ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠪᠠ  ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠲᠤᠬᠠᠢ ᠬᠦᠬᠡᠬᠤᠲᠠ ᠶᠢᠨ ᠠᠷᠡᠳ ᠤᠨ ᠵᠠᠰᠠᠭ ᠤᠨ ᠤᠷᠳᠤᠨ ᠤ ᠲᠤᠭᠲᠠᠭᠠᠯ
ᠨᠡᠶᠢᠲᠡᠯᠡᠭᠰᠡᠨ ᠴᠠᠭ᠄
2020-04-13
               ᠬᠦᠬᠡᠬᠤᠲᠠ ᠵᠠᠰᠠᠭ ᠲᠠᠷᠬᠠᠭᠠᠭᠰᠠᠨ ﹇2019﹈ 39 ᠳ᠋ᠤᠭᠡᠷ ᠲᠤᠭᠠᠲᠤ                2019ᠣᠨ ᠤ 11 ᠳ᠋ᠤᠭᠡᠷ ᠰᠠᠷ᠎ᠠ ᠶᠢᠨ 30 ᠤ ᠡᠳᠦᠷ                                       ᠡᠯ᠎ᠡ ᠬᠤᠰᠢᠭᠤ᠂ ᠰᠢᠶᠠᠨ᠂  ᠲᠣᠭᠤᠷᠢᠭ ᠤᠨ ᠵᠠᠰᠠᠭ ᠤᠨ ᠤᠷᠳᠤᠨ᠂ ᠠᠵᠤ ᠠᠬᠤᠢ ᠶᠢᠨ ᠨᠠᠭᠡᠭᠡᠯᠲᠠ ᠶᠢᠨ ᠲᠤᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠡᠯ᠎ᠡ ᠬᠤᠯᠪᠤᠭᠳᠠᠯ ᠪᠦᠬᠦᠢ ᠰᠠᠯᠠᠭ᠎ᠠ ᠮᠦᠴᠢᠷ᠄      ᠮᠠᠨ ᠤ ᠬᠤᠲᠠ ᠶᠢᠨ ᠠᠮᠢ ᠠᠬᠤᠢ ᠶᠢᠨ ᠪᠤᠯᠪᠠᠰᠤᠨ ᠤ ᠪᠠᠶᠢᠭᠤᠯᠤᠯᠳᠠ ᠶᠢ ᠤᠯᠠᠮ ᠨᠢᠭᠡ ᠠᠯᠬᠤᠮ ᠲᠦᠯᠬᠢᠨ‌ᠠᠬᠢᠭᠤᠯᠵᠤ᠂ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠵᠤ᠂ ᠲᠠᠷᠢᠶᠠᠯᠭᠩ ᠤᠨ ᠡᠬᠢ ᠪᠠᠶᠠᠯᠢᠭ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠶᠢᠨ ᠲᠦᠯᠦᠭᠡ᠂ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠥᠯᠢ︾ ᠪᠠ ︽ᠪᠦᠭᠦᠳᠡ ᠨᠠᠶᠢᠷᠠᠮᠳᠠᠬᠤ ᠳᠤᠮᠳᠠᠲᠤ ᠠᠷᠠᠳ ᠤᠯᠤᠰ ᠤᠨ ᠲᠠᠷᠢᠶᠠᠯᠭᠩ ᠤᠨ ᠬᠠᠦᠯᠢ︾ ᠵᠡᠷᠭᠡ ᠬᠠᠦᠯᠢ ᠲᠤᠭᠲᠠᠭᠠᠯ ᠶᠢ ᠦᠨᠳᠦᠰᠦᠯᠡᠨ᠂ ᠲᠤᠰ ᠬᠤᠲᠠ ᠶᠢᠨ ᠪᠤᠳᠠᠳᠤ  ᠪᠠᠶᠢᠳᠠᠯ ᠲᠠᠢ ᠤᠶᠠᠯᠳᠤᠭᠤᠯᠤᠨ ᠲᠤᠤᠷᠠᠬᠢ ᠮᠡᠲᠦ ᠲᠤᠭᠲᠠᠭᠠᠯ ᠭᠠᠷᠭᠠᠪᠠ᠄    ᠨᠢᠭᠡ᠂ ᠬᠠᠷᠢᠶᠠᠳᠤ ᠤᠷᠤᠨ ᠤ ᠬᠠᠮᠢᠶᠠᠷᠤᠯᠲᠠ ᠶᠢᠨ ᠵᠠᠷᠴᠢᠮ ᠶᠤᠰᠤᠭᠠᠷ᠂ ᠡᠯ᠎ᠡ ᠬᠤᠰᠢᠭᠤ ᠰᠢᠶᠠᠨ ᠲᠤᠭᠤᠷᠢᠭ ᠤᠨ ᠠᠷᠠᠳ ᠤᠨ ᠵᠠᠰᠠᠭ ᠤᠨ ᠤᠷᠳᠤᠨ ᠠᠴᠠ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠭᠤᠤᠯ ᠴᠤᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠲᠤᠰ ᠵᠠᠰᠠᠭ ᠵᠠᠬᠢᠷᠭᠠᠨ ᠤ ᠤᠷᠤᠨ ᠤ ᠪᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠠᠵᠢᠯ ᠢ ᠬᠠᠷᠢᠭᠤᠴᠠᠵᠤ᠂ ᠵᠠᠰᠠᠭ ᠵᠠᠬᠢᠷᠭᠠᠨ ᠤ ᠳᠠᠷᠤᠭ᠎ᠠ ᠶᠢᠨ ᠬᠠᠷᠢᠭᠤᠴᠠᠬᠤ ᠳᠦᠷᠢᠮ ᠂ ᠬᠠᠷᠠᠯᠳᠠᠯᠳᠤ ᠬᠠᠮᠢᠶᠠᠷᠤᠯᠳᠠ ᠶᠢᠨ ᠬᠠᠷᠢᠭᠤᠴᠠᠯᠭ᠎ᠠ ᠶᠢᠨ ᠳᠦᠷᠢᠮ᠂ ᠬᠠᠷᠢᠭᠤᠴᠠᠯᠭ᠎ᠠ ᠨᠡᠬᠡᠮᠵᠢᠯᠡᠬᠦ ᠲᠦᠷᠢᠮ ᠪᠠ ᠠᠵᠢᠯ ᠵᠤᠬᠢᠴᠠᠭᠤᠯᠬᠤ ᠲᠤᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠵᠠᠰᠠᠭ ᠵᠠᠬᠢᠷᠭ᠎ᠠ᠂ ᠬᠠᠤᠯᠢ ᠴᠠᠭᠠᠵᠠ᠂ ᠠᠵᠤ ᠠᠬᠤᠢ᠂ ᠰᠢᠨᠵᠢᠯᠡᠬᠦ ᠤᠬᠠᠭᠠᠨ ᠮᠡᠷᠭᠡᠵᠢᠯ ᠵᠡᠷᠭᠡ ᠠᠷᠭ᠎ᠠ ᠪᠠᠷᠢᠯ ᠢ ᠶᠡᠷᠦᠩᠬᠡᠶᠢᠯᠡᠨ ᠠᠰᠢᠭᠯᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠠᠵᠢᠯ ᠢ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃   ᠬᠤᠶᠠᠷ᠂ ᠬᠤᠲᠠ᠂ ᠰᠢᠶᠠᠨ ︵ᠬᠤᠰᠢᠭᠤ᠂ ᠲᠤᠭᠤᠷᠢᠭ︶ ᠤ ᠠᠷᠠᠳ ᠤᠨ ᠵᠠᠰᠠᠭ ᠤᠨ ᠤᠷᠳᠤᠨ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ ᠠᠴᠠ ᠲᠣᠯᠤᠭᠠᠶᠢᠯᠠᠵᠤ᠂ ᠠᠮᠢ ᠠᠬᠤᠢ ᠣᠷᠴᠢᠨ ᠲᠣᠭᠤᠷᠢᠨ᠂ ᠬᠦᠭᠵᠢᠬᠦᠯᠦᠯᠲᠡ ᠪᠠ ᠦᠭᠡᠷᠡᠴᠢᠯᠡᠯᠳᠡ᠂ ᠡᠳ᠋ ᠤᠨ ᠵᠠᠰᠠᠭ᠂ ᠰᠢᠨᠵᠢᠯᠡᠬᠦ ᠤᠬᠠᠭᠠᠨ ᠮᠡᠷᠭᠡᠵᠢᠯ᠂ ᠪᠠᠶᠢᠭᠠᠯᠢ ᠶᠢᠨ ᠡᠬᠢ ᠪᠠᠶᠠᠯᠢᠭ ᠵᠡᠷᠭᠡ ᠰᠠᠯᠠᠭ᠎ᠠ ᠮᠦᠴᠢᠷ ᠤᠷᠤᠯᠴᠠᠭᠰᠠᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠤᠷᠳᠤ ᠬᠤᠭᠤᠴᠠᠭᠠᠨ ᠤ ᠪᠦᠳᠦᠮᠵᠢᠳᠡᠢ ᠵᠤᠬᠢᠴᠠᠭᠤᠯᠬᠤ ᠠᠵᠢᠯ ᠤᠨ ᠲᠤᠭᠲᠠᠴᠠ ᠶᠢ ᠪᠠᠶᠢᠭᠤᠯᠵᠤ᠂ ᠡᠯ᠎ᠡ  ᠰᠠᠯᠠᠭ᠎ᠠ ᠮᠦᠴᠢᠷ ᠤᠨ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠤᠭᠠᠷ᠂ ᠨᠢᠭᠡᠳᠦᠯᠲᠡᠢ ᠲᠥᠯᠥᠪᠯᠡᠨ  ᠵᠤᠬᠢᠴᠠᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠠᠵᠢᠯ ᠢ ᠬᠠᠮᠳᠤ ᠪᠠᠷ ᠰᠠᠶᠢᠳᠤᠷ ᠬᠢᠨ᠎ᠡ᠃    ᠭᠤᠷᠪᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠠᠬᠢᠭᠤᠯᠬᠤ ᠶᠢᠨ ᠲᠦᠯᠦᠭᠡ᠂ ᠬᠤᠲᠠ᠂ ᠰᠢᠶᠠᠨ ︵ᠬᠤᠰᠢᠭᠤ  ᠂ ᠲᠤᠭᠤᠷᠢᠭ︶ ᠬᠤᠶᠠᠷ ᠱᠠᠳᠤᠨ ᠤ ᠵᠠᠰᠠᠭ ᠤᠨ ᠤᠷᠳᠤᠨ ᠲᠤᠰᠬᠠᠢ ᠪᠡᠯᠡ  ᠮᠦᠩᠭᠦ ᠤᠷᠤᠭᠤᠯᠵᠤ᠂ ᠡᠰᠢ ᠰᠦᠷᠡᠯ ᠢ ᠬᠤᠷᠢᠶᠠᠨ ᠠᠪᠴᠤ ᠠᠰᠢᠭᠯᠠᠭᠰᠠᠨ ᠡᠵᠡᠩᠨᠡᠯᠲᠡ ᠶᠢᠨ ᠭᠤᠤᠯ ᠴᠤᠭᠴᠠ ᠳᠤ ᠨᠦᠬᠦᠪᠦᠷᠢ ᠣᠯᠭᠤᠨ᠎ᠠ᠃ ᠮᠦ ᠪᠦᠷᠢ ᠳᠤ 20 ᠲᠦᠭᠦᠷᠢᠭ ᠤᠨ ᠨᠦᠬᠦᠪᠦᠷᠢ ᠶᠢᠨ ᠪᠠᠷᠢᠮᠵᠢᠶ᠎ᠠ ᠪᠠᠷ ᠪᠦᠬᠦ ᠬᠤᠲᠠ ᠶᠢᠨ ᠡᠷᠳᠡᠨᠢ ᠰᠢᠰᠢ ᠵᠢᠴᠢ ᠨᠠᠷᠠᠨ ᠬᠤᠸᠠᠷ ᠤᠨ ᠡᠰᠢ ᠰᠦᠷᠡᠯ ᠢ ᠬᠤᠷᠢᠶᠠᠨ ᠠᠪᠴᠤ ᠠᠰᠢᠭᠯᠠᠭᠰᠠᠨ ᠳᠤ ᠪᠦᠭᠦᠳᠡ ᠳᠤ ᠨᠢ ᠨᠦᠬᠦᠪᠦᠷᠢ ᠣᠯᠭᠤᠵᠤ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ᠨᠦᠬᠦᠪᠦᠷᠢ ᠶᠢᠨ ᠲᠦᠰᠦᠯ ᠲᠤᠭᠲᠠᠭᠠᠬᠤ ᠶᠢᠨ ᠬᠠᠮᠳᠤ ᠪᠤᠳᠠᠳᠠᠢ ᠬᠡᠷᠡᠭᠵᠢᠭᠦᠯᠬᠦ ᠶᠢ ᠬᠠᠷᠢᠭᠤᠴᠠᠨ᠎ᠠ᠃    ᠳᠦᠷᠪᠡ᠂ ᠨᠦᠬᠦᠪᠦᠷᠢ ᠶᠢᠨ ᠪᠡᠯᠡ ᠮᠦᠩᠬᠦ ᠶᠢ ᠬᠤᠲᠠ᠂ ᠰᠢᠶᠠᠨ ︵ᠬᠤᠰᠢᠭᠤ᠂ ᠲᠤᠭᠤᠷᠢᠭ︶  ᠤ ᠬᠤᠶᠠᠷ ᠱᠠᠳᠤᠨ ᠤ ᠡᠳ᠋ ᠤᠨ ᠵᠠᠰᠠᠭ ᠠᠴᠠ1᠄1 ᠶᠢᠨ ᠬᠠᠷᠢᠴᠠᠯ ᠢᠶᠠᠷ ᠬᠠᠮᠳᠤ ᠪᠠᠷ ᠬᠠᠷᠢᠭᠤᠴᠠᠨ᠎ᠠ᠃ ᠬᠤᠰᠢᠭᠤ ᠰᠢᠶᠠᠨ ᠲᠤᠭᠤᠷᠢᠭ ᠤᠨ ᠪᠡᠯᠡ ᠮᠦᠩᠭᠦ ᠨᠠᠶᠢᠳᠠᠪᠤᠷᠢᠵᠢᠭᠰᠠᠨ ᠤ ᠲᠠᠷᠠᠭ᠎ᠠ ᠬᠤᠲᠠ ᠶᠢᠨ ᠵᠠᠰᠠᠭ ᠤᠨ ᠤᠷᠳᠤᠨ ᠠᠴᠠ ᠦᠯᠡᠳᠡᠭᠰᠡᠨ ᠬᠠᠷᠢᠭᠤᠴᠠᠬᠤ ᠪᠡᠯᠡ ᠮᠦᠩᠭᠦ ᠶᠢ ᠰᠠᠯᠭᠠᠨ ᠦᠭᠭᠦᠨ᠎ᠡ᠃ ᠵᠢᠯ ᠪᠣᠯᠭᠠᠨ ᠤ ᠰᠡᠭᠦᠯᠴᠢ ᠪᠤᠯᠤᠨ ᠳᠠᠷᠠᠭ᠎ᠠ ᠵᠢᠯ ᠤᠨ ᠬᠢᠨᠢ ᠬᠠᠪᠤᠷ ᠤᠨ ᠲᠠᠷᠢᠶᠠᠯᠠᠬᠤ ᠠᠴᠠ ᠡᠮᠦᠨ᠎ᠡ ᠬᠤᠶᠠᠷ ᠤᠳᠠᠭ᠎ᠠ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠤᠪᠴᠢᠶ᠎ᠠ ᠠᠴᠠ ᠵᠣᠬᠢᠶᠠᠨ ᠪᠠᠶᠢᠭᠤᠯᠤᠨ ᠰᠢᠯᠭᠠᠨ ᠬᠤᠷᠢᠶᠠᠵᠤ᠂ ᠪᠣᠳᠠᠳᠠᠢ ᠬᠤᠷᠢᠶᠠᠨ ᠠᠪᠴᠤ ᠠᠰᠢᠭᠯᠠᠭᠰᠠᠨ ᠲᠡᠯᠡᠪᠡᠢ ᠶᠢ ᠬᠢᠨᠡᠨ ᠬᠠᠷᠭᠤᠭᠤᠯᠵᠤ᠂ ᠰᠢᠯᠭᠠᠨ ᠬᠤᠷᠢᠶᠠᠭᠰᠠᠨ‌ᠦᠷ᠎ᠡ ᠳ᠋ᠦᠩ ᠢ  ᠵᠠᠷᠯᠠᠨ ᠨᠡᠶᠢᠳᠡᠯᠡᠭᠡᠳ ᠰᠠᠨᠠᠯ ᠦᠭᠡᠢ ᠪᠣᠯᠣᠭᠰᠠᠨ ᠤ ᠲᠠᠷᠠᠭ᠎ᠠ᠂ ᠲᠣᠭᠲᠠᠭᠠᠭᠰᠠᠨ‌ᠡᠰᠢ ᠰᠦᠷᠡᠯ ᠬᠤᠷᠢᠶᠠᠨ ᠠᠪᠴᠤ ᠠᠰᠢᠭᠯᠠᠭᠰᠠᠨ ᠨᠦᠬᠦᠪᠦᠷᠢ  ᠶᠢᠨ ᠮᠦᠩᠬᠦ ᠵᠢᠴᠢ ᠬᠤᠪᠢᠶᠠᠷᠢᠯᠠᠬᠤ ᠰᠠᠨᠠᠯ ᠢ ᠬᠤᠲᠠ ᠶᠢᠨ ᠵᠠᠰᠠᠭ ᠤᠨ ᠤᠷᠳᠤᠨ ᠳᠤ ᠮᠡᠳᠡᠭᠦᠯᠦᠨ  ᠵᠦᠪᠰᠢᠶᠡᠷᠡᠭᠦᠯᠵᠦ᠂ ᠬᠤᠲᠠ ᠶᠢᠨ  ᠵᠠᠰᠠᠭ ᠤᠨ ᠣᠷᠳᠤᠨ ᠵᠦᠪᠰᠢᠶᠡᠷᠡᠭᠰᠡᠨ ᠤ ᠲᠠᠷᠠᠭ᠎ᠠ᠂ ᠬᠤᠲᠠ ᠶᠢᠨ ᠡᠳ᠋ ᠤᠨ ᠵᠠᠰᠠᠭ ᠤᠨ ᠲᠤᠪᠴᠢᠶ᠎ᠠ ᠲᠥᠰᠥᠪ ᠤᠨ ᠳᠡᠰ ᠣᠳᠠᠭ᠎ᠠ   ᠪᠠᠷ ᠨᠦᠬᠦᠪᠦᠷᠢ ᠶᠢᠨ ᠮᠦᠩᠬᠦ ᠶᠢ  ᠱᠠᠳᠤ ᠲᠠᠷᠠᠭᠠᠯᠠᠨ ᠬᠤᠰᠢᠭᠤ ᠰᠢᠶᠠᠨ ᠲᠤᠭᠤᠷᠢᠭ ᠤᠨ ᠡᠳ᠋ ᠤᠨ ᠵᠠᠰᠠᠭ ᠤᠨ ᠲᠣᠪᠴᠢᠶ᠎ᠠ ᠳᠤ ᠪᠠᠭᠤᠯᠭᠠᠨ᠎ᠠ᠃    ᠲᠠᠪᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠢ ᠲᠦᠭᠡᠮᠡᠯᠵᠢᠬᠦᠯᠬᠦ ᠬᠦᠴᠦᠯᠡᠴᠡ ᠪᠠᠨ ᠴᠢᠩᠭᠠᠷᠠᠭᠤᠯᠵᠤ᠂ ᠰᠢᠷ᠎ᠠ ᠲᠠᠷᠤᠰᠢᠭᠤᠯᠬᠤ᠂ ᠬᠡᠰᠡᠭᠯᠡᠨ ᠲᠠᠷᠤᠰᠢᠭᠤᠯᠬᠤ  ᠂ ᠬᠦᠭᠡᠯᠭᠡᠬᠦ᠂ ᠮᠢᠨᠳᠠᠰᠤᠯᠠᠬᠤ ᠵᠡᠷᠭᠡ ᠡᠰᠢ ᠰᠦᠷᠡᠯ ᠤᠨ ᠪᠤᠷᠳᠤᠭ᠎ᠠ ᠶᠢᠨ ᠮᠡᠷᠭᠡᠵᠢᠯ ᠢ ᠳᠡᠯᠭᠡᠷᠡᠭᠦᠯᠵᠦ᠂ ᠭᠠᠵᠠᠷ ᠤᠷᠤᠨ ᠤ ᠬᠢᠨᠢ ᠪᠤᠳᠠᠳᠤ ᠪᠠᠶᠢᠳᠠᠯ ᠢ ᠦᠨᠳᠦᠰᠦᠯᠡᠵᠦ ᠡᠰᠢ ᠰᠦᠷᠡᠯ ᠢ ᠬᠡᠮᠬᠡᠯᠡᠨ ᠲᠠᠷᠢᠶᠠᠨ ᠭᠠᠵᠠᠷ ᠲᠤ ᠪᠣᠴᠠᠭᠠᠨ ᠣᠷᠤᠭᠤᠯᠬᠤ᠂ ᠡᠰᠢ ᠰᠦᠷᠡᠯ ᠢ ᠣᠪᠤᠭᠠᠯᠠᠵᠤ ᠢᠯᠵᠢᠷᠡᠭᠦᠯᠦᠭᠡᠳ ᠲᠠᠷᠢᠶᠠᠨ ᠭᠠᠵᠠᠷ ᠲᠤ ᠪᠤᠴᠠᠭᠠᠨ ᠤᠷᠤᠭᠤᠯᠬᠤ᠂ ᠡᠰᠢ ᠰᠦᠷᠡᠯ ᠢᠶᠠᠷ ᠲᠦᠭᠦᠬᠡᠢ ᠡᠳ᠋  