠨᠡᠭ ᠵᠡᠷᠭᠡ︶᠂ ᠬᠠᠶᠠᠭᠳᠠᠮᠠᠯ ᠳ᠋ᠧᠩ ᠤᠨ ᠭᠤᠣᠷᠰᠣ ︵ᠴᠡᠭᠡᠨ ᠳ᠋ᠧᠩ ᠤᠨ ᠭᠤᠣᠷᠰᠣ᠂ ᠡᠨᠧᠷᠭᠢ ᠠᠷᠪᠢᠯᠠᠬᠤ ᠳ᠋ᠧᠩ ᠵᠡᠷᠭᠡ︶᠂ ᠬᠠᠶᠠᠭᠳᠠᠮᠠᠯ ᠳᠤᠯᠠᠭᠠᠨ ᠤ ᠬᠡᠮᠵᠢᠭᠦᠷ᠂ ᠬᠠᠶᠠᠭᠳᠠᠮᠠᠯ ᠴᠢᠰᠤᠨ ᠳᠠᠷᠤᠯᠲᠠ ᠶᠢᠨ ᠬᠡᠮᠵᠢᠭᠦᠷ᠂ ᠬᠠᠶᠠᠭᠳᠠᠮᠠᠯ ᠡᠮ ᠵᠢᠴᠢ ᠲᠡᠭᠦᠨ ᠤ ᠪᠠᠭᠯᠠᠭ᠎ᠠ ᠪᠣᠭᠤᠳᠠᠯ ᠤᠨ ᠡᠳ᠋ ᠂ ᠬᠠᠶᠠᠭᠳᠠᠮᠠᠯ ᠰᠢᠷ ᠪᠤᠳᠤᠭ᠂ ᠠᠭᠤᠰᠬᠠᠬᠤ ᠡᠮ ᠵᠢᠴᠢ ᠲᠡᠭᠦᠨ ᠤ ᠪᠠᠭᠯᠠᠭ᠎ᠠ ᠪᠣᠭᠤᠳᠠᠯ ᠤᠨ ᠡᠳ᠋᠂ ᠬᠠᠶᠠᠭᠳᠠᠮᠠᠯ ᠬᠤᠷᠣᠬᠠᠢ ᠠᠯᠬᠠᠣ ᠡᠳ᠋᠂ ᠬᠠᠶᠠᠭᠳᠠᠮᠠᠯ ᠠᠷᠢᠭᠤᠳᠬᠠᠭᠴᠢ ᠵᠢᠴᠢ ᠲᠡᠭᠦᠨ ᠤ ᠪᠠᠭᠯᠠᠭ᠎ᠠ ᠪᠣᠭᠤᠳᠠᠯ ᠤᠨ ᠡᠳ᠋᠂ ᠬᠠᠶᠠᠭᠳᠠᠮᠠᠯ ᠭᠡᠷᠡᠯ ᠵᠢᠷᠤᠭ ᠤᠨ ᠹᠢᠯᠢᠮ ᠵᠢᠴᠢ ᠬᠠᠶᠠᠭᠳᠠᠮᠠᠯ ᠰᠡᠭᠦᠳᠡᠷ ᠤᠨ ᠴᠠᠭᠠᠰᠤ ᠵᠡᠷᠭᠡ ᠪᠠᠭᠲᠠᠨ᠎ᠠ᠃      ᠬᠠᠭᠤᠷᠠᠶ ᠬᠤᠭ ᠨᠣᠪᠰᠢ ︵ᠪᠤᠰᠤᠳ ᠬᠤᠭ ᠨᠣᠪᠰᠢ︶ ᠳᠤ ᠭᠤᠤᠯᠳᠠᠭᠤ᠄ ᠪᠣᠬᠢᠷᠳᠤᠵᠤ ᠡᠪᠳᠡᠷᠡᠭᠰᠡᠨ ᠤ ᠳᠠᠷᠠᠭ᠎ᠠ ᠬᠤᠷᠢᠶᠠᠨ ᠠᠪᠴᠤ ᠠᠰᠢᠭᠯᠠᠬᠤ ᠳᠤ ᠲᠣᠬᠢᠷᠠᠮᠵᠢ ᠦᠭᠡᠢ ᠪᠣᠭᠤᠳᠠᠯ ᠪᠠᠭᠯᠠᠭ᠎ᠠ᠂ ᠬᠤᠭᠤᠯᠠᠨ ᠤ ᠴᠠᠭᠠᠰᠤ᠂ ᠵᠣᠷᠯᠣᠩ ᠤᠨ ᠴᠠᠭᠠᠰᠤ᠂ ᠴᠠᠭᠠᠰᠣᠨ ᠬᠦᠯᠲᠦᠭ᠂ ᠬᠤᠯᠣᠰᠣᠨ ᠮᠣᠳᠣ ᠪᠣᠯᠣᠨ ᠱᠠᠭᠠᠵᠠᠩ ᠤᠨ ᠬᠡᠯᠲᠡᠷᠬᠡᠢ ᠵᠡᠷᠭᠡ ᠬᠤᠷᠢᠶᠠᠨ ᠠᠪᠴᠤ ᠪᠣᠯᠬᠤ ᠪᠣᠳᠠᠰ᠂ ᠬᠤᠤᠷᠲᠠᠶ ᠬᠤᠭ ᠨᠣᠪᠰᠢ᠂ ᠨᠣᠶᠢᠲᠠᠨ ᠬᠤᠭ ᠨᠣᠪᠰᠢ ᠠᠴᠠ ᠪᠤᠰᠤᠳ ᠠᠮᠢᠳᠤᠷᠠᠯ ᠤᠨ ᠬᠤᠭ ᠨᠣᠪᠰᠢ ᠪᠠᠭᠲᠠᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶      2. ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠰᠠᠪᠠ ᠶᠢᠨ ᠲᠣᠬᠢᠷᠠᠭᠤᠯᠣᠯᠲᠠ ᠶᠢ ᠵᠢᠷᠣᠮᠵᠢᠭᠤᠯᠣᠨ᠎ᠠ᠃ ᠬᠤᠲᠠ ᠶᠢᠨ ᠣᠷᠣᠨ ᠰᠠᠭᠤᠴᠠ ᠶᠢᠨ ᠬᠤᠷᠢᠶᠠᠯᠠᠯ᠂ ᠪᠠᠶᠢᠭᠤᠯᠭ᠎ᠠ ᠨᠢᠭᠡᠴᠡ᠂ ᠣᠯᠠᠨ ᠨᠡᠶᠢᠲᠡ ᠶᠢᠨ ᠲᠠᠯᠠᠪᠤᠷ ᠲᠤ ᠲᠣᠭᠲᠠᠭᠠᠯ ᠶᠣᠰᠣᠭᠠᠷ᠂ ᠲᠥᠷᠥᠯ ᠬᠤᠪᠢᠶᠠᠨ ᠴᠤᠭᠯᠠᠭᠤᠯᠬᠤ ᠪᠠ ᠬᠠᠳᠠᠭᠠᠯᠠᠬᠤ ᠰᠠᠪᠠ ᠲᠣᠬᠢᠷᠠᠭᠤᠯᠵᠤ᠂ ᠲᠥᠷᠥᠯ ᠬᠤᠪᠢᠶᠠᠨ ᠴᠤᠭᠯᠠᠭᠤᠯᠬᠤ ᠰᠠᠪᠠ ᠶᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠠᠴᠠ ᠲᠣᠭᠲᠠᠭᠠᠯ ᠶᠣᠰᠣᠭᠠᠷ ᠲᠣᠬᠢᠷᠠᠭᠤᠯᠣᠨ᠎ᠠ᠃      ᠣᠷᠣᠨ ᠰᠠᠭᠤᠴᠠ ᠶᠢᠨ ᠬᠤᠷᠢᠶᠠᠯᠠᠯ᠄ ᠣᠷᠣᠨ ᠰᠠᠭᠤᠴᠠ ᠶᠢᠨ ᠬᠤᠷᠢᠶᠠᠯᠠᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠰᠠᠪᠠ ᠶᠢ ᠰᠢᠨᠵᠢᠯᠡᠬᠦ ᠤᠬᠠᠭᠠᠨᠴᠢ ᠪᠠᠷ ᠵᠦᠶ ᠵᠣᠬᠢᠰᠲᠠᠶ ᠲᠣᠬᠢᠷᠠᠭᠤᠯᠵᠤ᠂ ᠴᠤᠭᠯᠠᠭᠤᠯᠬᠤ ᠰᠠᠪᠠ ᠶᠢᠨ ᠲᠣᠬᠢᠷᠠᠭᠤᠯᠣᠯᠲᠠ ᠨᠢ ᠳᠥᠷᠪᠡᠨ ᠲᠥᠷᠥᠯ ᠬᠤᠪᠢᠶᠠᠭᠰᠠᠨ ᠬᠤᠭ ᠨᠣᠪᠰᠢ ᠬᠠᠶᠠᠬᠤ ᠬᠡᠷᠡᠭᠴᠡᠭᠡ ᠳᠤ ᠨᠡᠶᠢᠴᠡᠭᠰᠡᠨ ᠪᠠᠶᠢᠵᠤ᠂ ᠡᠭᠦᠨ ᠳᠤ ᠡᠭᠡᠭᠦᠯᠦᠨ ᠬᠤᠷᠢᠶᠠᠵᠤ ᠪᠣᠯᠬᠤ ᠪᠣᠳᠠᠰ ᠲᠤ ᠬᠥᠬᠡ ᠦᠩᠭᠡ ᠶᠢᠨ ᠴᠤᠭᠯᠠᠭᠤᠯᠬᠤ ᠰᠠᠪᠠ᠂ ᠨᠣᠶᠢᠲᠠᠨ ᠬᠤᠭ ᠨᠣᠪᠰᠢ ︵ᠲᠣᠭᠤᠭᠠᠨ ᠭᠡᠷ ᠤᠨ ᠢᠯᠡᠭᠦᠴᠡ ᠬᠤᠭ ᠨᠣᠪᠰᠢ︶ ᠳᠤ ᠨᠣᠭᠤᠭᠠᠨ ᠦᠩᠭᠡ ᠶᠢᠨ ᠴᠤᠭᠯᠠᠭᠤᠯᠬᠤ ᠰᠠᠪᠠ᠂ ᠬᠤᠣᠷᠲᠠᠢ ᠬᠤᠭ ᠨᠣᠪᠰᠢ ᠳᠤ ᠤᠯᠠᠭᠠᠨ ᠥᠩᠭᠡ ᠶᠢᠨ ᠴᠤᠭᠯᠠᠭᠤᠯᠬᠤ ᠰᠠᠪᠠ᠂ ᠬᠠᠭᠤᠷᠠᠶ ᠬᠤᠭ ᠨᠣᠪᠰᠢ ︵ᠪᠤᠰᠤᠳ ᠬᠤᠭ ᠨᠣᠪᠰᠢ︶ ᠳᠤ ᠬᠠᠷ᠎ᠠ ᠥᠩᠭᠡ ᠶᠢᠨ ᠴᠤᠭᠯᠠᠭᠤᠯᠬᠤ ᠰᠠᠪᠠ ᠲᠣᠬᠢᠷᠠᠭᠤᠯᠣᠨ᠎ᠠ᠃ ᠣᠷᠣᠨ ᠰᠠᠭᠤᠴᠠ ᠶᠢᠨ ᠬᠤᠷᠢᠶᠠᠯᠠᠯ ᠤᠨ ᠬᠤᠭ ᠨᠣᠪᠰᠢ ᠶᠢᠨ ᠰᠠᠪᠠ ᠲᠠᠯᠪᠢᠬᠤ ᠭᠡᠷ ᠪᠤᠶᠤ ᠬᠤᠭ ᠨᠣᠪᠰᠢ ᠰᠢᠬᠠᠬᠤ ᠦᠷᠲᠡᠭᠡ ᠨᠢ ᠳᠥᠷᠪᠡᠨ ᠲᠥᠷᠥᠯ ᠬᠤᠪᠢᠶᠠᠭᠰᠠᠨ ᠬᠤᠭ ᠨᠣᠪᠰᠢ ᠴᠤᠭᠯᠠᠭᠤᠯᠬᠤ ᠰᠠᠪᠠ ᠶᠢ ᠪᠦᠯᠦᠭᠯᠡᠨ ᠲᠣᠬᠢᠷᠠᠭᠤᠯᠵᠤ᠂ ᠨᠥᠬᠦᠴᠡᠯ ᠲᠠᠢ ᠨᠢ ᠴᠢᠨᠠᠭᠰᠢᠳᠠ ᠨᠠᠷᠢᠯᠢᠭᠵᠢᠭᠤᠯᠣᠨ ᠡᠭᠡᠭᠦᠯᠦᠨ ᠬᠤᠷᠢᠶᠠᠵᠤ ᠪᠣᠯᠬᠤ ᠪᠣᠳᠠᠰ ᠢ ᠬᠤᠷᠢᠶᠠᠨ ᠠᠪᠬᠤ ᠰᠠᠪᠠ ᠶᠢ ᠲᠣᠬᠢᠷᠠᠭᠤᠯᠬᠤ ᠪᠤᠶᠤ ᠡᠭᠡᠭᠦᠯᠦᠨ ᠬᠤᠷᠢᠶᠠᠵᠣ ᠪᠣᠯᠬᠤ ᠪᠣᠳᠠᠰ ᠢ ᠪᠣᠭᠤᠳᠠᠯᠯᠠᠵᠤ ᠪᠣᠯᠬᠤ ᠲᠥᠬᠦᠭᠡᠷᠦᠮᠵᠢ ᠲᠣᠬᠢᠷᠠᠭᠤᠯᠵᠤ ᠪᠣᠯᠤᠨ᠎ᠠ᠃      ᠪᠠᠶᠢᠭᠤᠯᠭ᠎ᠠ ᠨᠢᠭᠡᠴᠡ᠄ ᠠᠯᠪᠠᠨ ᠤ ᠭᠠᠵᠠᠷ ᠪᠣᠯᠣᠨ ᠡᠵᠡᠩᠨᠡᠯᠲᠡ ᠶᠢᠨ ᠲᠠᠯᠠᠪᠣᠷ ᠲᠤ ᠬᠤᠤᠷᠲᠠᠶ ᠬᠤᠭ ᠨᠣᠪᠰᠢ ᠂ ᠬᠠᠭᠤᠷᠠᠶ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠵᠢᠴᠢ ᠡᠭᠡᠭᠦᠯᠦᠨ ᠬᠤᠷᠢᠶᠠᠵᠣ ᠪᠣᠯᠬᠤ ᠪᠣᠳᠠᠰ ᠢ ᠬᠤᠷᠢᠶᠠᠨ ᠴᠤᠭᠯᠠᠭᠤᠯᠬᠤ ᠰᠠᠪᠠ ᠪᠤᠶᠤ ᠲᠠᠯᠪᠢᠬᠤ ᠴᠡᠭ ᠭᠠᠷᠭᠠᠨ᠎ᠠ᠃ ᠬᠤᠭᠤᠯᠠᠨ ᠭᠡᠷ ᠪᠠᠶᠢᠬᠤ ᠪᠤᠶᠤ ᠬᠤᠭᠤᠯᠠᠨ ᠭᠡᠷ ᠪᠠᠶᠢᠬᠤ ᠦᠭᠡᠢ ᠪᠣᠯᠪᠠᠴᠤ ᠲᠥᠪᠯᠡᠷᠡᠭᠦᠯᠦᠨ ᠬᠤᠭᠤᠯᠠ ᠬᠠᠩᠭᠠᠵᠤ ᠪᠠᠶᠢᠭ᠎ᠠ ᠨᠢᠭᠡᠴᠡ ᠢᠳᠡᠭᠡᠨ ᠪᠣᠯᠪᠠᠰᠣᠷᠠᠭᠤᠯᠬᠤ ᠵᠢᠴᠢ ᠬᠤᠭᠤᠯᠠ ᠢᠳᠡᠵᠦ ᠪᠠᠶᠢᠭ᠎ᠠ ᠭᠠᠵᠠᠷ ᠲᠤ ᠲᠣᠭᠤᠭᠠᠨ ᠭᠡᠷ ᠤᠨ ᠬᠤᠭ ᠨᠣᠪᠰᠢ ᠴᠤᠭᠯᠠᠭᠤᠯᠬᠤ ᠰᠠᠪᠠ ᠲᠣᠬᠢᠷᠠᠭᠤᠯᠣᠨ᠎ᠠ᠃ ᠪᠠᠶᠢᠭᠤᠯᠭ᠎ᠠ ᠨᠢᠭᠡᠴᠡ ᠨᠢ ᠬᠤᠭ ᠨᠣᠪᠰᠢ ᠶᠢᠨ ᠰᠠᠪᠠ ᠲᠠᠯᠪᠢᠬᠤ ᠭᠡᠷ ᠲᠣᠬᠢᠷᠠᠭᠤᠯᠤᠭᠰᠠᠨ ᠪᠠᠶᠢᠪᠠᠯ᠂ ᠬᠤᠣᠷᠲᠠᠢ ᠬᠤᠭ ᠨᠣᠪᠰᠢ᠂ ᠡᠭᠡᠭᠦᠯᠦᠨ ᠬᠤᠷᠢᠶᠠᠵᠤ ᠪᠣᠯᠬᠤ ᠪᠣᠳᠠᠰ᠂ ᠬᠠᠭᠤᠷᠠᠶ ᠬᠤᠭ ᠨᠣᠪᠰᠢ ᠶᠢ ᠬᠤᠷᠢᠶᠠᠨ ᠴᠤᠭᠯᠠᠭᠤᠯᠬᠤ ᠰᠠᠪᠠ ᠶᠢ ᠪᠦᠯᠦᠭᠯᠡᠨ ᠲᠣᠬᠢᠷᠠᠭᠤᠯᠣᠨ᠎ᠠ︔ ᠲᠣᠭᠤᠭᠠᠨ ᠭᠡᠷ ᠤᠨ ᠬᠤᠭ ᠨᠣᠪᠰᠢ ᠭᠠᠷᠳᠠᠭ ᠪᠠᠶᠢᠪᠠᠯ᠂ ᠲᠣᠭᠤᠭᠠᠨ ᠭᠡᠷ ᠤᠨ ᠬᠤᠭ ᠨᠣᠪᠰᠢ ᠴᠤᠭᠯᠠᠭᠤᠯᠬᠤ ᠰᠠᠪᠠ ᠲᠣᠬᠢᠷᠠᠭᠤᠯᠣᠨ᠎ᠠ᠃      ᠣᠯᠠᠨ ᠨᠡᠶᠢᠲᠡ ᠶᠢᠨ ᠲᠠᠯᠠᠪᠤᠷ᠄ ᠵᠠᠮ᠂ ᠠᠭᠤᠳᠠᠮ ᠲᠠᠯᠠᠪᠠᠢ᠂ ᠴᠡᠴᠡᠷᠯᠢᠭ᠂ ᠵᠦᠯᠭᠡ᠂ ᠨᠢᠰᠬᠡᠯ ᠤᠨ ᠪᠠᠭᠤᠳᠠᠯ ᠂ ᠠᠶᠠᠨᠴᠢᠳ ᠤᠨ ᠲᠡᠭᠡᠭᠡᠪᠦᠷᠢ ᠶᠢᠨ ᠥᠷᠲᠡᠭᠡ᠂ ᠵᠢᠮᠲᠦ ᠵᠠᠮ ᠬᠠᠷᠢᠯᠴᠠᠭᠠᠨ ᠤ ᠥᠷᠲᠡᠭᠡ ᠵᠢᠴᠢ ᠵᠢᠭᠤᠯᠴᠢᠯᠠᠯ᠂ ᠰᠣᠶᠣᠯ᠂ ᠪᠡᠶ᠎ᠡ ᠶᠢᠨ ᠲᠠᠮᠢᠷ᠂ ᠵᠤᠭ᠎ᠠ ᠴᠡᠩᠭᠡᠯ᠂ ᠬᠤᠳᠠᠯᠳᠤᠭ᠎ᠠ ᠵᠡᠷᠭᠡ ᠣᠯᠠᠨ ᠨᠡᠶᠢᠲᠡ ᠶᠢᠨ ᠲᠠᠯᠠᠪᠤᠷ ᠲᠤ ᠡᠭᠡᠭᠦᠯᠦᠨ ᠬᠤᠷᠢᠶᠠᠵᠣ ᠪᠣᠯᠬᠤ ᠪᠣᠳᠠᠰ ᠵᠢᠴᠢ ᠪᠤᠰᠤᠳ ᠲᠥᠷᠥᠯ ᠤᠨ ᠬᠤᠭ ᠨᠣᠪᠰᠢ ᠶᠢᠨ ︽ᠬᠤᠶᠠᠷ ᠰᠠᠭᠤᠯᠭ᠎ᠠ ᠮᠠᠶ᠋ᠢᠭ︾ ᠤᠨ ᠬᠤᠷᠢᠶᠠᠨ ᠴᠤᠭᠯᠠᠭᠤᠯᠬᠤ ᠰᠠᠪᠠ ᠲᠣᠬᠢᠷᠠᠭᠤᠯᠣᠨ᠎ᠠ᠃ ᠭᠡᠪᠡᠴᠦ ᠨᠣᠶᠢᠲᠠᠨ ᠬᠤᠭ ᠨᠣᠪᠰᠢ ᠭᠠᠷᠬᠤ ᠬᠡᠮᠵᠢᠶ᠎ᠡ ᠨᠢ ᠨᠡᠯᠢᠶᠡᠳ ᠠᠷᠪᠢᠨ ᠣᠯᠠᠨ ᠨᠡᠶᠢᠲᠡ ᠶᠢᠨ ᠲᠠᠯᠠᠪᠤᠷ ᠲᠤ ᠨᠣᠶᠢᠲᠠᠨ ᠬᠤᠭ ᠨᠣᠪᠰᠢ ᠶᠢ ᠬᠤᠷᠢᠶᠠᠵᠤ ᠴᠤᠭᠯᠠᠭᠤᠯᠬᠤ ᠰᠠᠪᠠ ᠲᠣᠬᠢᠷᠠᠭᠤᠯᠬᠤ ᠪᠠᠨ ᠨᠡᠮᠡᠭᠳᠡᠭᠦᠯᠦᠨ᠎ᠡ᠃ ᠲᠦᠷ ᠴᠠᠭ ᠤᠨ ᠲᠣᠮᠣ ᠬᠡᠯᠪᠡᠷᠢ ᠶᠢᠨ ᠠᠵᠢᠯᠯᠠᠭ᠎ᠠ ᠶᠢᠨ ᠲᠠᠯᠠᠪᠣᠷ ᠲᠤ ᠠᠵᠢᠯᠯᠠᠭᠠᠨ ᠤ ᠲᠣᠬᠢᠷᠠᠭᠤᠯᠤᠯᠲᠠ ᠵᠢᠴᠢ ᠦᠢᠯᠡᠴᠢᠯᠡᠭᠡᠨ ᠤ ᠠᠭᠤᠯᠭ᠎ᠠ ᠶᠢ ᠦᠨᠳᠦᠰᠦᠯᠡᠨ᠂ ᠠᠵᠢᠯᠯᠠᠭ᠎ᠠ ᠶᠢᠨ ᠬᠤᠭᠤᠴᠠᠭᠠᠨ ᠳᠤ ᠲᠥᠷᠥᠯ ᠬᠤᠪᠢᠶᠠᠨ ᠬᠠᠶᠠᠬᠤ ᠰᠠᠪᠠ ᠲᠣᠬᠢᠷᠠᠭᠤᠯᠣᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ︶      3. ᠠᠯᠪᠠᠳᠠᠯᠭ᠎ᠠ ᠪᠠᠷ ᠲᠥᠷᠥᠯ ᠬᠤᠪᠢᠶᠠᠨ ᠬᠡᠷᠡᠭᠵᠢᠭᠦᠯᠬᠦ ᠬᠦᠷᠢᠶ᠎ᠡ ᠬᠡᠪᠴᠢᠶ᠎ᠡ ᠶᠢ ᠯᠠᠪᠳᠠᠭᠤᠨ ᠢᠶᠠᠷ ᠥᠷᠭᠡᠳᠬᠡᠨ᠎ᠡ᠃ ︽ᠤᠷᠢᠳᠠᠪᠠᠷ ᠨᠠᠮ ᠵᠠᠰᠠᠭ ᠤᠨ ᠪᠠᠶᠢᠭᠤᠯᠭ᠎ᠠ ᠵᠢᠴᠢ ᠣᠯᠠᠨ ᠨᠡᠶᠢᠲᠡ ᠶᠢᠨ ᠪᠠᠶᠢᠭᠤᠯᠤᠮᠵᠢ᠂ ᠳᠠᠷᠠᠭ᠎ᠠ ᠨᠢ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ᠂ ᠰᠠᠭᠤᠭᠠᠯᠢ ᠠᠷᠠᠳ ᠤᠨ ᠬᠤᠷᠢᠶᠠᠯᠠᠯ ᠳᠤ ᠪᠦᠬᠦ ᠲᠠᠯ᠎ᠠ ᠪᠠᠷ ᠪᠦᠷᠬᠦᠭᠦᠯᠬᠦ︾ ᠲᠣᠬᠢᠷᠠᠭᠤᠯᠤᠯᠲᠠ ᠶᠣᠰᠣᠭᠠᠷ᠂ ᠠᠮᠢᠳᠤᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠠᠯᠬᠤᠮ ᠬᠤᠪᠢᠶᠠᠨ ᠲᠦᠯᠬᠢᠨ ᠠᠬᠢᠭᠤᠯᠣᠨ᠎ᠠ᠃ ᠨᠠᠮ ᠵᠠᠰᠠᠭ ᠤᠨ ᠪᠠᠶᠢᠭᠤᠯᠭ᠎ᠠ ᠵᠢᠴᠢ ᠣᠯᠠᠨ ᠨᠡᠶᠢᠲᠡ ᠶᠢᠨ ᠪᠠᠶᠢᠭᠤᠯᠤᠮᠵᠢ ᠶᠢᠨ ᠤᠷᠢᠳᠠᠪᠠᠷ ᠬᠡᠷᠡᠭᠵᠢᠭᠦᠯᠬᠦ ᠶᠢ ᠪᠠᠷᠢᠮᠲᠠᠯᠠᠵᠤ᠂ ᠪᠠᠶᠢᠭᠤᠯᠭ᠎ᠠ ᠨᠢᠭᠡᠴᠡ ᠶᠢᠨ ᠠᠮᠢᠳᠣᠷᠠᠯ ᠤᠨ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠶᠢ ᠲᠦᠷᠭᠡᠳᠬᠡᠨ ᠬᠡᠷᠡᠭᠵᠢᠭᠦᠯᠦᠨ᠎ᠡ᠃ ᠰᠠᠭᠤᠭᠠᠯᠢ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠪᠠᠲᠣᠳᠬᠠᠵᠣ᠂ ᠳᠡᠭᠡᠭᠰᠢᠯᠡᠭᠦᠯᠦᠨ᠂ ᠥᠷᠭᠡᠳᠬᠡᠵᠦ᠂ ᠬᠤᠭ ᠨᠣᠪᠰᠢ ᠶᠢ ᠲᠥᠷᠥᠯ ᠬᠤᠪᠢᠶᠠᠬᠤ ᠵᠢᠱᠢᠶ᠎ᠡ ᠦᠵᠡᠭᠦᠯᠬᠦ ᠣᠷᠣᠨ ᠰᠠᠭᠤᠴᠠ ᠶᠢᠨ ᠬᠤᠷᠢᠶᠠᠯᠠᠯ ᠢ ᠡᠭᠦᠳᠦᠨ ᠪᠠᠶᠢᠭᠤᠯᠬᠤ ᠶᠢ ᠠᠬᠢᠭᠤᠯᠵᠤ᠂ ᠬᠤᠭ ᠨᠣᠪᠰᠢ ᠶᠢ ᠲᠥᠷᠥᠯ ᠬᠤᠪᠢᠶᠠᠬᠤ ᠪᠣᠳᠠᠲᠤ ᠦᠷ᠎ᠡ ᠪᠦᠲᠦᠮᠵᠢ ᠶᠢ ᠲᠠᠰᠤᠷᠠᠯᠲᠠ ᠥᠬᠡᠶ ᠳᠡᠭᠡᠭᠰᠢᠯᠡᠭᠦᠯᠦᠨ᠎ᠡ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ᠂ ᠪᠠᠶᠢᠭᠤᠯᠭ᠎ᠠ ᠶᠢᠨ ᠶᠠᠪᠤᠳᠠᠯ ᠤᠨ ᠬᠠᠮᠢᠶᠠᠷᠤᠯᠲᠠ ᠶᠢᠨ ᠲᠣᠪᠴᠢᠶ᠎ᠠ︶      4. ᠠᠯᠪᠠᠳᠠᠯᠭ᠎ᠠ ᠪᠠᠷ ᠲᠥᠷᠥᠯ ᠬᠤᠪᠢᠶᠠᠬᠤ ᠬᠠᠤᠯᠢ ᠬᠡᠷᠡᠭᠵᠢᠭᠦᠯᠦᠯᠲᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠲᠥᠷᠥᠯ ᠬᠤᠪᠢᠶᠠᠬᠤ ᠡᠭᠦᠷᠭᠡ᠂ ᠲᠥᠷᠥᠯ ᠬᠤᠪᠢᠶᠠᠬᠤ ᠪᠠᠷᠢᠮᠵᠢᠶ᠎ᠠ᠂ ᠲᠥᠷᠥᠯ ᠬᠤᠪᠢᠶᠠᠨ ᠬᠠᠶᠠᠬᠤ ᠬᠠᠮᠢᠶᠠᠷᠤᠯᠲᠠ ᠶᠢᠨ ᠬᠠᠷᠢᠭᠤᠴᠠᠯᠭ᠎ᠠ ᠵᠡᠷᠭᠡ ᠮᠡᠳᠡᠭᠳᠡᠬᠦ ᠠᠵᠢᠯ ᠢ ᠰᠠᠶᠢᠲᠤᠷ ᠬᠢᠬᠦ ᠶᠢᠨ ᠬᠠᠮᠲᠤ ᠡᠳᠦᠷ ᠲᠤᠲᠤᠮ ᠤᠨ ᠰᠢᠮᠳᠠᠭᠤᠯᠤᠨ ᠬᠠᠮᠢᠶᠠᠷᠬᠤ ᠪᠠ ᠵᠢᠯᠣᠭᠤᠳᠬᠤ ᠪᠠᠨ ᠴᠢᠩᠭᠠᠳᠬᠠᠵᠤ᠂ ᠬᠤᠭ ᠨᠣᠪᠰᠢ ᠶᠢ ᠲᠥᠷᠥᠯ ᠬᠤᠪᠢᠶᠠᠬᠤ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠠᠭ ᠲᠤᠬᠠᠶ ᠳᠤᠨᠢ ᠬᠤᠷᠢᠭᠯᠠᠨ ᠵᠣᠭᠰᠣᠭᠠᠬᠤ ᠶᠢᠨ ᠬᠠᠮᠲᠤ ᠰᠢᠮᠳᠠᠭᠤᠯᠤᠨ ᠴᠡᠭᠴᠡᠯᠡᠨ ᠰᠠᠶᠢᠵᠢᠷᠠᠭᠤᠯᠣᠨ᠎ᠠ︔ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠬᠦ ᠦᠭᠡᠢ ᠶᠢ ᠨᠢ ᠲᠣᠭᠲᠠᠭᠠᠯ ᠶᠣᠰᠣᠭᠠᠷ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠠᠴᠠ ᠰᠢᠢᠳᠬᠡᠨ ᠲᠣᠷᠭᠠᠨ᠎ᠠ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ ᠬᠠᠤᠯᠢ ᠲᠣᠭᠲᠠᠭᠠᠯ ᠶᠣᠰᠣᠭᠠᠷ᠂ ᠬᠤᠭ ᠨᠣᠪᠰᠢ ᠶᠢ ᠲᠥᠷᠥᠯ ᠬᠤᠪᠢᠶᠠᠬᠤ ᠬᠠᠤᠯᠢ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠣᠭᠤᠷᠢᠨ ᠪᠠᠶᠢᠴᠠᠭᠠᠵᠤ ᠬᠠᠤᠯᠢ ᠬᠡᠷᠡᠭᠵᠢᠭᠦᠯᠬᠦ ᠪᠠᠨ ᠴᠢᠩᠭᠠᠳᠬᠠᠵᠤ᠂ ᠲᠥᠷᠥᠯ ᠬᠤᠪᠢᠶᠠᠬᠤ ᠡᠭᠦᠷᠭᠡ ᠪᠠᠨ ᠭᠦᠢᠴᠡᠳᠬᠡᠬᠦ ᠶᠢ ᠲᠡᠪᠴᠢᠭᠰᠡᠨ ᠨᠢᠭᠡᠴᠡ ᠵᠢᠴᠢ ᠬᠤᠪᠢ ᠬᠥᠮᠦᠨ ᠢ ᠬᠠᠤᠯᠢ ᠲᠣᠭᠲᠠᠭᠠᠯ ᠶᠣᠰᠣᠭᠠᠷ  ᠴᠢᠩᠭ᠎ᠠ ᠪᠠᠶᠢᠴᠠᠭᠠᠨ᠂ ᠬᠠᠣᠯᠢ ᠶᠢ ᠴᠢᠩᠭ᠎ᠠ ᠬᠡᠷᠡᠭᠵᠢᠭᠦᠯᠦᠨ᠎ᠡ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶      ︵ᠬᠤᠶᠠᠷ︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠶᠠᠰᠤ ᠴᠢᠨᠠᠷ ᠢ ᠬᠦᠴᠦᠯᠡᠨ ᠳᠡᠭᠡᠭᠰᠢᠯᠡᠭᠦᠯᠦᠨ᠎ᠡ      1. ᠠᠮᠢᠳᠤᠷᠠᠯ ᠤᠨ ᠬᠤᠭ ᠨᠣᠪᠰᠢ ᠶᠢ ︽ᠲᠣᠭᠲᠠᠭᠰᠠᠨ ᠴᠠᠭ ᠲᠣᠭᠲᠠᠭᠰᠠᠨ ᠴᠡᠭ︾ ᠲᠤ ᠬᠠᠶᠠᠬᠤ ᠶᠢ ᠠᠯᠬᠤᠮ ᠠᠯᠬᠤᠮ ᠢᠶᠠᠷ ᠬᠡᠷᠡᠭᠵᠢᠭᠦᠯᠦᠨ᠎ᠡ᠃ ᠨᠦᠬᠦᠴᠡᠯ ᠲᠠᠢ ᠰᠠᠭᠤᠭᠠᠯᠢ ᠠᠷᠠᠳ ᠤᠨ ᠬᠤᠷᠢᠶᠠᠯᠠᠯ ᠤᠨ ᠠᠮᠢᠳᠤᠷᠠᠯ ᠤᠨ ᠬᠤᠭ ᠨᠣᠪᠰᠢ ᠪᠠᠨ ︽ᠲᠣᠭᠲᠠᠭᠰᠠᠨ ᠴᠠᠭ ᠲᠣᠭᠲᠠᠭᠰᠠᠨ ᠴᠡᠭ︾ ᠲᠤ ᠬᠠᠶᠠᠬᠤ ᠶᠢ ᠬᠡᠷᠡᠭᠵᠢᠭᠦᠯᠬᠦ ᠶᠢ ᠵᠣᠷᠢᠭᠵᠢᠭᠤᠯᠵᠤ᠂ ᠠᠳᠠᠯᠢ ᠪᠤᠰᠤ ᠲᠦᠷᠥᠯ ᠤᠨ ᠣᠷᠣᠨ ᠰᠠᠭᠤᠴᠠ ᠶᠢᠨ ᠬᠤᠷᠢᠶᠠᠯᠠᠯ ᠤᠨ ᠪᠣᠳᠠᠲᠤ ᠪᠠᠶᠢᠳᠠᠯ ᠢ ᠦᠨᠳᠦᠰᠦᠯᠡᠨ᠂ ᠲᠣᠭᠲᠠᠭᠰᠠᠨ ᠴᠠᠭ ᠲᠣᠭᠲᠠᠭᠰᠠᠨ ᠴᠡᠭ ᠲᠤ ᠲᠥᠷᠥᠯ ᠬᠤᠪᠢᠶᠠᠨ ᠬᠠᠶᠠᠬᠤ ᠴᠡᠭ ᠪᠠᠶᠢᠷᠢᠯᠠᠭᠤᠯᠬᠤ᠂ ᠬᠤᠭ ᠬᠠᠶᠠᠬᠤ ᠴᠠᠭ ᠤᠨ ᠲᠣᠬᠢᠷᠠᠭᠤᠯᠤᠯᠲᠠ ᠵᠢᠴᠢ ᠲᠥᠷᠥᠯ ᠬᠤᠪᠢᠶᠠᠨ ᠬᠠᠶᠠᠬᠤ ᠵᠢᠷᠤᠮᠵᠢᠯ ᠵᠡᠷᠭᠡ ᠶᠢ ᠲᠤᠬᠠᠶ ᠶᠢᠨ ᠭᠠᠵᠠᠷ ᠤᠨ ᠪᠠᠶᠢᠳᠠᠯ ᠳᠤᠨᠢ ᠲᠤᠬᠢᠷᠠᠭᠤᠯᠤᠨ ᠲᠣᠭᠲᠠᠭᠠᠨ᠎ᠠ᠃ ᠠᠳᠠᠯ ᠠᠬᠤᠢ ᠶᠢᠨ ᠠᠵᠤ ᠠᠬᠤᠶᠢᠯᠠᠯ᠂ ᠨᠡᠶᠢᠭᠡᠮ ᠲᠣᠭᠤᠷᠢᠭ ᠵᠡᠷᠭᠡ ᠶᠢᠨ ᠲᠥᠷᠥᠯ ᠬᠤᠪᠢᠶᠠᠨ ᠬᠠᠶᠠᠬᠤ ᠶᠢ ᠬᠠᠷᠢᠭᠤᠴᠠᠬᠤ ᠬᠦᠮᠦᠨ ᠨᠢ ᠰᠠᠭᠤᠭᠠᠯᠢ ᠠᠷᠠᠳ ᠤᠨ ᠲᠣᠭᠲᠠᠭᠰᠠᠨ ᠴᠠᠭ ᠲᠣᠭᠲᠠᠭᠰᠠᠨ ᠴᠡᠭ ᠲᠤ ᠬᠤᠭ ᠬᠠᠶᠠᠬᠤ ᠶᠢ ᠤᠬᠠᠭᠤᠯᠵᠤ ᠬᠥᠲᠥᠯᠥᠨ ᠵᠢᠯᠣᠭᠤᠳᠬᠤ ᠵᠢᠴᠢ ᠡᠳᠦᠷ ᠲᠤᠲᠤᠮ ᠤᠨ ᠬᠢᠨᠠᠯᠲᠠ ᠬᠠᠮᠢᠶᠠᠷᠤᠯᠲᠠ ᠶᠢ ᠰᠠᠶᠢᠲᠤᠷ ᠬᠢᠨ᠎ᠡ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ︶      2. ︽ᠬᠤᠶᠠᠷ ᠲᠣᠣᠷ ᠤᠨ ᠠᠭᠤᠰᠤᠯᠴᠠᠯ︾ ᠢ ᠲᠦᠷᠭᠡᠳᠬᠡᠨ ᠠᠬᠢᠭᠤᠯᠤᠨ᠎ᠠ᠃ ︽ᠰᠠᠯᠭᠠᠨ ᠨᠡᠶᠢᠯᠡᠭᠦᠯᠵᠦ ᠪᠣᠯᠬᠤ᠂ ᠲᠥᠷᠥᠯ ᠬᠡᠰᠡᠭᠯᠡᠯ ᠬᠤᠪᠢᠶᠠᠬᠤ︾ ᠵᠠᠷᠴᠢᠮ ᠶᠣᠰᠣᠭᠠᠷ᠂ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠢᠯᠭᠠᠷᠠᠭᠤᠯᠵᠤ᠂ ᠣᠷᠣᠨ ᠰᠠᠭᠤᠴᠠ ᠶᠢᠨ ᠲᠣᠭᠤᠷᠢᠭ ᠤᠨ ᠳᠠᠬᠢᠯᠲᠠ ᠡᠬᠢ ᠪᠠᠶᠠᠯᠢᠭ ᠢᠡᠭᠡᠭᠦᠯᠦᠨ ᠬᠤᠷᠢᠶᠠᠵᠤ ᠠᠪᠬᠤ ᠰᠢᠰᠲ᠋ᠧᠮᠵᠢ ᠬᠢᠭᠡᠳ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠠᠪᠴᠤ ᠲᠡᠭᠡᠭᠡᠪᠦᠷᠢᠯᠡᠬᠦ ᠰᠢᠰᠲ᠋ᠧᠮᠵᠢ ᠶᠢᠨ ︽ᠬᠤᠶᠠᠷ ᠲᠣᠤᠷ ᠤᠨ ᠠᠭᠤᠰᠣᠯᠴᠠᠯ︾ ᠢ ᠲᠦᠷᠭᠡᠳᠬᠡᠨ ᠠᠬᠢᠭᠤᠯᠣᠨ᠎ᠠ᠃ ᠡᠬᠢ ᠪᠣᠯᠬᠤ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠴᠡᠭ ᠪᠣᠯᠤᠨ ᠳᠠᠬᠢᠯᠲᠠ ᠡᠬᠢ ᠪᠠᠶᠠᠯᠢᠭ ᠢ ᠲᠠᠯᠪᠢᠬᠤ ᠣᠭᠲᠣᠯᠣᠯᠴᠠᠯ ᠴᠡᠭ ᠤᠨ ᠠᠭᠤᠰᠤᠯᠴᠠᠯ ᠢ ᠲᠦᠯᠬᠢᠨ ᠠᠬᠢᠭᠤᠯᠤᠨ᠎ᠠ᠃ ᠪᠠᠷᠢᠮᠵᠢᠶᠠᠵᠢᠭᠤᠯᠤᠭᠰᠠᠨ ᠢᠳᠡᠰᠢᠨ ᠨᠣᠭᠤᠭ᠎ᠠ ᠶᠢᠨ ᠵᠠᠬ᠎ᠠ ᠳᠡᠯᠭᠡᠭᠦᠷ᠂ ᠬᠡᠯᠬᠢᠶᠡᠵᠢᠭᠰᠡᠨ ᠠᠵᠤ ᠠᠬᠤᠶᠢᠯᠠᠯ᠂ ᠬᠤᠳᠠᠯᠳᠤᠭᠠᠨ ᠤ ᠠᠰᠠᠷ ᠵᠡᠷᠭᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠡ ᠨᠢ ᠬᠤᠭ ᠨᠣᠪᠰᠢ ᠶᠢ ᠠᠯᠪᠠᠳᠠᠯᠭ᠎ᠠ ᠪᠠᠷ ᠲᠥᠷᠥᠯ ᠬᠤᠪᠢᠶᠠᠬᠤ ᠲᠠᠢ ᠤᠶᠠᠯᠳᠤᠭᠤᠯᠤᠨ ︽ᠬᠤᠶᠠᠷ ᠲᠣᠣᠷ ᠤᠨ ᠠᠭᠤᠰᠣᠯᠴᠠᠯ︾ ᠤᠨ ᠠᠵᠢᠯ ᠢ ᠥᠷᠨᠢᠭᠦᠯᠬᠦ ᠶᠢ ᠠᠬᠢᠭᠤᠯᠤᠨ᠎ᠠ᠃ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠬᠥᠮᠦᠰ᠂ ᠠᠮᠢᠳᠤᠷᠠᠯ ᠤᠨ ᠬᠤᠭ ᠨᠣᠪᠰᠢ ᠢᠯᠭᠠᠬᠤ ᠬᠥᠮᠦᠰ ᠲᠤ ︽ᠨᠢᠭᠡ ᠠᠵᠢᠯ ᠤᠨ ᠪᠠᠶᠢᠷᠢ ᠳᠤ ᠬᠤᠶᠠᠷ ᠲᠤᠰᠢᠶᠠᠯ ᠡᠭᠦᠷᠭᠡᠯᠡᠬᠦ︾ ᠶᠢ ᠬᠡᠷᠡᠭᠵᠢᠭᠦᠯᠵᠦ᠂ ︽ᠨᠢᠭᠡᠳᠦᠯᠲᠡᠶ ᠲᠡᠮᠳᠡᠭ᠂ ᠨᠢᠭᠡᠳᠦᠯᠲᠡᠶ ᠲᠡᠷᠭᠡ ᠬᠥᠰᠬᠡ᠂ ᠨᠢᠭᠡᠳᠦᠯᠲᠡᠶ ᠬᠤᠪᠴᠠᠰᠤ ᠬᠤᠨᠠᠷ᠂ ᠨᠢᠭᠡᠳᠦᠯᠲᠡᠶ ᠦᠢᠯᠡᠴᠢᠯᠡᠭᠡᠨ ᠤ ᠵᠢᠷᠤᠮᠵᠢᠯ︾ ᠤᠨ ᠬᠠᠮᠢᠶᠠᠷᠤᠯᠲᠠ ᠶᠢ ᠠᠯᠬᠤᠮ ᠠᠯᠬᠤᠮ ᠢᠶᠠᠷ ᠪᠡᠶᠡᠯᠡᠭᠦᠯᠦᠨ᠎ᠡ᠃ ᠡᠭᠡᠭᠦᠯᠦᠨ ᠬᠤᠷᠢᠶᠠᠵᠤ ᠪᠣᠯᠬᠤ ᠪᠣᠳᠠᠰ ᠢ ᠬᠤᠷᠢᠶᠠᠨ ᠲᠡᠭᠡᠭᠡᠪᠦᠷᠢᠯᠡᠬᠦ ᠦᠢᠯᠡᠴᠢᠯᠡᠭᠡᠨ ᠤ ᠠᠵᠤ ᠠᠬᠤᠶᠢᠯᠠᠯ ᠢ ᠲᠦᠷᠭᠡᠳᠬᠡᠨ ᠪᠤᠶᠢᠵᠢᠭᠤᠯᠵᠤ᠂ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠢᠯ ᠤᠨ ᠠᠵᠤ ᠠᠬᠤᠶᠢᠯᠠᠯ ᠤᠨ ᠰᠠᠭᠤᠷᠢ ᠪᠣᠯᠬᠤ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠲᠤᠬᠠᠶᠢᠯᠠᠭᠰᠠᠨ ᠠᠵᠢᠯ ᠢ ᠨᠠᠶᠢᠳᠠᠪᠤᠷᠢᠵᠢᠭᠤᠯᠤᠨ᠎ᠠ᠃ ᠭᠠᠷ ᠳᠠᠮᠵᠢᠭᠰᠠᠨ ᠬᠡᠷᠡᠭᠰᠡᠯ ᠲᠣᠬᠢᠷᠠᠭᠤᠯᠬᠤ ᠲᠠᠪᠴᠠᠩ᠂ ᠬᠠᠭᠤᠴᠢᠨ ᠪᠠᠷᠠᠭ᠎ᠠ ᠶᠢᠨ ᠳᠡᠯᠭᠡᠭᠦᠷ᠂ ᠬᠠᠭᠤᠴᠢᠨ ᠪᠠᠷᠠᠭ᠎ᠠ ᠶᠢᠨ ᠵᠠᠬ᠎ᠠ ᠳᠡᠯᠭᠡᠭᠦᠷ ᠵᠡᠷᠭᠡ ᠪᠠᠷ ᠳᠠᠮᠵᠢᠭᠤᠯᠤᠨ᠂ ᠰᠤᠯᠠ ᠪᠠᠶᠢᠭ᠎ᠠ ᠡᠳ᠋ ᠪᠣᠳᠠᠰ ᠤᠨ ᠰᠢᠭᠤᠳ ᠳᠠᠬᠢᠨ ᠠᠰᠢᠭᠯᠠᠯᠲᠠ ᠶᠢ ᠠᠬᠢᠭᠤᠯᠬᠤ ᠶᠢ ᠵᠣᠷᠢᠭᠵᠢᠭᠤᠯᠤᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠬᠠᠩᠭᠠᠨ ᠪᠣᠷᠣᠯᠠᠭᠤᠯᠬᠤ ᠬᠤᠷᠰᠢᠶ᠎ᠠ︶      3. ︽ᠶᠡᠭᠡ ᠪᠠᠷ ᠰᠠᠯᠪᠣᠷᠢᠯᠠᠬᠤ︾ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ︽ᠶᠡᠭᠡ ᠪᠠᠷ ᠰᠠᠯᠪᠣᠷᠢᠯᠠᠵᠣ᠂ ᠪᠠᠭ᠎ᠠ ᠪᠠᠷ ᠲᠦᠷᠥᠯᠵᠢᠭᠦᠯᠬᠦ︾ ᠦᠨᠳᠦᠰᠦᠨ ᠠᠷᠭ᠎ᠠ ᠵᠠᠮ ᠢ ᠪᠠᠷᠢᠮᠲᠠᠯᠠᠨ᠂ ︽ᠶᠡᠭᠡ ᠪᠠᠷ ᠰᠠᠯᠪᠣᠷᠢᠯᠠᠬᠤ︾ ᠰᠢᠰᠲ᠋ᠧᠮᠵᠢ ᠶᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠎ᠡ᠃ ᠦᠷᠦᠭᠡᠨ ᠵᠠᠰᠠᠯ ᠤᠨ ᠬᠤᠭ ᠨᠣᠪᠰᠢ ᠂ ᠲᠣᠮᠣ ᠡᠳ᠋ᠯᠡᠯ ᠤᠨ ᠬᠤᠭ ᠨᠣᠪᠰᠢ ᠶᠢᠨ ᠬᠠᠮᠢᠶᠠᠷᠤᠯᠲᠠ ᠶᠢ ᠴᠢᠩᠭᠠᠳᠬᠠᠵᠤ᠂ ᠤᠷᠢᠳᠴᠢᠯᠠᠨ ᠪᠣᠯᠵᠣᠵᠤ ᠭᠡᠷ ᠲᠤᠨᠢ ᠬᠦᠷᠬᠦ ᠠᠷᠭ᠎ᠠ ᠮᠠᠶ᠋ᠢᠭ ᠢ ᠠᠪᠴᠤ ᠲᠣᠮᠣ ᠡᠳ᠋ᠯᠡᠯ ᠤᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠦᠢᠯᠡᠴᠢᠯᠡᠭᠡ ᠶᠢ ᠰᠠᠶᠢᠲᠤᠷ ᠬᠢᠨ᠎ᠡ᠃ ᠰᠣᠯᠢᠯᠴᠠᠬᠤ᠂ ᠰᠢᠨᠡᠳᠬᠡᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠮᠣᠳᠣᠨ ᠤ ᠭᠡᠷ ᠤᠨ ᠬᠡᠷᠡᠭᠰᠡᠯ ᠵᠡᠷᠭᠡ ᠲᠣᠮᠣ ᠡᠳ᠋ᠯᠡᠯ ᠤᠨ ᠬᠤᠭ ᠨᠣᠪᠰᠢ ᠶᠢ ᠳᠠᠬᠢᠨ ᠠᠰᠢᠭᠯᠠᠬᠤ ᠶᠢ ᠵᠣᠷᠢᠭᠵᠢᠭᠤᠯᠤᠨ᠎ᠠ︔ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠬᠤ ᠠᠵᠤ ᠠᠬᠤᠶᠢᠯᠠᠯ ᠤᠨ ᠲᠣᠮᠣ ᠡᠳ᠋ᠯᠡᠯ ᠤᠨ ᠬᠤᠭ ᠨᠣᠪᠰᠢ ᠶᠢ ᠡᠭᠡᠭᠦᠯᠦᠨ ᠬᠤᠷᠢᠶᠠᠵᠤ ᠠᠰᠢᠭᠯᠠᠬᠤ ᠶᠢ ᠵᠣᠷᠢᠭᠵᠢᠭᠤᠯᠤᠨ᠎ᠠ᠃ ᠪᠠᠷᠢᠯᠭ᠎ᠠ ᠶᠢᠨ ᠬᠤᠭ ᠨᠣᠪᠰᠢ ᠶᠢ ᠳᠠᠮᠵᠢᠭᠤᠯᠤᠨ ᠢᠯᠭᠠᠬᠤ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠣᠮᠣ ᠡᠳ᠋ᠯᠡᠯ ᠤᠨ ᠬᠤᠭ ᠨᠣᠪᠰᠢ ᠶᠢ ᠬᠡᠮᠬᠡᠯᠦᠨ ᠵᠠᠳᠠᠯᠬᠤ ᠰᠢᠰᠲ᠋ᠧᠮᠵᠢ ᠶᠢ ᠠᠯᠬᠤᠮ ᠠᠯᠬᠤᠮ ᠢᠶᠠᠷ ᠪᠠᠶᠢᠭᠤᠯᠣᠨ᠎ᠠ᠃ ᠬᠤᠪᠠᠭ᠋ᠠᠶᠢᠷᠠᠭᠰᠠᠨ ᠰᠠᠯᠠᠭ᠎ᠠ ᠤᠨᠠᠭᠰᠠᠨ ᠨᠠᠪᠴᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠵᠤ᠂ ᠬᠤᠪᠠᠭ᠋ᠠᠶᠢᠷᠠᠭᠰᠠᠨ ᠰᠠᠯᠠᠭ᠎ᠠ ᠤᠨᠠᠭᠰᠠᠨ ᠨᠠᠪᠴᠢ ᠶᠢ ᠲᠣᠰᠠᠭᠠᠷ ᠬᠤᠷᠢᠶᠠᠨ ᠴᠤᠭᠯᠠᠭᠤᠯᠬᠤ ᠰᠢᠰᠲ᠋ᠧᠮᠵᠢ ᠶᠢ ᠲᠡᠭᠦᠯᠳᠡᠷᠵᠢᠭᠦᠯᠦᠨ᠂ ᠨᠣᠭᠤᠭᠠᠷᠠᠭᠤᠯᠵᠤ ᠠᠷᠠᠴᠢᠯᠠᠨ ᠬᠠᠮᠠᠭᠠᠯᠠᠬᠤ ᠠᠵᠤ ᠠᠬᠤᠶᠢᠯᠠᠯ ᠢ ᠵᠣᠷᠢᠭᠵᠢᠭᠤᠯᠤᠨ ᠲᠣᠬᠠᠢ ᠶᠢᠨ ᠭᠠᠵᠠᠷ ᠲᠤᠨᠢ ᠬᠡᠮᠬᠡᠯᠬᠦ᠂ ᠪᠣᠷᠳᠤᠭᠤᠷ ᠪᠣᠯᠭᠠᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ ᠬᠤᠪᠠᠭ᠋ᠠᠶᠢᠷᠠᠭᠰᠠᠨ ᠰᠠᠯᠠᠭ᠎ᠠ ᠤᠨᠠᠭᠰᠠᠨ ᠨᠠᠪᠴᠢ ᠶᠢ ᠪᠠᠶᠢᠭ᠎ᠠ ᠭᠠᠵᠠᠷ ᠲᠤᠨᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠰᠠᠶᠢᠲᠤᠷ ᠬᠢᠯᠭᠡᠨ᠎ᠡ᠃ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠤᠭ ᠨᠣᠪᠰᠢ ᠶᠢᠨ ᠰᠠᠯᠪᠣᠷᠢᠯᠠᠬᠤ ᠰᠢᠰᠲ᠋ᠧᠮᠵᠢ ᠶᠢ ᠲᠡᠭᠦᠯᠳᠡᠷᠵᠢᠭᠦᠯᠵᠦ᠂ ᠡᠬᠢ ᠡᠭᠦᠰᠦᠯ ᠠᠴᠠ ᠨᠢ ᠲᠥᠷᠥᠯ ᠬᠤᠪᠢᠶᠠᠬᠤ ᠶᠢ ᠴᠢᠩᠭᠠᠳᠬᠠᠵᠤ᠂ ᠨᠥᠬᠦᠴᠡᠯ ᠲᠠᠢ ᠨᠢ ᠨᠣᠶᠢᠲᠠᠨ ᠬᠤᠭ ᠨᠣᠪᠰᠢ ᠶᠢ ᠡᠬᠢ ᠡᠭᠦᠰᠦᠯ ᠠᠴᠠ ᠨᠢ ᠬᠡᠮᠵᠢᠶ᠎ᠡ ᠶᠢ ᠨᠢ ᠪᠠᠭᠠᠰᠬᠠᠬᠤ ᠪᠡᠯᠡᠳᠬᠡᠮᠵᠢ ᠲᠣᠬᠢᠷᠠᠭᠤᠯᠬᠤ ᠶᠢ ᠵᠣᠷᠢᠭᠵᠢᠭᠤᠯᠤᠨ᠎ᠠ︔ ᠨᠣᠶᠢᠲᠠᠨ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠰᠢᠰᠲ᠋ᠧᠮᠵᠢ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠲᠠᠷᠢᠶᠠᠯᠠᠩ ᠤᠨ ᠠᠷᠠᠯᠵᠢᠶᠠᠨ ᠤ ᠵᠠᠬ᠎ᠠ ᠳᠡᠯᠭᠡᠭᠦᠷ᠂ ᠴᠤᠭᠯᠠᠭ᠎ᠠ ᠮᠠᠶᠢᠮᠠᠶ ᠶᠢᠨ ᠵᠠᠬ᠎ᠠ ᠳᠡᠯᠭᠡᠭᠦᠷ ᠤᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠶᠢ ᠠᠬᠢᠭᠤᠯᠤᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠦᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶      ︵ᠭᠤᠷᠪᠠ︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠶᠢ ᠴᠢᠩᠭ᠎ᠠ ᠬᠡᠷᠡᠭᠵᠢᠭᠦᠯᠦᠨ᠎ᠡ      1. ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠶᠢ ᠪᠦᠬᠦ ᠲᠠᠯ᠎ᠠ ᠪᠠᠷ ᠬᠡᠷᠡᠭᠵᠢᠭᠦᠯᠦᠨ᠎ᠡ      ︵1︶ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠱᠠᠭᠠᠷᠳᠠᠯᠭ᠎ᠠ ᠶᠢ ᠲᠣᠳᠣᠷᠬᠠᠶᠢᠯᠠᠨ᠎ᠠ᠃ ᠲᠥᠷᠥᠯ ᠬᠤᠪᠢᠶᠠᠭᠰᠠᠨ ᠤ ᠳᠠᠷᠠᠭᠠᠬᠢ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠡᠷᠬᠡᠪᠰᠢ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠬᠦ ᠶᠢ ᠬᠡᠷᠡᠭᠵᠢᠭᠦᠯᠦᠨ᠎ᠡ᠃      ᠡᠭᠡᠭᠦᠯᠦᠨ ᠬᠤᠷᠢᠶᠠᠵᠣ ᠪᠣᠯᠬᠤ ᠪᠣᠳᠠᠰ᠃ ᠲᠣᠰ ᠬᠤᠷᠢᠶᠠᠯᠠᠯ᠂ ᠲᠣᠰ ᠨᠢᠭᠡᠴᠡ ᠶᠢᠨ ᠡᠭᠡᠭᠦᠯᠦᠨ ᠬᠤᠷᠢᠶᠠᠵᠤ ᠪᠣᠯᠬᠤ ᠪᠣᠳᠠᠰ ᠭᠠᠷᠤᠭᠰᠠᠨ ᠪᠠᠶᠢᠳᠠᠯ ᠢ ᠦᠨᠳᠦᠰᠦᠯᠡᠨ᠂ ᠤᠷᠢᠳᠴᠢᠯᠠᠨ ᠪᠣᠯᠵᠣᠬᠤ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠬᠡᠯᠡᠯᠴᠡᠭᠡᠷ ᠲᠣᠭᠲᠠᠬᠤ ᠠᠷᠭ᠎ᠠ ᠮᠠᠶ᠋ᠢᠭ ᠢ ᠠᠪᠴᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠦᠢᠯᠡᠴᠢᠯᠡᠭᠡᠨ ᠤ ᠠᠵᠤ ᠠᠬᠤᠶᠢᠯᠠᠯ ᠪᠤᠶᠤ ᠣᠷᠴᠢᠨ ᠲᠣᠭᠤᠷᠢᠨ ᠤ ᠠᠷᠢᠭᠤᠨ ᠴᠡᠪᠡᠷ ᠤᠨ ᠠᠵᠤ ᠠᠬᠤᠶᠢᠯᠠᠯ ᠠᠴᠠ ᠬᠤᠷᠢᠶᠠᠨ ᠲᠡᠭᠡᠭᠡᠪᠦᠷᠢᠯᠡᠭᠰᠡᠨ ᠤ ᠳᠠᠷᠠᠭ᠎ᠠ᠂ ᠬᠤᠲᠠ ᠶᠢᠨ ᠬᠠᠩᠭᠠᠨ ᠪᠣᠷᠣᠯᠠᠭᠤᠯᠬᠤ ᠬᠤᠷᠰᠢᠶ᠎ᠠ ᠪᠠᠷ ᠳᠠᠩᠰᠠᠯᠠᠭᠤᠯᠤᠭᠰᠠᠨ ᠳᠠᠬᠢᠯᠲᠠ ᠡᠬᠢ ᠪᠠᠶᠠᠯᠢᠭ ᠢ ᠡᠭᠡᠭᠦᠯᠦᠨ ᠬᠤᠷᠢᠶᠠᠵᠤ ᠠᠪᠬᠤ ᠠᠵᠤ  ᠠᠬᠤᠶᠢᠯᠠᠯ ᠳᠤ ᠲᠤᠰᠢᠶᠠᠨ ᠳᠠᠬᠢᠨ ᠡᠷᠭᠢᠯᠳᠦᠭᠦᠯᠦᠨ ᠠᠰᠢᠭᠯᠠᠭᠤᠯᠣᠨ᠎ᠠ᠃      ᠨᠣᠶᠢᠲᠠᠨ ᠬᠤᠭ ᠨᠣᠪᠰᠢ ︵ᠲᠣᠭᠤᠭᠠᠨ ᠭᠡᠷ ᠤᠨ ᠦᠯᠡᠭᠦᠦ ᠬᠤᠭ ᠨᠣᠪᠰᠢ︶᠃ ᠬᠤᠲᠠ ᠶᠢᠨ ᠴᠧᠩ ᠬᠤᠸᠠᠨ ᠺᠣᠮᠫᠠᠨᠢ ᠠᠴᠠ ᠴᠢᠩᠭ᠎ᠠ ᠪᠢᠲᠡᠭᠦᠮᠵᠢᠯᠡᠭᠰᠡᠨ ᠲᠤᠰᠬᠠᠢ ᠲᠡᠷᠭᠡ ᠪᠠᠷ ᠬᠤᠷᠢᠶᠠᠨ ᠲᠡᠭᠡᠭᠡᠪᠦᠷᠢᠯᠡᠵᠦ᠂ ᠠᠵᠢᠯ ᠤᠨ ᠵᠢᠷᠤᠮᠵᠢᠯ ᠢ ᠴᠢᠩᠭ᠎ᠠ ᠨᠠᠶᠢᠳᠠᠪᠤᠷᠢᠵᠢᠭᠤᠯᠤᠨ᠂ ᠬᠤᠷᠢᠶᠠᠨ ᠴᠤᠭᠯᠠᠭᠤᠯᠬᠤ ᠴᠡᠭ ᠤᠨ ᠡᠷᠭᠢᠨ ᠲᠣᠭᠤᠷᠢᠨ ᠤ ᠣᠷᠴᠢᠨ ᠲᠣᠭᠤᠷᠢᠨ ᠢ ᠨᠦᠯᠦᠭᠡᠯᠡᠬᠦ ᠠᠴᠠ ᠵᠠᠶᠢᠯᠠᠰᠬᠢᠵᠤ᠂ ᠲᠡᠭᠡᠭᠡᠪᠦᠷᠢᠯᠡᠬᠦ ᠶᠠᠪᠤᠴᠠ ᠳᠠᠬᠢ ᠭᠤᠭᠤᠵᠢᠬᠤ᠂ ᠠᠰᠬᠠᠬᠤ ᠪᠠ ᠦᠮᠡᠬᠡᠶ ᠦᠨᠦᠷ ᠢ ᠰᠡᠷᠭᠡᠶᠢᠯᠡᠬᠦ ᠬᠡᠷᠡᠭᠲᠡᠢ᠃ ᠨᠣᠶᠢᠲᠠᠨ ᠬᠤᠭ ᠨᠣᠪᠰᠢ ᠶᠢ ︽ᠡᠳᠦᠷ ᠤᠨ ᠬᠤᠭ ᠢ ᠡᠳᠦᠷ ᠲᠤᠨᠢ ᠴᠡᠪᠡᠷᠯᠡᠨ ᠠᠷᠢᠯᠭᠠᠬᠤ︾ ᠶᠢ ᠪᠠᠶᠡᠯᠡᠭᠦᠯᠦᠨ᠎ᠡ᠃      ᠬᠤᠣᠷᠲᠠᠢ ᠬᠤᠭ ᠨᠣᠪᠰᠢ᠃ ᠪᠠᠶᠢᠭᠤᠯᠭ᠎ᠠ ᠨᠢᠭᠡᠴᠡ᠂ ᠰᠠᠭᠤᠭᠠᠯᠢ ᠠᠷᠠᠳ ᠤᠨ ᠬᠤᠷᠢᠶᠠᠯᠠᠯ ᠠᠴᠠ ᠭᠠᠷᠣᠭᠰᠠᠨ ᠬᠤᠣᠷᠲᠠᠢ ᠬᠤᠭ ᠨᠣᠪᠰᠢ ᠶᠢ ᠨᠡᠶᠢᠭᠡᠮ ᠲᠣᠭᠤᠷᠢᠭ ᠪᠤᠶᠤ ᠪᠠᠶᠢᠭᠤᠯᠭ᠎ᠠ ᠨᠢᠭᠡᠴᠡ ᠨᠢ ᠠᠮᠢ ᠠᠬᠤᠢ ᠣᠷᠴᠢᠨ ᠲᠣᠭᠤᠷᠢᠨ ᠤ ᠰᠠᠯᠠᠭ᠎ᠠ ᠮᠥᠴᠢᠷ ᠤᠨ ᠵᠥᠪᠰᠢᠶᠡᠷᠡᠭᠰᠡᠨ ᠠᠶᠤᠯᠲᠠᠶ ᠬᠠᠶᠠᠭᠳᠠᠮᠠᠯ ᠪᠣᠳᠠᠰ ᠢ ᠬᠤᠷᠢᠶᠠᠨ ᠠᠪᠴᠤ ᠲᠡᠭᠡᠭᠡᠪᠦᠷᠢᠯᠡᠬᠦ ᠠᠵᠤ ᠠᠬᠤᠶᠢᠯᠠᠯ ᠯᠤᠭ᠎ᠠ ᠬᠤᠷᠢᠶᠠᠵᠤ ᠲᠡᠭᠡᠭᠡᠪᠦᠷᠢᠯᠡᠬᠦ᠂  ᠰᠢᠢᠳᠪᠦᠷᠢᠯᠡᠬᠦ ᠵᠥᠪᠯᠡᠯᠴᠡᠭᠡᠷ ᠲᠣᠭᠲᠠᠵᠤ᠂ ᠬᠤᠣᠷᠲᠠᠢ ᠬᠤᠭ ᠨᠣᠪᠰᠢ ᠭᠠᠷᠤᠭᠰᠠᠨ ᠪᠠᠶᠢᠳᠠᠯ ᠢ ᠦᠨᠳᠦᠰᠦᠯᠡᠨ᠂ ᠠᠵᠤ ᠠᠬᠤᠶᠢᠯᠠᠯ ᠠᠴᠠ ᠤᠷᠢᠳᠴᠢᠯᠠᠨ ᠪᠣᠯᠵᠣᠬᠤ ᠪᠤᠶᠤ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠬᠡᠷᠡᠭᠯᠡᠬᠦ ᠲᠡᠷᠭᠡ ᠪᠠᠷ ᠲᠥᠷᠥᠯ ᠬᠤᠪᠢᠶᠠᠨ ᠬᠤᠷᠢᠶᠠᠵᠤ ᠲᠡᠭᠡᠭᠡᠪᠦᠷᠢᠯᠡᠨ᠎ᠡ᠃      ᠬᠠᠭᠤᠷᠠᠶ ᠬᠤᠭ ᠨᠣᠪᠰᠢ ︵ᠪᠤᠰᠤᠳ ᠬᠤᠭ ᠨᠣᠪᠰᠢ︶᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠷᠢᠶᠠᠨ ᠲᠡᠭᠡᠭᠡᠪᠦᠷᠢᠯᠡᠬᠦ ᠠᠵᠤ ᠠᠬᠤᠶᠢᠯᠠᠯ ᠨᠢ ᠲᠤᠰᠬᠠᠶ ᠲᠡᠷᠭᠡ ᠪᠠᠷ ᠬᠤᠷᠢᠶᠠᠨ ᠲᠡᠭᠡᠭᠡᠪᠦᠷᠢᠯᠡᠵᠦ᠂ ︽ᠡᠳᠦᠷ ᠤᠨ ᠬᠤᠭ ᠢ ᠡᠳᠦᠷ ᠲᠤᠨᠢ ᠴᠡᠪᠡᠷᠯᠡᠨ ᠠᠷᠢᠯᠭᠠᠬᠤ︾ ᠶᠢ ᠪᠡᠶᠡᠯᠡᠭᠦᠯᠦᠨ᠎ᠡ᠃      ︵2︶ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ ᠬᠠᠮᠢᠶᠠᠷᠤᠯᠲᠠ ᠶᠢᠨ ᠬᠠᠷᠢᠭᠤᠴᠠᠯᠭᠠᠲᠠᠨ ᠤ ᠳᠦᠷᠢᠮ ᠢ ᠬᠢᠨᠠᠯᠲᠠ ᠲᠠᠯᠪᠢᠨ ᠨᠠᠶᠢᠳᠠᠪᠤᠷᠢᠵᠢᠭᠤᠯᠤᠨ᠎ᠠ᠃ ︽ᠬᠥᠬᠡᠬᠤᠲᠠ ᠶᠢᠨ ᠠᠮᠢᠳᠣᠷᠠᠯ ᠤᠨ ᠬᠤᠭ ᠨᠣᠪᠰᠢ ᠶᠢ ᠲᠥᠷᠥᠯ  ᠬᠤᠪᠢᠶᠠᠬᠤ ᠬᠠᠮᠢᠶᠠᠷᠣᠯᠲᠠ ᠶᠢᠨ ᠠᠷᠭ᠎ᠠ︾ ᠶᠢᠨ ᠶᠣᠰᠣᠭᠠᠷ᠂ ᠬᠠᠷᠢᠭᠤᠴᠠᠯᠭ᠎ᠠ ᠶᠢᠨ ᠬᠡᠰᠡᠭ ᠳᠣᠲᠣᠷᠠᠬᠢ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠲᠡᠭᠡᠭᠡᠪᠦᠷᠢᠯᠡᠬᠦ ᠡᠭᠦᠷᠭᠡ ᠶᠢ ᠦᠨᠡᠨᠬᠦ ᠭᠦᠢᠴᠡᠳᠬᠡᠵᠦ᠂ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠴᠤᠭᠯᠠᠭᠤᠯᠬᠤ ᠶᠢ ᠴᠢᠩᠭ᠎ᠠ ᠬᠡᠷᠡᠭᠵᠢᠭᠦᠯᠵᠦ᠂ ᠲᠡᠭᠡᠭᠡᠪᠦᠷᠢᠯᠡᠬᠦ ᠭᠤᠭᠴᠤᠭ᠎ᠠ ᠳᠠᠬᠢ ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ ᠲᠡᠭᠡᠭᠡᠪᠦᠷᠢᠯᠡᠬᠦ ᠶᠢ ᠡᠷᠡᠰ ᠬᠤᠷᠢᠭᠯᠠᠨ᠎ᠠ᠃ ᠬᠤᠷᠢᠶᠠᠨ ᠠᠪᠴᠤ ᠲᠡᠭᠡᠭᠡᠪᠦᠷᠢᠯᠡᠬᠦ ᠭᠤᠭᠴᠤᠭ᠎ᠠ ᠳᠤ ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ ᠲᠡᠭᠡᠭᠡᠪᠦᠷᠢᠯᠡᠭᠰᠡᠨ ᠪᠠᠶᠢᠪᠠᠯ᠂ ᠲᠥᠷᠥᠯ ᠬᠤᠪᠢᠶᠠᠨ ᠬᠠᠶᠠᠬᠤ ᠬᠠᠮᠢᠶᠠᠷᠤᠯᠲᠠ ᠶᠢᠨ  ᠬᠠᠷᠢᠭᠤᠴᠠᠯᠭᠠᠲᠠᠨ ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ᠎ᠡ᠃ ᠲᠥᠷᠥᠯ ᠬᠤᠪᠢᠶᠠᠭᠰᠠᠨ ᠶᠠᠰᠤ ᠴᠢᠨᠠᠷ ᠨᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠪᠠᠷᠢᠮᠵᠢᠶ᠎ᠠ ᠳᠤ ᠨᠡᠶᠢᠴᠡᠬᠦ ᠦᠭᠡᠢ ᠠᠮᠢᠳᠤᠷᠠᠯ ᠤᠨ ᠬᠤᠭ ᠨᠣᠪᠰᠢ ᠶᠢ ᠬᠤᠯᠪᠣᠭᠳᠠᠯ ᠪᠦᠬᠦᠢ ᠬᠠᠮᠢᠶᠠᠷᠤᠯᠲᠠ ᠶᠢᠨ ᠰᠠᠯᠠᠭ᠎ᠠ ᠮᠥᠴᠢᠷ ᠠᠴᠠ ᠲᠥᠷᠥᠯ ᠬᠤᠪᠢᠶᠠᠨ ᠲᠠᠯᠪᠢᠬᠤ ᠬᠠᠮᠢᠶᠠᠷᠣᠯᠲᠠ ᠶᠢᠨ ᠬᠠᠷᠢᠭᠤᠴᠠᠯᠭᠠᠲᠠᠨ ᠢ ᠬᠤᠶᠠᠳᠠᠬᠢ ᠤᠳᠠᠭ᠎ᠠ ᠶᠢᠨ ᠢᠯᠭᠠᠨ ᠰᠠᠯᠭᠠᠬᠤ ᠶᠢ ᠵᠣᠬᠢᠶᠠᠨ ᠪᠠᠶᠢᠭᠤᠯᠬᠤ ᠶᠢ ᠰᠢᠮᠳᠠᠭᠤᠯᠵᠤ᠂ ᠠᠮᠢᠳᠤᠷᠠᠯ ᠤᠨ ᠬᠤᠭ ᠨᠣᠪᠰᠢ ᠶᠢᠨ ᠲᠥᠷᠥᠯ  ᠬᠤᠪᠢᠶᠠᠬᠤ ᠶᠠᠰᠤ ᠴᠢᠨᠠᠷ ᠢ ᠦᠨᠡᠨᠬᠦ ᠪᠠᠲᠣᠯᠠᠨ᠎ᠠ᠃      ︵3︶ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠷᠢᠶᠠᠨ ᠲᠡᠭᠡᠭᠡᠪᠦᠷᠢᠯᠡᠬᠦ ᠠᠵᠢᠯ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠷᠢᠶᠠᠨ ᠲᠡᠭᠡᠭᠡᠪᠦᠷᠢᠯᠡᠬᠦ ᠠᠵᠤ ᠠᠬᠤᠶᠢᠯᠠᠯ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠵᠢᠷᠤᠮᠵᠢᠯ ᠢ ᠴᠢᠩᠭ᠎ᠠ ᠬᠡᠷᠡᠭᠵᠢᠭᠦᠯᠵᠦ᠂ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠶᠢ ᠬᠡᠷᠡᠭᠵᠢᠭᠦᠯᠦᠨ ᠂ ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ ᠲᠡᠭᠡᠭᠡᠪᠦᠷᠢᠯᠡᠬᠦ ᠶᠢ ᠡᠷᠡᠰ ᠬᠤᠷᠢᠭᠯᠠᠬᠤ ᠶᠢᠨ ᠬᠠᠮᠲᠤ ᠬᠤᠷᠢᠶᠠᠨ ᠲᠡᠭᠡᠭᠡᠪᠦᠷᠢᠯᠡᠬᠦ ᠴᠠᠭ ᠬᠤᠭᠤᠴᠠᠭ᠎ᠠ ᠶᠢ ᠨᠡᠶᠢᠲᠡᠯᠡᠬᠦ᠂ ᠲᠡᠷᠭᠡᠨ ᠤ ᠲᠡᠮᠳᠡᠭ ᠢ ᠵᠢᠷᠤᠮᠵᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃ ᠬᠢᠨᠠᠨ ᠰᠢᠯᠭᠠᠬᠤ ᠶᠢ ᠴᠢᠩᠭᠠᠳᠬᠠᠵᠣ᠂ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠵᠣ ᠬᠤᠷᠢᠶᠠᠨ ᠲᠡᠭᠡᠭᠡᠪᠦᠷᠢᠯᠡᠬᠦ ᠶᠢ ᠵᠢᠷᠤᠮᠵᠢᠭᠤᠯᠤᠨ ᠬᠡᠷᠡᠭᠵᠢᠭᠦᠯᠦᠭᠰᠡᠨ ᠪᠠᠶᠢᠳᠠᠯ ᠢ ᠬᠢᠨᠠᠨ ᠰᠢᠯᠭᠠᠬᠤ ᠵᠢᠴᠢ ᠦᠨᠡᠯᠡᠨ ᠲᠣᠭᠲᠠᠭᠠᠬᠤ ᠰᠢᠰᠲ᠋ᠧᠮᠵᠢ ᠳᠤ ᠣᠷᠣᠭᠤᠯᠵᠤ᠂ ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ ᠲᠡᠭᠡᠭᠡᠪᠦᠷᠢᠯᠡᠭᠰᠡᠨ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠷᠢᠶᠠᠨ ᠲᠡᠭᠡᠭᠡᠪᠦᠷᠢᠯᠡᠬᠦ ᠠᠵᠤ ᠠᠬᠤᠶᠢᠯᠠᠯ ᠢ ᠴᠢᠩᠭ᠎ᠠ ᠪᠠᠶᠢᠴᠠᠭᠠᠨ ᠰᠢᠢᠳᠪᠦᠷᠢᠯᠡᠨ᠎ᠡ᠃ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠷᠢᠶᠠᠨ ᠲᠡᠭᠡᠭᠡᠪᠦᠷᠢᠯᠡᠬᠦ ᠠᠵᠤ ᠠᠬᠤᠶᠢᠯᠠᠯ ᠬᠠᠮᠢᠶᠠᠷᠤᠯᠲᠠ ᠶᠢᠨ ᠰᠠᠯᠠᠭ᠎ᠠ ᠮᠥᠴᠢᠷ ᠤᠨ ᠱᠠᠭᠠᠷᠳᠠᠯᠭ᠎ᠠ ᠶᠣᠰᠣᠭᠠᠷ᠂ ᠬᠤᠭ ᠨᠣᠪᠰᠢ ᠶᠢ ᠲᠥᠷᠥᠯ ᠬᠤᠪᠢᠶᠠᠬᠤ ᠶᠢ ᠬᠡᠷᠡᠭᠵᠢᠭᠦᠯᠦᠭᠡᠳᠦᠶ ᠪᠤᠶᠤ ᠲᠥᠷᠥᠯ ᠬᠤᠪᠢᠶᠠᠭᠰᠠᠨ ᠨᠢ ᠱᠠᠭᠠᠷᠳᠠᠯᠭ᠎ᠠ ᠳᠤ ᠨᠡᠶᠢᠴᠡᠬᠦ ᠦᠭᠡᠢ ᠨᠢᠭᠡᠴᠡ ᠳᠤ ︽ᠲᠥᠷᠥᠯ ᠬᠤᠪᠢᠶᠠᠬᠤ ᠦᠭᠡᠢ ᠪᠣᠯ ᠬᠤᠷᠢᠶᠠᠨ ᠲᠡᠭᠡᠭᠡᠪᠦᠷᠢᠯᠡᠬᠦ ᠦᠭᠡᠢ︾ ᠭᠡᠳᠡᠷᠭᠡᠨ ᠰᠢᠬᠠᠮᠳᠠᠭᠤᠯᠬᠤ ᠲᠣᠭᠲᠠᠴᠠ ᠶᠢ  ᠪᠠᠶᠢᠭᠤᠯᠣᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶      2. ᠲᠥᠷᠥᠯ ᠬᠤᠪᠢᠶᠠᠨ ᠰᠢᠯᠵᠢᠭᠦᠯᠦᠨ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠪᠦᠬᠦ ᠶᠠᠪᠤᠴᠠ ᠳᠤ ᠲᠥᠷᠥᠯ ᠬᠤᠪᠢᠶᠠᠬᠤ ᠶᠢ ᠦᠨᠡᠨᠬᠦ ᠪᠠᠲᠤᠯᠠᠬᠤ ᠪᠠᠷ ᠬᠠᠷᠠᠯᠲᠠ ᠪᠣᠯᠭᠠᠵᠤ᠂ ᠲᠥᠷᠥᠯ ᠬᠤᠪᠢᠶᠠᠭᠰᠠᠨ ᠤ ᠳᠠᠷᠠᠭᠠᠬᠢ ᠡᠯ᠎ᠡ ᠲᠥᠷᠥᠯ ᠤᠨ ᠠᠮᠢᠳᠤᠷᠠᠯ ᠤᠨ ᠬᠤᠭ ᠨᠣᠪᠰᠢ ᠶᠢ ᠰᠢᠯᠵᠢᠭᠦᠯᠦᠨ ᠲᠡᠭᠡᠭᠡᠪᠦᠷᠢᠯᠡᠬᠦ ᠰᠢᠰᠲ᠋ᠧᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠣᠶᠢᠲᠠᠨ ᠬᠤᠭ ᠨᠣᠪᠰᠢ ᠶᠢᠨ ᠳᠠᠮᠵᠢᠭᠤᠯᠣᠨ ᠰᠢᠯᠵᠢᠭᠦᠯᠬᠦ ᠰᠢᠰᠲ᠋ᠧᠮ ᠢ ᠲᠡᠭᠦᠯᠳᠡᠷᠵᠢᠭᠦᠯᠵᠦ᠂ ᠬᠤᠲᠠ᠂ ᠲᠣᠭᠤᠷᠢᠭ ᠬᠤᠶᠠᠷ ᠱᠠᠲᠤᠨ ᠤ ᠳᠠᠮᠵᠢᠭᠤᠯᠣᠨ ᠰᠢᠯᠵᠢᠭᠦᠯᠬᠦ ᠪᠡᠯᠡᠳᠬᠡᠮᠵᠢ ᠶᠢ ᠥᠭᠡᠷᠡᠴᠢᠯᠡᠬᠦ ᠶᠢ ᠠᠬᠢᠭᠤᠯᠵᠤ᠂ ᠨᠣᠶᠢᠲᠠᠨ ᠬᠤᠭ ᠨᠣᠪᠰᠢ ᠶᠢᠨ ᠲᠤᠰᠬᠠᠶ ᠬᠡᠷᠡᠭᠯᠡᠬᠦ ᠲᠦᠬᠦᠭᠡᠷᠦᠮᠵᠢ ᠵᠢᠴᠢ ᠵᠣᠭᠰᠣᠭᠠᠯ ᠢ ᠲᠣᠬᠢᠷᠠᠭᠤᠯᠤᠨ᠎ᠠ᠃ ᠡᠯ᠎ᠡ ᠲᠣᠭᠤᠷᠢᠭ ᠲᠤ ᠡᠭᠡᠭᠦᠯᠦᠨ ᠬᠤᠷᠢᠶᠠᠵᠤ ᠪᠣᠯᠬᠤ ᠪᠣᠳᠠᠰ ᠢ ᠢᠯᠭᠠᠬᠤ ᠥᠷᠲᠡᠭᠡ 1 ᠶᠢ ᠪᠠᠶᠢᠭᠤᠯᠤᠨ᠎ᠠ᠃ ᠬᠤᠣᠷᠲᠠᠢ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠶᠢ ᠵᠢᠷᠤᠮᠵᠢᠭᠤᠯᠤᠨ ᠂ ᠬᠤᠣᠷᠲᠠᠢ ᠬᠤᠭ ᠨᠣᠪᠰᠢ ᠶᠢ ᠬᠤᠷᠢᠶᠠᠨ ᠴᠤᠭᠯᠠᠭᠤᠯᠬᠤ ᠲᠦᠷ ᠬᠠᠳᠠᠭᠠᠯᠠᠬᠤ ᠭᠠᠵᠠᠷ ᠤᠨ ᠪᠠᠶᠢᠷᠢᠯᠠᠭᠤᠯᠤᠯᠲᠠ ᠶᠢ ᠲᠡᠭᠦᠯᠳᠡᠷᠵᠢᠭᠦᠯᠵᠦ᠂ ᠬᠤᠣᠷᠲᠠᠢ ᠬᠤᠭ ᠨᠣᠪᠰᠢ ᠶᠢ ᠳᠠᠮᠵᠢᠭᠤᠯᠤᠨ ᠲᠡᠭᠡᠭᠡᠪᠦᠷᠢᠯᠡᠬᠦ ᠶᠠᠪᠤᠴᠠ ᠳᠠᠬᠢ ᠪᠣᠬᠢᠷᠲᠤᠯ ᠢ ᠬᠢᠵᠠᠭᠠᠷᠯᠠᠬᠤ ᠶᠢ ᠴᠢᠩᠭᠠᠷᠠᠭᠤᠯᠤᠨ᠂ ᠪᠣᠬᠢᠷᠲᠤᠯ ᠤᠨ ᠠᠳᠡᠯ ᠭᠠᠷᠬᠤ ᠶᠢ ᠰᠡᠷᠭᠡᠶᠢᠯᠡᠵᠦ᠂ ᠣᠷᠴᠢᠨ ᠲᠣᠭᠤᠷᠢᠨ ᠤ ᠠᠶᠣᠯᠭᠦᠢ ᠶᠢ ᠦᠨᠡᠨᠬᠦ ᠪᠠᠲᠣᠯᠠᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠵᠠᠮ ᠬᠠᠷᠢᠯᠴᠠᠭ᠎ᠠ ᠲᠡᠭᠡᠭᠡᠪᠦᠷᠢ ᠶᠢᠨ ᠲᠣᠪᠴᠢᠶ᠎ᠠ︶      ︵ᠳᠥᠷᠪᠡ︶ ᠲᠡᠭᠦᠰᠬᠡᠯ ᠬᠡᠰᠡᠭ ᠤᠨ ᠲᠥᠷᠥᠯ ᠬᠤᠪᠢᠶᠠᠨ ᠰᠢᠢᠳᠪᠦᠷᠢᠯᠡᠬᠦ ᠴᠢᠳᠠᠪᠤᠷᠢ ᠶᠢ ᠲᠡᠭᠦᠯᠳᠡᠷᠵᠢᠭᠦᠯᠦᠨ᠎ᠡ᠃ ᠲᠥᠯᠥᠪᠵᠢᠭᠦᠯᠭᠡ ᠶᠢᠨ ᠬᠥᠲᠥᠯᠥᠨ ᠳᠠᠭᠠᠭᠤᠯᠬᠤ ᠪᠠ ᠪᠠᠲᠤᠯᠠᠬᠤ ᠦᠢᠯᠡᠳᠦᠯ ᠢ ᠴᠢᠬᠤᠯᠠᠴᠢᠯᠠᠵᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢᠨ ᠲᠥᠯᠥᠪᠵᠢᠭᠦᠯᠭᠡ ᠶᠢᠨ ᠪᠠᠲᠤᠯᠠᠭ᠎ᠠ ᠶᠢ ᠴᠢᠩᠭᠠᠳᠬᠠᠨ᠎ᠠ᠃ ᠬᠤᠲᠠ ᠶᠢᠨ ᠣᠷᠣᠨ ᠵᠠᠶ ᠶᠢᠨ ᠲᠥᠯᠥᠪᠵᠢᠭᠦᠯᠭᠡ ᠶᠢᠨ ᠶᠡᠷᠦᠩᠬᠡᠶ ᠪᠠᠶᠢᠷᠢᠰᠢᠭᠤᠯᠤᠯᠲᠠ ᠲᠠᠢ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢ ᠬᠤᠤᠷ ᠦᠭᠡᠶᠢᠳᠡᠭᠦᠯᠦᠨ ᠰᠢᠢᠳᠪᠦᠷᠢᠯᠡᠬᠦ ᠵᠢᠴᠢ ᠡᠬᠢ ᠪᠠᠶᠠᠯᠢᠭᠵᠢᠭᠤᠯᠤᠨ ᠠᠰᠢᠭᠯᠠᠬᠤ ᠪᠡᠯᠡᠳᠬᠡᠮᠵᠢ ᠶᠢ ᠡᠷᠲᠡᠬᠡᠨ ᠪᠠᠶᠢᠷᠢᠰᠢᠭᠤᠯᠵᠤ᠂ ᠦᠢᠯᠡᠳᠪᠦᠷᠢ ᠶᠢᠨ ᠬᠠᠶ᠋ᠢᠭ ᠢ ᠲᠣᠳᠣᠷᠬᠠᠶᠢᠯᠠᠨ᠂ ︽ᠬᠥᠷᠰᠢ ᠵᠡᠷᠭᠡᠯᠡᠳᠡᠭᠡ ᠠᠴᠠ  ᠵᠠᠶᠢᠯᠠᠭᠤᠯᠬᠤ︾ ᠪᠡᠷᠬᠡ ᠪᠠᠶᠢᠳᠠᠯ ᠢ ᠰᠢᠢᠳᠪᠦᠷᠢᠯᠡᠨ᠎ᠡ᠃ ᠨᠢᠭᠡᠨᠲᠡ ᠪᠠᠶᠢᠭᠤᠯᠤᠭᠰᠠᠨ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠪᠡᠯᠡᠳᠬᠡᠮᠵᠢ ᠶᠢᠨ ᠡᠷᠭᠢᠨ ᠲᠣᠭᠤᠷᠢᠨ ᠤ ᠣᠷᠣᠨ ᠵᠠᠶ ᠶᠢᠨ ᠳᠠᠯᠳᠠ ᠬᠦᠴᠦᠨ ᠢ ᠭᠦᠢᠴᠡᠳ ᠠᠭᠤᠳᠠᠯᠵᠤ᠂ ᠠᠮᠢᠳᠤᠷᠠᠯ ᠤᠨ ᠬᠤᠭ ᠨᠣᠪᠰᠢ ᠶᠢ ᠰᠢᠢᠳᠪᠦᠷᠢᠯᠡᠬᠦ ᠲᠤᠰᠬᠠᠶ ᠲᠥᠯᠥᠪᠵᠢᠭᠦᠯᠭᠡ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠎ᠡ︔ ᠡᠭᠡᠭᠦᠯᠦᠨ ᠬᠤᠷᠢᠶᠠᠵᠤ ᠪᠣᠯᠬᠤ ᠪᠣᠳᠠᠰ᠂ ᠬᠤᠣᠷᠲᠠᠢ ᠬᠤᠭ ᠨᠣᠪᠰᠢ ᠵᠡᠷᠭᠡ ᠶᠢ ᠰᠢᠢᠳᠪᠦᠷᠢᠯᠡᠬᠦ ᠵᠢᠴᠢ ᠠᠰᠢᠭᠯᠠᠬᠤ ᠪᠡᠯᠡᠳᠬᠡᠮᠵᠢ ᠶᠢᠨ ᠬᠤᠯᠪᠣᠭᠳᠠᠯ ᠪᠦᠬᠦᠢ ᠲᠥᠯᠥᠪᠵᠢᠭᠦᠯᠭᠡ ᠶᠢ ᠰᠠᠶᠢᠲᠤᠷ ᠬᠢᠬᠦ ᠶᠢᠨ ᠬᠠᠮᠲᠤ ᠱᠠᠯᠠᠪᠳᠠᠨ ᠬᠡᠷᠡᠭᠵᠢᠭᠦᠯᠦᠨ᠎ᠡ᠃ ᠨᠣᠶᠢᠲᠠᠨ ᠬᠤᠭ ᠨᠣᠪᠰᠢ ︵ᠲᠣᠭᠤᠭᠠᠨ ᠭᠡᠷ ᠤᠨ ᠢᠯᠡᠭᠦᠴᠡ ᠬᠤᠭ ᠨᠣᠪᠰᠢ︶ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ ᠠᠬᠢᠭᠤᠯᠤᠨ᠎ᠠ᠃ 2020 ᠣᠨ ᠳᠤ ᠡᠳᠦᠷ ᠲᠤ 300 ᠲᠣᠨ ᠰᠢᠢᠳᠪᠦᠷᠢᠯᠡᠬᠦ ᠴᠢᠳᠠᠪᠤᠷᠢ ᠲᠠᠢ ᠲᠣᠭᠤᠭᠠᠨ ᠭᠡᠷ ᠤᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ ᠪᠠᠶᠢᠭᠤᠯᠵᠤ᠂ ᠡᠳᠦᠷ ᠲᠤ 300 ᠲᠣᠨ ᠰᠢᠢᠳᠪᠦᠷᠢᠯᠡᠬᠦ ᠴᠢᠳᠠᠪᠤᠷᠢ ᠲᠠᠢ ᠲᠣᠭᠤᠭᠠᠨ ᠭᠡᠷ ᠤᠨ ᠢᠯᠡᠭᠦᠴᠡ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ ᠲᠥᠯᠥᠪᠵᠢᠭᠦᠯᠦᠨ ᠪᠠᠶᠢᠭᠤᠯᠤᠨ᠎ᠠ᠃ ᠬᠠᠭᠤᠷᠠᠶ ᠬᠤᠭ ᠨᠣᠪᠰᠢ ᠶᠢ  ᠰᠢᠢᠳᠪᠦᠷᠢᠯᠡᠬᠦ ᠴᠢᠳᠠᠪᠤᠷᠢ ᠶᠢ ᠤᠯᠠᠮ ᠨᠢᠭᠡ ᠠᠯᠬᠤᠮ ᠥᠷᠭᠡᠳᠬᠡᠵᠦ᠂ ᠵᠢᠶᠠ ᠱᠧᠩ ᠺᠣᠮᠫᠠᠨᠢ ᠶᠢᠨ ᠬᠤᠶᠠᠳᠤᠭᠠᠷ ᠬᠤᠭᠤᠴᠠᠭᠠᠨ ᠤ ᠡᠳᠦᠷ ᠲᠤ 750 ᠲᠤᠨ ᠬᠠᠶᠠᠭᠳᠠᠮᠠᠯ ᠬᠤᠭ ᠨᠣᠪᠰᠢ ᠶᠢ ᠰᠢᠲᠠᠭᠠᠵᠤ ᠰᠢᠢᠳᠪᠦᠷᠢᠯᠡᠬᠦ ᠴᠠᠬᠢᠯᠭᠠᠨ ᠭᠠᠷᠭᠠᠬᠤ ᠲᠥᠷᠥᠯ ᠵᠦᠢᠯ ᠢ ᠲᠦᠯᠬᠢᠨ ᠠᠬᠢᠭᠤᠯᠤᠨ᠎ᠠ᠃ ᠡᠭᠡᠭᠦᠯᠦᠨ ᠬᠤᠷᠢᠶᠠᠵᠤ ᠪᠣᠯᠬᠤ ᠪᠣᠳᠠᠰ ᠢ ᠪᠣᠯᠪᠠᠰᠤᠷᠠᠭᠤᠯᠤᠨ ᠠᠰᠢᠭᠯᠠᠬᠤ ᠵᠠᠬ᠎ᠠ ᠳᠡᠯᠭᠡᠭᠦᠷ ︵ᠳᠠᠬᠢᠯᠲᠠ ᠡᠬᠢ ᠪᠠᠶᠠᠯᠢᠭ ᠤᠨ ᠠᠵᠤ ᠦᠢᠯᠡᠰ ᠤᠨ ᠬᠦᠷᠢᠶᠡᠯᠡᠩ︶ ᠢ ᠪᠠᠶᠢᠭᠤᠯᠣᠨ᠎ᠠ᠃ ᠰᠢᠢᠳᠪᠦᠷᠢᠯᠡᠬᠦ ᠬᠡᠷᠡᠭᠴᠡᠭᠡ ᠶᠢ ᠦᠨᠳᠦᠰᠦᠯᠡᠨ᠂ ᠲᠣᠮᠣ ᠡᠳ᠋ᠯᠡᠯ ᠤᠨ ᠬᠤᠭ ᠨᠣᠪᠰᠢ᠂ ᠨᠣᠭᠤᠭᠠᠷᠠᠭᠤᠯᠤᠯᠲᠠ ᠶᠢᠨ ᠬᠤᠭ ᠨᠣᠪᠰᠢ ᠶᠢ ᠰᠢᠢᠳᠪᠦᠷᠢᠯᠡᠬᠦ ᠦᠢᠯᠡᠳᠪᠦᠷᠢ ᠶᠢ ᠲᠥᠯᠥᠪᠵᠢᠭᠦᠯᠦᠨ ᠪᠦᠲᠦᠭᠡᠨ ᠪᠠᠶᠢᠭᠤᠯᠣᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠠᠵᠤ ᠠᠬᠤᠢ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶      ᠭᠤᠷᠪᠠ᠂ ᠪᠠᠲᠤᠯᠠᠬᠤ ᠠᠷᠭ᠎ᠠ ᠬᠡᠮᠵᠢᠶ᠎ᠡ      ︵ᠨᠢᠭᠡ︶ ᠪᠠᠶᠢᠭᠤᠯᠤᠯ ᠲᠣᠭᠲᠠᠴᠠ ᠶᠢ ᠪᠦᠷᠢᠨᠰᠢᠭᠦᠯᠦᠨ᠎ᠡ᠃ ᠡᠯ᠎ᠡ ᠲᠣᠭᠤᠷᠢᠭ ᠤᠨ ᠨᠠᠮ ᠤᠨ ᠬᠤᠷᠢᠶ᠎ᠠ᠂ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠨᠠᠮ ᠤᠨ ᠠᠵᠢᠯᠯᠠᠬᠤ ᠬᠤᠷᠢᠶ᠎ᠠ᠂ ᠬᠠᠮᠢᠶᠠᠷᠤᠯᠲᠠ ᠶᠢᠨ ᠵᠥᠪᠯᠡᠯ᠂ ᠡᠯ᠎ᠡ ᠡᠭᠦᠷᠭᠡ ᠴᠢᠳᠠᠪᠬᠢᠲᠤ ᠰᠠᠯᠠᠭ᠎ᠠ ᠮᠥᠴᠢᠷ ᠤᠨ ᠭᠤᠤᠯ ᠤᠳᠤᠷᠢᠳᠤᠯᠭ᠎ᠠ ᠲᠦᠷᠦᠭᠦᠯᠡᠨ ᠶᠡᠷᠦᠩᠬᠡᠶ ᠱᠦᠵᠢ ᠰᠢ ᠶᠢᠨ ᠫᠢᠩ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠲᠤᠬᠠᠶ ᠵᠢᠭᠠᠪᠤᠷᠢ ᠶᠢᠨ ᠵᠣᠷᠢᠭ ᠰᠠᠨᠠᠭ᠎ᠠ ᠶᠢ ᠨᠠᠷᠢᠨ ᠬᠢᠨᠠᠮᠠᠭᠠᠶ ᠰᠤᠷᠤᠯᠴᠠᠵᠤ᠂ ᠤᠯᠤᠰ ᠲᠥᠷᠦ ᠶᠢᠨ ᠵᠣᠭᠰᠣᠴᠠ ᠪᠠᠨ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠮᠠᠨ ᠤ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠴᠢᠬᠤᠯᠠ ᠴᠢᠨᠠᠷ ᠪᠣᠯᠤᠨ ᠲᠤᠯᠭᠠᠮ᠎ᠠ ᠴᠢᠨᠠᠷ ᠢ ᠭᠦᠢᠴᠡᠳ ᠲᠠᠨᠢᠬᠤ ᠬᠡᠷᠡᠭᠲᠡᠶ᠃ ᠪᠡᠶ᠎ᠡ ᠪᠠᠷ ᠢᠶᠠᠨ ᠪᠠᠶᠢᠷᠢᠯᠠᠭᠤᠯᠤᠨ᠂ ᠡᠮᠦᠨ᠎ᠡ ᠨᠢ ᠵᠢᠯᠣᠭᠤᠳᠴᠤ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠵᠠᠰᠠᠭ ᠤᠨ ᠣᠷᠳᠣᠨ ᠤ ᠨᠢᠭᠡ ᠵᠦᠢᠯ ᠤᠨ ᠴᠢᠬᠤᠯᠠ ᠠᠵᠢᠯ ᠤᠨ ᠡᠭᠦᠷᠭᠡ ᠪᠣᠯᠭᠠᠨ ᠠᠳᠬᠤᠬᠤ ᠬᠡᠷᠡᠭᠲᠡᠶ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠠᠳᠬᠤᠬᠤ ᠬᠠᠮᠢᠶᠠᠷᠤᠯᠲᠠ ᠶᠢᠨ ᠪᠠᠶᠢᠭᠤᠯᠤᠯ ᠢ ᠪᠠᠶᠢᠭᠤᠯᠤᠨ᠎ᠠ᠃ ᠡᠯ᠎ᠡ ᠲᠣᠭᠤᠷᠢᠭ ᠤᠨ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠶᠢᠨ ᠳᠠᠭᠠᠭᠠᠴᠢᠯᠠᠨ ᠬᠠᠷᠢᠯᠴᠠᠬᠤ ᠬᠡᠷᠡᠭ ᠡᠷᠬᠢᠯᠡᠬᠦ ᠭᠠᠵᠠᠷ᠂ ᠡᠭᠦᠷᠭᠡ ᠴᠢᠳᠠᠪᠬᠢᠲᠤ ᠨᠢᠭᠡᠴᠡ ᠶᠢᠨ ᠨᠡᠶᠢᠭᠡᠮ ᠲᠣᠭᠤᠷᠢᠭ ᠢ ᠳᠠᠭᠠᠭᠠᠴᠢᠯᠠᠨ ᠬᠠᠷᠢᠯᠴᠠᠬᠤ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠪᠦᠷᠢᠨᠰᠢᠭᠦᠯᠵᠦ᠂ ᠪᠦᠬᠦ ᠨᠡᠶᠢᠭᠡᠮ ᠤᠨ ᠬᠦᠴᠦᠨ ᠢ ᠳᠠᠶᠢᠴᠢᠯᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠳᠤ ᠣᠷᠣᠯᠴᠠᠭᠤᠯᠣᠨ᠎ᠠ᠃ ᠲᠣᠭᠤᠷᠢᠭ ᠤᠨ ᠵᠠᠰᠠᠭ ᠤᠨ ᠣᠷᠳᠣᠨ ᠤ ᠭᠤᠤᠯ ᠤᠳᠤᠷᠢᠳᠤᠯᠭ᠎ᠠ ᠪᠠᠷ ᠳᠤᠭᠤᠶᠢᠯᠠᠩ ᠤᠨ ᠳᠠᠷᠤᠭ᠎ᠠ ᠪᠣᠯᠭᠠᠭᠰᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠤᠭᠤᠶᠢᠯᠠᠩ ᠢ ᠪᠠᠶᠢᠭᠤᠯᠣᠨ᠎ᠠ᠃ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠠᠮᠲᠤᠷᠠᠭᠰᠠᠨ ᠬᠤᠷᠠᠯ ᠤᠨ ᠳᠦᠷᠢᠮ ᠢ ᠪᠠᠶᠢᠭᠤᠯᠵᠤ᠂ ᠨᠢᠭᠡᠳᠦᠯᠲᠡᠶ ᠲᠥᠯᠥᠪᠯᠡᠨ ᠵᠣᠬᠢᠴᠠᠭᠤᠯᠬᠤ ᠶᠢ ᠴᠢᠩᠭᠠᠳᠬᠠᠨ᠂ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠢ ᠨᠠᠷᠢᠯᠢᠭᠵᠢᠭᠤᠯᠵᠤ᠂ ᠠᠵᠢᠯ ᠤᠨ ᠬᠠᠮᠵᠢᠯᠴᠠᠭ᠎ᠠ ᠶᠢ ᠴᠢᠩᠭᠠᠷᠠᠭᠤᠯᠤᠨ᠎ᠠ᠃ ᠡᠯ᠎ᠡ ᠲᠣᠭᠤᠷᠢᠭ ᠤᠨ ᠵᠠᠰᠠᠭ ᠤᠨ ᠣᠷᠳᠣᠨ ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠭᠤᠤᠯ ᠴᠣᠭᠴᠠ ᠶᠢᠨ ᠬᠠᠷᠢᠭᠤᠴᠠᠯᠭ᠎ᠠ ᠪᠠᠨ ᠦᠨᠡᠨᠬᠦ ᠡᠭᠦᠷᠭᠡᠯᠡᠵᠦ᠂ ᠬᠠᠮᠢᠶᠠᠷᠤᠯᠲᠠ ᠶᠢᠨ ᠭᠤᠤᠯᠳᠠᠯᠭ᠎ᠠ ᠪᠠᠨ ᠳᠣᠷᠣᠭᠰᠢ ᠰᠢᠯᠵᠢᠭᠦᠯᠬᠦ ᠶᠢ ᠪᠠᠷᠢᠮᠲᠠᠯᠠᠨ᠂ ᠵᠡᠭᠡᠯᠢ ᠭᠤᠳᠤᠮᠵᠢ᠂ ᠨᠡᠶᠢᠭᠡᠮ ᠲᠣᠭᠤᠷᠢᠭ ᠤᠨ ᠠᠵᠢᠯ ᠤᠨ ᠰᠠᠭᠤᠷᠢ ᠶᠢ ᠪᠠᠬᠢᠵᠢᠭᠦᠯᠵᠦ᠂ ᠨᠡᠶᠢᠭᠡᠮ ᠲᠣᠭᠤᠷᠢᠭ ᠤᠨ ᠡᠬᠢ ᠪᠠᠶᠠᠯᠢᠭ ᠢ ᠭᠦᠢᠴᠡᠳ ᠳᠠᠶᠢᠴᠢᠯᠠᠨ ᠬᠤᠭ ᠨᠣᠪᠰᠢ ᠶᠢ ᠲᠥᠷᠥᠯ ᠬᠤᠪᠢᠶᠠᠬᠤ ᠶᠢ ᠲᠦᠯᠬᠢᠨ ᠠᠬᠢᠭᠤᠯᠬᠤ ᠬᠡᠷᠡᠭᠲᠡᠶ᠃ ᠬᠢᠨᠠᠨ ᠰᠢᠯᠭᠠᠬᠤ ᠶᠢ ᠴᠢᠩᠭᠠᠳᠬᠠᠵᠣ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠶᠢ ᠵᠢᠯ ᠤᠨ ᠪᠣᠳᠠᠲᠤ ᠠᠮᠵᠢᠯᠲᠠ ᠶᠢ ᠬᠢᠨᠠᠨ ᠰᠢᠯᠭᠠᠬᠤ ᠭᠦᠢᠴᠡᠳᠬᠡᠯ ᠲᠤᠭ᠎ᠠ ᠶᠢᠨ ᠰᠢᠰᠲ᠋ᠧᠮᠵᠢ ᠳᠤ ᠣᠷᠣᠭᠤᠯᠬᠤ ᠶᠢᠨ ᠬᠠᠮᠲᠤ᠂ ᠬᠢᠨᠠᠨ ᠰᠢᠯᠭᠠᠭᠰᠠᠨ ᠦᠷ᠎ᠡ ᠳ᠋ᠦᠩ ᠢᠶᠠᠨ ᠨᠡᠶᠢᠭᠡᠮ ᠳᠤ ᠨᠡᠶᠢᠲᠡᠯᠡᠵᠦ᠂ ᠨᠡᠶᠢᠭᠡᠮ ᠤᠨ ᠬᠢᠨᠠᠯᠲᠠ ᠶᠢ ᠬᠦᠯᠢᠶᠡᠨ᠎ᠡ᠃      ︵ᠬᠠᠷᠢᠭᠤᠴᠠᠬᠤ ᠨᠢᠭᠡᠴᠡ᠄ ᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠤᠳᠤᠷᠢᠳᠬᠤ ᠳᠣᠭᠤᠶᠢᠯᠠᠩ ᠤᠨ ᠪᠦᠷᠢᠯᠳᠦᠬᠦᠨ ᠨᠢᠭᠡᠴᠡ︶      ︵ᠬᠤᠶᠠᠷ︶ ᠬᠠᠤᠯᠢ ᠳᠦᠷᠢᠮ ᠤᠨ ᠪᠠᠲᠤᠯᠠᠭ᠎ᠠ ᠶᠢ ᠴᠢᠩᠭᠠᠳᠬᠠᠨ᠎ᠠ᠃ ︽ᠬᠦᠬᠡᠬᠤᠲᠠ ᠶᠢᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠬᠠᠮᠢᠶᠠᠷᠣᠯᠲᠠ ᠶᠢᠨ ᠠᠷᠭ᠎ᠠ︾ ᠶᠢ ᠨᠡᠶᠢᠲᠡᠯᠡᠬᠦ ᠶᠢ ᠠᠬᠢᠭᠤᠯᠤᠨ᠎ᠠ᠃ ᠨᠢᠭᠡ ᠯᠡ ᠤᠳᠠᠭ᠎ᠠ ᠶᠢᠨ ᠴᠢᠨᠠᠷᠲᠠᠢ ᠬᠡᠷᠡᠭᠰᠡᠯ ᠢ ᠬᠦᠴᠦᠨ ᠥᠬᠡᠶ ᠪᠣᠯᠭᠠᠬᠤ᠂ ᠬᠡᠲᠦ ᠪᠣᠭᠤᠳᠠᠯᠯᠠᠬᠤ ᠶᠢ ᠬᠢᠵᠠᠭᠠᠷᠯᠠᠬᠤ ᠵᠡᠷᠭᠡ ︽ᠬᠠᠲᠠᠭᠤ ᠬᠢᠵᠠᠭᠠᠷᠯᠠᠯ︾ ᠤᠨ ᠲᠣᠭᠲᠠᠴᠠ ᠶᠢ ᠰᠤᠳᠤᠯᠤᠨ ᠨᠡᠶᠢᠲᠡᠯᠡᠨ᠎ᠡ᠃ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ᠂ ᠣᠷᠴᠢᠨ ᠲᠣᠭᠤᠷᠢᠨ ᠤ ᠬᠠᠮᠠᠭᠠᠯᠠᠯᠲᠠ᠂ ᠪᠦᠲᠦᠭᠡᠨ ᠪᠠᠶᠢᠭᠤᠯᠣᠯᠲᠠ ᠵᠡᠷᠭᠡ ᠣᠯᠠᠨ ᠰᠠᠯᠠᠭ᠎ᠠ ᠮᠥᠴᠢᠷ ᠤᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠬᠠᠮᠵᠢᠯᠴᠠᠭ᠎ᠠ ᠶᠢᠨ ᠲᠣᠭᠲᠠᠴᠠ ᠶᠢ ᠪᠠᠶᠢᠭᠤᠯᠵᠤ᠂ ᠬᠠᠤᠯᠢ ᠬᠡᠷᠡᠭᠵᠢᠭᠦᠯᠦᠯᠲᠡ ᠶᠢᠨ ᠪᠠᠶᠢᠴᠠᠭᠠᠯᠲᠠ ᠶᠢ ᠵᠣᠬᠢᠶᠠᠨ ᠪᠠᠶᠢᠭᠤᠯᠣᠨ ᠥᠷᠨᠢᠭᠦᠯᠵᠦ᠂ ᠬᠢᠨᠠᠯᠲᠠ ᠬᠠᠮᠢᠶᠠᠷᠤᠯᠲᠠ ᠶᠢᠨ ᠮᠡᠳᠡᠭᠡ ᠵᠠᠩᠭᠢ ᠶᠢ ᠬᠠᠮᠲᠤᠪᠠᠷ ᠡᠳ᠋ᠯᠡᠬᠦ ᠶᠢ ᠪᠡᠶᠡᠯᠡᠭᠦᠯᠵᠦ᠂ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠨ ᠬᠠᠶᠠᠬᠤ᠂ ᠴᠤᠭᠯᠠᠭᠤᠯᠬᠤ᠂ ᠲᠡᠭᠡᠭᠡᠪᠦᠷᠢᠯᠡᠬᠦ᠂ ᠰᠢᠢᠳᠪᠦᠷᠢᠯᠡᠬᠦ ᠬᠠᠷᠢᠭᠤᠴᠠᠯᠭ᠎ᠠ ᠶᠢᠨ ᠭᠤᠤᠯ ᠴᠣᠭᠴᠠ ᠳᠤ ᠬᠠᠤᠯᠢ ᠬᠡᠷᠡᠭᠵᠢᠭᠦᠯᠵᠦ ᠬᠢᠨᠠᠯᠲᠠ ᠲᠠᠯᠪᠢᠬᠤ ᠶᠢ ᠦᠨᠡᠨᠬᠦ ᠴᠢᠩᠭᠠᠳᠬᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠶᠢ ᠠᠳᠠᠯ ᠠᠬᠤᠢ ᠶᠢᠨ ᠦᠢᠯᠡᠴᠢᠯᠡᠭᠡᠨ ᠤ ᠪᠠᠷᠢᠮᠵᠢᠶ᠎ᠠ ᠶᠢᠨ ᠰᠢᠰᠲ᠋ᠧᠮᠵᠢ ᠳᠤ ᠣᠷᠣᠭᠤᠯᠵᠤ᠂ ᠠᠳᠠᠯ ᠠᠬᠤᠢ ᠶᠢᠨ ᠠᠵᠤ ᠠᠬᠤᠶᠢᠯᠠᠯ ᠢ ᠬᠥᠲᠥᠯᠥᠨ ᠵᠢᠯᠣᠭᠤᠳᠴᠤ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠳᠤ ᠣᠷᠣᠯᠴᠠᠭᠤᠯᠵᠤ᠂ ᠬᠤᠭ ᠨᠣᠪᠰᠢ ᠶᠢ ᠲᠥᠷᠥᠯ ᠬᠤᠪᠢᠶᠠᠨ ᠬᠠᠮᠢᠶᠠᠷᠬᠤ ᠶᠠᠪᠤᠴᠠ ᠳᠠᠬᠢ ᠠᠳᠠᠯ ᠠᠬᠤᠢ ᠶᠢᠨ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠢ ᠪᠠᠲᠤᠯᠠᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠠᠤᠯᠢ ᠴᠠᠭᠠᠵᠠ ᠶᠢᠨ ᠲᠣᠪᠴᠢᠶ᠎ᠠ᠂ ᠰᠣᠶᠣᠯ ᠵᠢᠭᠤᠯᠴᠢᠯᠠᠯ ᠷᠠᠳᠢᠣ᠋ ᠲᠧᠯᠸᠢᠰ ᠤᠨ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︶      ︵ᠭᠤᠷᠪᠠ︶ ᠲᠥᠷᠥ ᠶᠢᠨ ᠪᠣᠳᠣᠯᠭ᠎ᠠ ᠶᠢᠨ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠠᠮᠢᠳᠤᠷᠠᠯ ᠤᠨ ᠬᠤᠭ ᠨᠣᠪᠰᠢ  ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠳᠤ ᠨᠥᠬᠦᠪᠥᠷᠢ ᠥᠭᠬᠦ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠡᠯ᠎ᠡ ᠲᠣᠭᠤᠷᠢᠭ ᠤᠨ ᠠᠮᠢᠳᠤᠷᠠᠯ ᠤᠨ ᠬᠤᠭ ᠨᠣᠪᠰᠢ ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠠᠬᠢᠭᠤᠯᠤᠨ᠎ᠠ᠃ ᠪᠠᠶᠢᠭᠤᠯᠭ᠎ᠠ ᠨᠢᠭᠡᠴᠡ ᠶᠢᠨ ᠠᠮᠢᠳᠤᠷᠠᠯ ᠤᠨ ᠬᠤᠭ ᠨᠣᠪᠰᠢ ᠶᠢᠨ ᠰᠦᠢᠳᠬᠡᠯ ᠬᠤᠷᠢᠶᠠᠬᠤ ᠳᠦᠷᠢᠮ ᠢ ᠪᠠᠶᠢᠭᠤᠯᠵᠤ᠂ ᠲᠥᠷᠥᠯ ᠬᠤᠪᠢᠶᠠᠭᠰᠠᠨ ᠶᠠᠰᠤ ᠴᠢᠨᠠᠷ ᠯᠤᠭ᠎ᠠ ᠬᠤᠯᠪᠣᠭᠳᠠᠭᠤᠯᠤᠭᠰᠠᠨ ᠠᠮᠢᠳᠤᠷᠠᠯ ᠤᠨ ᠬᠤᠭ ᠨᠣᠪᠰᠢ ᠶᠢᠨ ᠰᠦᠢᠳᠬᠡᠯ ᠬᠤᠷᠢᠶᠠᠬᠤ ᠲᠣᠭᠲᠠᠴᠠ ᠶᠢ ᠪᠠᠶᠢᠭᠤᠯᠤᠨ᠎ᠠ︔ ᠰᠠᠭᠤᠭᠠᠯᠢ ᠠᠷᠠᠳ ᠤᠨ ᠡᠬᠢ ᠡᠭᠦᠰᠦᠯ ᠠᠴᠠ ᠨᠢ ᠲᠥᠷᠥᠯ ᠬᠤᠪᠢᠶᠠᠭᠰᠠᠨ ᠠᠮᠢᠳᠤᠷᠠᠯ ᠤᠨ ᠬᠤᠭ ᠨᠣᠪᠰᠢ ᠶᠢᠨ  ᠰᠦᠢᠳᠬᠡᠯ ᠬᠤᠷᠢᠶᠠᠬᠤ ᠳᠦᠷᠢᠮ ᠢ ᠰᠤᠳᠤᠯᠤᠨ ᠠᠬᠢᠭᠤᠯᠤᠨ᠎ᠠ᠃ ᠡᠬᠢ ᠪᠣᠯᠬᠤ ᠬᠤᠭ ᠨᠣᠪᠰᠢ ᠶᠢ ᠬᠤᠷᠢᠶᠠᠨ ᠲᠡᠭᠡᠭᠡᠪᠦᠷᠢᠯᠡᠬᠦ ᠴᠢᠳᠠᠪᠤᠷᠢ ᠶᠢ ᠳᠡᠮᠵᠢᠬᠦ ᠲᠥᠷᠥ ᠶᠢᠨ ᠪᠣᠳᠣᠯᠭ᠎ᠠ ᠶᠢ ᠲᠣᠭᠲᠠᠭᠠᠨ ᠬᠡᠷᠡᠭᠵᠢᠭᠦᠯᠵᠦ᠂ ᠲᠤᠰᠬᠠᠶ ᠲᠡᠭᠡᠭᠡᠪᠦᠷᠢ ᠶᠢᠨ ᠲᠡᠷᠭᠡ ᠶᠢᠨ ᠴᠢᠳᠠᠪᠤᠷᠢ ᠶᠢᠨ ᠲᠣᠬᠢᠷᠠᠭᠤᠯᠤᠯᠲᠠ ᠶᠢ ᠨᠡᠮᠡᠭᠳᠡᠭᠦᠯᠦᠨ᠂ ᠳᠣᠤᠷ᠎ᠠ ᠲᠡᠰ ᠤᠨ ᠲᠡᠷᠭᠡᠨ ᠤ ᠬᠡᠯᠪᠡᠷᠢ ᠶᠢ ᠠᠯᠬᠤᠮ ᠠᠯᠬᠤᠮ ᠢᠶᠠᠷ ᠳᠡᠰ ᠳᠡᠪᠰᠢᠭᠦᠯᠦᠨ ᠥᠭᠡᠷᠡᠴᠢᠯᠡᠬᠦ ᠶᠢ ᠠᠬᠢᠭᠤᠯᠵᠤ᠂ ᠲᠤᠰᠬᠠᠶ ᠮᠡᠷᠭᠡᠵᠢᠯ ᠤᠨ ᠬᠤᠷᠢᠶᠠᠨ ᠲᠡᠭᠡᠭᠡᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ᠨᠣᠶᠢᠲᠠᠨ ᠬᠤᠭ ᠨᠣᠪᠰᠢ ᠶᠢ ᠡᠬᠢ ᠪᠠᠶᠠᠯᠢᠭᠵᠢᠭᠤᠯᠣᠭᠰᠠᠨ ᠦᠢᠯᠡᠳᠬᠦᠨ ᠢ ᠨᠣᠭᠤᠭᠠᠷᠠᠭᠤᠯᠣᠯᠲᠠ ᠶᠢᠨ ᠭᠠᠵᠠᠷ ᠰᠢᠭᠤᠶᠢᠲᠣ ᠭᠠᠵᠠᠷ ᠤᠨ ᠬᠥᠷᠥᠰᠥ ᠰᠢᠷᠣᠶ ᠶᠢ ᠰᠠᠶᠢᠵᠢᠷᠠᠭᠤᠯᠬᠤ ᠳᠤ ᠬᠡᠷᠡᠭᠯᠡᠬᠦ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠨᠣᠶᠢᠲᠠᠨ ᠬᠤᠭ ᠨᠣᠪᠰᠢ ᠶᠢ ᠡᠬᠢ ᠪᠠᠶᠠᠯᠢᠭᠵᠢᠭᠤᠯᠤᠨ ᠠᠰᠢᠭᠯᠠᠬᠤ ᠦᠢᠯᠡᠳᠬᠦᠨ ᠤ ᠭᠠᠷᠬᠤ ᠵᠠᠮ ᠢ ᠨᠡᠪᠲᠡᠷᠡᠭᠦᠯᠦᠨ᠎ᠡ᠃ ᠲᠣᠭᠤᠭᠠᠨ ᠭᠡᠷ ᠤᠨ ᠬᠠᠶᠠᠭᠳᠠᠮᠠᠯ  ᠲᠣᠰᠣ ᠶᠢ ᠡᠬᠢ ᠪᠠᠶᠠᠯᠢᠭᠵᠢᠭᠤᠯᠬᠤ ᠶᠢ ᠲᠡᠳᠬᠦᠨ ᠳᠡᠮᠵᠢᠬᠦ ᠲᠥᠷᠦ ᠶᠢᠨ ᠪᠣᠳᠣᠯᠭ᠎ᠠ ᠶᠢ ᠲᠡᠭᠦᠯᠳᠡᠷᠵᠢᠭᠦᠯᠵᠦ᠂ ᠳᠠᠬᠢᠯᠲᠠ ᠪᠦᠲᠦᠭᠡᠭᠳᠡᠬᠦᠨ ᠤ ᠠᠰᠢᠭᠯᠠᠯᠲᠠ ᠶᠢ ᠠᠬᠢᠭᠤᠯᠤᠨ᠎ᠠ᠃ ᠳᠣᠤᠷ᠎ᠠ ᠥᠷᠲᠡᠭᠲᠦ ᠡᠭᠡᠭᠦᠯᠦᠨ ᠬᠤᠷᠢᠶᠠᠵᠤ ᠪᠣᠯᠬᠤ ᠪᠣᠳᠠᠰ ᠤᠨ ᠡᠭᠡᠭᠦᠯᠦᠨ ᠬᠤᠷᠢᠶᠠᠬᠤ ᠨᠥᠬᠦᠪᠥᠷᠢ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠠᠵᠤ ᠠᠬᠤᠶᠢᠯᠠᠯ ᠢ ᠳᠣᠤᠷ᠎ᠠ ᠥᠷᠲᠡᠭᠲᠦ ᠡᠭᠡᠭᠦᠯᠦᠨ ᠬᠤᠷᠢᠶᠠᠵᠤ ᠪᠣᠯᠬᠤ ᠪᠣᠳᠠᠰ ᠤᠨ ᠡᠭᠡᠭᠦᠯᠦᠨ ᠬᠤᠷᠢᠶᠠᠵᠤ ᠠᠰᠢᠭᠯᠠᠬᠤ ᠶᠢ ᠬᠦᠲᠦᠯᠦᠨ ᠵᠢᠯᠣᠭᠤᠳᠣᠨ᠎ᠠ᠃ ᠬᠤᠣᠷᠲᠠᠢ ᠬᠤᠭ ᠨᠣᠪᠰᠢ ᠶᠢ ᠲᠥᠪᠯᠡᠷᠡᠭᠦᠯᠦᠨ ᠴᠤᠭᠯᠠᠭᠤᠯᠵᠤ ᠰᠢᠢᠳᠪᠦᠷᠢᠯᠡᠬᠦ ᠲᠤᠰᠬᠠᠶ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠲᠣᠭᠲᠠᠭᠠᠵᠤ᠂ ᠬᠤᠣᠷᠲᠠᠢ ᠬᠤᠭ ᠨᠣᠪᠰᠢ ᠶᠢ ᠲᠡᠭᠡᠭᠡᠪᠦᠷᠢᠯᠡᠵᠦ ᠰᠢᠢᠳᠪᠦᠷᠢᠯᠡᠬᠦ ᠶᠢ ᠵᠢᠷᠤᠮᠵᠢᠭᠤᠯᠬᠤ ᠶᠢ ᠦᠨᠡᠨᠬᠦ ᠪᠠᠲᠤᠯᠠᠵᠤ᠂ ᠣᠷᠴᠢᠨ ᠲᠣᠭᠤᠷᠢᠨ ᠤ ᠠᠶᠣᠯᠭᠦᠢ ᠶᠢ ᠬᠠᠮᠠᠭᠠᠯᠠᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠡᠳ᠋ ᠤᠨ ᠵᠠᠰᠠᠭ ᠤᠨ ᠲᠣᠪᠴᠢᠶ᠎ᠠ᠂ ᠬᠠᠩᠭᠠᠨ ᠪᠣᠷᠣᠯᠠᠭᠤᠯᠬᠤ ᠬᠤᠷᠰᠢᠶ᠎ᠠ︶      ︵ᠳᠥᠷᠪᠡ︶ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠵᠠᠰᠠᠭ ᠤᠨ ᠣᠷᠳᠣᠨ ᠬᠠᠤᠯᠢ ᠶᠣᠰᠣᠭᠠᠷ ᠬᠢᠨᠠᠨ ᠬᠠᠮᠢᠶᠠᠷᠴᠤ᠂ ᠨᠡᠶᠢᠭᠡᠮ ᠨᠡᠶᠢᠲᠡ ᠪᠠᠷ ᠢᠶᠠᠨ ᠬᠢᠨᠠᠯᠲᠠ ᠲᠠᠯᠪᠢᠬᠤ ᠳᠤ ᠣᠷᠣᠯᠴᠠᠭᠰᠠᠨ ᠠᠮᠢᠳᠤᠷᠠᠯ ᠤᠨ ᠬᠤᠭ ᠨᠣᠪᠰᠢ ᠶᠢ ᠲᠥᠷᠥᠯ ᠬᠤᠪᠢᠶᠠᠬᠤ ᠪᠦᠬᠦ ᠶᠠᠪᠤᠴᠠ ᠶᠢᠨ ᠶᠡᠷᠦᠩᠬᠡᠶᠢᠯᠡᠭᠰᠡᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠵᠦ᠂ ᠶᠠᠰᠤ ᠴᠢᠨᠠᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠨ᠎ᠠ᠃ ᠡᠯ᠎ᠡ ᠲᠣᠭᠤᠷᠢᠭ᠂ ᠵᠡᠭᠡᠯᠢ ᠭᠤᠳᠤᠮᠵᠢ ᠶᠢᠨ ᠬᠡᠷᠡᠭ ᠡᠷᠬᠢᠯᠡᠬᠦ ᠭᠠᠵᠠᠷ᠂ ᠨᠡᠶᠢᠭᠡᠮ ᠲᠣᠭᠤᠷᠢᠭ ᠤᠨ ᠣᠯᠠᠨ ᠱᠠᠲᠤᠨ ᠤ ᠰᠢᠮᠳᠠᠭᠤᠯᠤᠨ ᠪᠠᠶᠢᠴᠠᠭᠠᠬᠤ ᠲᠣᠭᠲᠠᠴᠠ ᠶᠢ ᠨᠠᠶᠢᠳᠠᠪᠣᠷᠢᠵᠢᠭᠤᠯᠵᠣ᠂ ᠬᠠᠤᠯᠢ ᠬᠡᠷᠡᠭᠵᠢᠭᠦᠯᠵᠦ ᠬᠢᠨᠠᠨ ᠬᠠᠮᠢᠶᠠᠷᠬᠤ ᠶᠢ ᠴᠢᠩᠭᠠᠳᠬᠠᠨ᠎ᠠ᠃ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠶᠢᠨ ᠬᠢᠨᠠᠯᠲᠠ ᠬᠠᠮᠢᠶᠠᠷᠤᠯᠲᠠ ᠶᠢ ᠴᠢᠩᠭ᠎ᠠ ᠪᠠᠶᠢᠯᠭᠠᠵᠤ᠂ ︽ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ ᠲᠡᠭᠡᠭᠡᠪᠦᠷᠢᠯᠡᠬᠦ︾ ᠶᠢ ᠡᠷᠡᠰ ᠬᠤᠷᠢᠭᠯᠠᠨ ᠵᠣᠭᠰᠣᠭᠠᠵᠤ᠂ ᠲᠥᠷᠥᠯ ᠬᠤᠪᠢᠶᠠᠨ ᠬᠤᠷᠢᠶᠠᠨ ᠲᠡᠭᠡᠭᠡᠪᠦᠷᠢᠯᠡᠬᠦ ᠶᠢ ᠬᠡᠷᠡᠭᠵᠢᠭᠦᠯᠦᠭᠰᠡᠨ ᠪᠠᠶᠢᠳᠠᠯ ᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠷᠢᠶᠠᠨ ᠠᠪᠴᠤ ᠲᠡᠭᠡᠭᠡᠪᠦᠷᠢᠯᠡᠬᠦ ᠠᠵᠤ ᠠᠬᠤᠶᠢᠯᠠᠯ ᠤᠨ ᠢᠲᠡᠭᠡᠮᠵᠢ ᠶᠢᠨ ᠬᠠᠮᠢᠶᠠᠷᠤᠯᠲᠠ ᠶᠢᠨ ᠰᠢᠰᠲ᠋ᠧᠮᠵᠢ ᠳᠤ ᠣᠷᠣᠭᠤᠯᠵᠤ᠂ ︽ᠬᠤᠯᠢᠯᠳᠤᠭᠤᠯᠤᠨ ᠰᠠᠪᠠᠯᠠᠵᠤ ᠬᠤᠯᠢᠯᠳᠤᠭᠤᠯᠤᠨ ᠲᠡᠭᠡᠭᠡᠪᠦᠷᠢᠯᠡᠭᠰᠡᠨ︾ ᠲᠥᠷᠥᠯ ᠬᠤᠪᠢᠶᠠᠨ ᠬᠠᠶᠠᠬᠤ ᠶᠢ ᠬᠠᠮᠢᠶᠠᠷᠬᠤ ᠬᠠᠷᠢᠭᠤᠴᠠᠯᠭᠠᠲᠠᠨ ᠵᠢᠴᠢ ᠣᠷᠴᠢᠨ ᠲᠣᠭᠤᠷᠢᠨ ᠤ ᠠᠷᠢᠭᠤᠨ ᠴᠡᠪᠡᠷ ᠤᠨ ᠬᠤᠷᠢᠶᠠᠨ ᠠᠪᠴᠤ ᠲᠡᠭᠡᠭᠡᠪᠦᠷᠢᠯᠡᠬᠦ ᠠᠵᠤ ᠠᠬᠤᠶᠢᠯᠠᠯ ᠢ ᠴᠢᠩᠭ᠎ᠠ ᠪᠠᠶᠢᠴᠠᠭᠠᠨ  ᠰᠢᠢᠳᠪᠦᠷᠢᠯᠡᠨ᠎ᠡ᠃ ᠲᠡᠭᠦᠰᠬᠡᠯ ᠬᠡᠰᠡᠭ ᠤᠨ ᠲᠥᠷᠥᠯ ᠬᠤᠪᠢᠶᠠᠨ ᠰᠢᠢᠳᠪᠦᠷᠢᠯᠡᠬᠦ ᠪᠡᠯᠡᠳᠬᠡᠮᠵᠢ ᠶᠢᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠵᠤ᠂ ᠣᠷᠴᠢᠨ ᠲᠣᠭᠤᠷᠢᠨ ᠤ ᠠᠶᠣᠯᠭᠦᠢ᠂ ᠠᠮᠢ ᠠᠬᠤᠢ ᠶᠢᠨ ᠠᠶᠣᠯᠭᠦᠢ ᠶᠢ ᠦᠨᠡᠨᠬᠦ ᠪᠠᠲᠤᠯᠠᠵᠤ᠂ ᠡᠬᠢ ᠪᠠᠶᠠᠯᠢᠭ ᠤᠨ ᠪᠦᠲᠦᠮᠵᠢᠲᠡᠶ ᠠᠰᠢᠭᠯᠠᠯᠲᠠ ᠶᠢ ᠠᠬᠢᠭᠤᠯᠤᠨ᠎ᠠ᠃ ᠮᠡᠳᠡᠭᠡ ᠵᠠᠩᠭᠢᠴᠢᠯᠠᠯᠲᠠ ᠵᠡᠷᠭᠡ ᠠᠷᠭ᠎ᠠ ᠪᠠᠷᠢᠯ ᠢ ᠬᠡᠷᠡᠭᠯᠡᠨ᠂ ᠪᠥᠬᠦ ᠶᠠᠪᠤᠴᠠ ᠳᠤ ᠲᠥᠷᠥᠯ ᠬᠤᠪᠢᠶᠠᠨ ᠪᠦᠲᠦᠮᠵᠢᠲᠡᠶ ᠵᠣᠯᠭᠠᠭᠤᠯᠬᠤ ᠶᠢ ᠴᠢᠩᠭᠠᠳᠬᠠᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠣᠷᠣᠨ ᠰᠠᠭᠤᠴᠠ ᠪᠠ ᠬᠤᠲᠠ ᠬᠥᠳᠡᠭᠡ ᠶᠢᠨ ᠪᠦᠲᠦᠭᠡᠨ ᠪᠠᠶᠢᠭᠤᠯᠤᠯᠲᠠ ᠶᠢᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ︶      ︵ᠲᠠᠪᠤ︶ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃ ᠬᠤᠭ ᠨᠣᠪᠰᠢ ᠶᠢᠨ ᠵᠠᠰᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠶᠢ ᠵᠣᠷᠢᠭᠵᠢᠭᠤᠯᠤᠨ᠎ᠠ᠃ ᠬᠤᠭ ᠨᠣᠪᠰᠢ ᠶᠢᠨ ᠵᠠᠰᠠᠯᠲᠠ ᠶᠢᠨ ᠰᠢᠨ᠎ᠡ ᠮᠡᠷᠭᠡᠵᠢᠯ᠂ ᠰᠢᠨ᠎ᠡ ᠮᠠᠲ᠋ᠧᠷᠢᠶᠠᠯ᠂ ᠰᠢᠨ᠎ᠡ ᠲᠥᠬᠦᠭᠡᠷᠦᠮᠵᠢ ᠶᠢ ᠨᠡᠭᠡᠭᠡᠨ ᠬᠥᠭᠵᠢᠭᠦᠯᠵᠦ ᠬᠡᠷᠡᠭᠯᠡᠬᠦ ᠶᠢ ᠶᠡᠬᠡᠪᠡᠷ ᠲᠦᠯᠬᠢᠨ ᠠᠬᠢᠭᠤᠯᠵᠤ᠂ ᠠᠮᠢᠳᠤᠷᠠᠯ ᠤᠨ ᠬᠤᠭ ᠨᠣᠪᠰᠢ ᠶᠢ ᠬᠤᠷᠢᠶᠠᠨ ᠠᠪᠬᠤ ᠮᠠᠰᠢᠨ ᠲᠡᠷᠭᠡ ᠲᠣᠨᠤᠭ ᠲᠥᠬᠦᠭᠡᠷᠦᠮᠵᠢ᠂ ᠳᠠᠮᠵᠢᠭᠤᠯᠣᠨ ᠰᠢᠯᠵᠢᠭᠦᠯᠬᠦ ᠪᠡᠯᠡᠳᠬᠡᠮᠵᠢ᠂ ᠡᠬᠢ ᠪᠠᠶᠠᠯᠢᠭᠵᠢᠭᠤᠯᠤᠨ ᠠᠰᠢᠭᠯᠠᠬᠤ ᠪᠡᠯᠡᠳᠬᠡᠮᠵᠢ᠂ ᠲᠡᠭᠦᠰᠬᠡᠯ ᠬᠡᠰᠡᠭ ᠢ ᠰᠢᠢᠳᠪᠦᠷᠢᠯᠡᠬᠦ ᠪᠡᠯᠡᠳᠬᠡᠮᠵᠢ ᠶᠢᠨ ᠮᠡᠷᠭᠡᠵᠢᠯ ᠤᠨ ᠬᠢᠷᠢ ᠬᠡᠮᠵᠢᠶ᠎ᠡ ᠪᠣᠯᠤᠨ ᠰᠢᠨᠵᠢᠯᠡᠬᠦ ᠤᠬᠠᠭᠠᠨ ᠮᠡᠷᠭᠡᠵᠢᠯ ᠤᠨ ᠠᠭᠤᠯᠤᠭᠳᠠᠴᠠ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠪᠦᠬᠦ ᠶᠠᠪᠤᠴᠠ ᠶᠢᠨ ᠰᠢᠰᠲ᠋ᠧᠮᠵᠢ ᠳᠠᠬᠢ ᠮᠡᠳᠡᠭᠡ ᠵᠠᠩᠭᠢᠴᠢᠯᠠᠯᠲᠠ ᠶᠢᠨ ᠮᠡᠷᠭᠡᠵᠢᠯ ᠤᠨ ᠬᠡᠷᠡᠭᠯᠡᠯᠲᠡ ᠶᠢ ᠴᠢᠩᠭᠠᠷᠠᠭᠤᠯᠵᠤ᠂ ᠬᠤᠭ ᠨᠣᠪᠰᠢ ᠶᠢᠨ ᠵᠠᠰᠠᠯᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ ᠴᠢᠩᠭᠠᠳᠬᠠᠨ᠎ᠠ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ᠂ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︶      ︵ᠵᠢᠷᠭᠤᠭ᠎ᠠ︶ ᠤᠬᠠᠭᠤᠯᠵᠤ ᠬᠥᠲᠥᠯᠥᠨ ᠵᠢᠯᠣᠭᠤᠳᠬᠤ ᠶᠢ ᠴᠢᠬᠤᠯᠠᠴᠢᠯᠠᠨ᠎ᠠ᠃ ᠠᠮᠢ ᠠᠬᠤᠢ ᠶᠢᠨ ᠰᠣᠶᠣᠯ ᠤᠨ ᠪᠠᠶᠢᠭᠤᠯᠤᠯᠲᠠ ᠶᠢ ᠴᠢᠩᠭᠠᠳᠬᠠᠨ᠂ ᠲᠠᠪᠴᠠᠩ ᠲᠣᠭᠲᠠᠴᠠ ᠶᠢᠨ ᠰᠢᠨ᠎ᠡ ᠶᠢ ᠡᠭᠦᠳᠴᠦ᠂ ᠪᠦᠬᠦ ᠠᠷᠠᠳ ᠢᠶᠠᠷ ᠢᠶᠠᠨ ᠣᠷᠣᠯᠴᠠᠬᠤ ᠶᠢ ᠰᠠᠨᠠᠭᠠᠴᠢᠯᠠᠨ᠂ ᠪᠣᠬᠢᠷᠲᠤᠯ ᠦᠭᠡᠢ ᠬᠥᠭᠵᠢᠯᠲᠡ᠂ ᠪᠣᠬᠢᠷᠲᠤᠯ ᠦᠭᠡᠢ ᠠᠮᠢᠳᠤᠷᠠᠯ ᠤᠨ ᠦᠵᠡᠯ ᠤᠬᠠᠮᠰᠠᠷ ᠢ ᠶᠡᠬᠡᠪᠡᠷ ᠴᠢᠩᠭᠠᠷᠠᠭᠤᠯᠤᠨ᠎ᠠ᠃ ᠣᠯᠠᠨ ᠵᠦᠢᠯ ᠤᠨ ᠬᠡᠯᠪᠡᠷᠢ ᠶᠢᠨ ᠤᠬᠠᠭᠤᠯᠭ᠎ᠠ ᠬᠥᠮᠦᠵᠢᠯ ᠢ ᠢᠳᠡᠪᠬᠢᠲᠡᠢ ᠥᠷᠨᠢᠭᠦᠯᠵᠦ᠂ ᠨᠡᠶᠢᠭᠡᠮ ᠤᠨ ᠬᠠᠷᠢᠯᠴᠠᠨ ᠦᠢᠯᠡᠳᠦᠯᠴᠡᠬᠦ ᠶᠢ ᠴᠢᠩᠭᠠᠷᠠᠭᠤᠯᠤᠨ᠂ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠶᠢ ᠲᠦᠭᠡᠮᠡᠯᠵᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠤᠨ ᠰᠣᠨᠢᠨ ᠮᠡᠳᠡᠭᠡᠨ ᠤ ᠤᠬᠠᠭᠤᠯᠭ᠎ᠠ᠂ ᠨᠡᠶᠢᠭᠡᠮ ᠲᠣᠭᠤᠷᠢᠭ ᠤᠨ ᠤᠬᠠᠭᠤᠯᠭ᠎ᠠ᠂ ᠡᠷᠦᠬᠡ ᠳᠤ ᠬᠦᠷᠬᠦ ᠤᠬᠠᠭᠤᠯᠭ᠎ᠠ ᠶᠢ ᠴᠢᠩᠭᠠᠳᠬᠠᠵᠤ᠂ ᠵᠠᠭᠤᠴᠢᠯᠠᠭᠤᠷ ᠮᠡᠳᠡᠭᠡᠯᠡᠯ᠂ ᠨᠡᠶᠢᠭᠡᠮ ᠲᠣᠭᠤᠷᠢᠭ ᠤᠨ ᠤᠬᠠᠭᠤᠯᠭ᠎ᠠ ᠶᠢᠨ ᠪᠤᠯᠤᠩ ᠂ ᠤᠬᠠᠭᠤᠯᠭ᠎ᠠ ᠶᠢᠨ ᠬᠥᠨᠳᠡᠯᠡᠨ ᠪᠢᠴᠢᠭᠡᠰᠦ ᠶᠢᠨ ᠦᠢᠯᠡᠳᠦᠯ ᠢ ᠭᠦᠢᠴᠡᠳ ᠪᠠᠳᠠᠷᠠᠭᠤᠯᠤᠨ᠂ ᠶᠠᠷᠢᠶ᠎ᠠ ᠬᠡᠯᠡᠯᠴᠡᠭᠡᠨ ᠤ ᠠᠭᠤᠷ ᠠᠮᠢᠰᠬᠤᠯ ᠢ ᠪᠤᠢ ᠪᠣᠯᠭᠠᠨ᠎ᠠ᠃ ᠬᠤᠭ ᠨᠣᠪᠰᠢ ᠶᠢ ᠲᠥᠷᠥᠯ ᠬᠤᠪᠢᠶᠠᠬᠤ ᠮᠡᠳᠡᠯᠭᠡ ᠪᠣᠯᠤᠨ ᠱᠠᠭᠠᠷᠳᠠᠯᠭ᠎ᠠ ᠶᠢ ᠰᠤᠷᠬᠤ ᠨᠠᠰᠤᠨ ᠠᠴᠠ ᠡᠮᠦᠨᠡᠬᠢ ᠵᠢᠴᠢ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠬᠢᠴᠢᠶᠡᠯ ᠤᠨ ᠰᠢᠰᠲ᠋ᠧᠮᠵᠢ ᠳᠤ ᠣᠷᠣᠭᠤᠯᠣᠨ᠎ᠠ᠃ ᠬᠤᠭ ᠨᠣᠪᠰᠢ  ᠰᠢᠢᠳᠪᠦᠷᠢᠯᠡᠬᠦ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠲᠠᠢ ᠤᠶᠠᠯᠳᠤᠭᠤᠯᠤᠨ᠂ ᠠᠮᠢᠳᠤᠷᠠᠯ ᠤᠨ ᠬᠤᠭ ᠨᠣᠪᠰᠢ ᠶᠢᠨ ᠵᠢᠱᠢᠶ᠎ᠡ ᠦᠵᠡᠭᠦᠯᠬᠦ ᠬᠥᠮᠦᠵᠢᠯ ᠤᠨ ᠰᠠᠭᠤᠷᠢᠨ ᠭᠠᠵᠠᠷ ᠤᠨ ᠪᠦᠲᠦᠭᠡᠨ ᠪᠠᠶᠢᠭᠤᠯᠤᠯᠲᠠ ᠶᠢ ᠲᠦᠷᠭᠡᠳᠬᠡᠨ᠎ᠡ᠃ ᠨᠡᠶᠢᠭᠡᠮ ᠤᠨ ᠵᠣᠬᠢᠶᠠᠨ ᠪᠠᠶᠢᠭᠤᠯᠤᠯᠲᠠ ᠪᠣᠯᠣᠨ ᠰᠠᠶᠢᠨ ᠳᠣᠷᠠᠴᠣᠣᠯ ᠤᠨ ᠦᠢᠯᠡᠳᠦᠯ ᠢ ᠪᠠᠳᠠᠷᠠᠭᠤᠯᠵᠤ᠂ ᠰᠠᠭᠤᠭᠠᠯᠢ ᠠᠷᠠᠳ ᠢ ᠬᠥᠲᠥᠯᠥᠨ ᠵᠢᠯᠣᠭᠤᠳᠴᠤ ᠬᠤᠭ ᠨᠣᠪᠰᠢ ᠶᠢ ᠲᠥᠷᠥᠯ ᠬᠤᠪᠢᠶᠠᠬᠤ ᠠᠵᠢᠯ ᠢ ᠥᠷᠨᠢᠭᠦᠯᠦᠨ᠎ᠡ᠃ ᠬᠤᠭ ᠨᠣᠪᠰᠢ ᠶᠢ ᠲᠥᠷᠥᠯ ᠬᠤᠪᠢᠶᠠᠭᠰᠠᠨ ᠨᠡᠶᠢᠲᠡᠯᠢᠭ ᠲᠤᠷᠰᠢᠯᠭ᠎ᠠ ᠶᠢ ᠴᠠᠭ ᠲᠤᠬᠠᠶ ᠳᠤᠨᠢ ᠳ᠋ᠦᠩᠨᠡᠵᠦ᠂ ᠤᠬᠠᠭᠤᠯᠵᠤ᠂ ᠳᠡᠯᠭᠡᠷᠡᠭᠦᠯᠦᠨ᠎ᠡ᠃      ︵ᠬᠠᠷᠢᠭᠤᠴᠠᠬᠤ ᠨᠢᠭᠡᠴᠡ᠄ ᠬᠤᠲᠠ ᠶᠢᠨ ᠳᠥᠷᠪᠡᠨ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠬᠤᠲᠠ ᠶᠢᠨ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠬᠦ ᠲᠣᠪᠴᠢᠶ᠎ᠠ᠂ ᠰᠤᠷᠭᠠᠨ ᠬᠥᠮᠦᠵᠢᠯ ᠤᠨ ᠲᠣᠪᠴᠢᠶ᠎ᠠ︶
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号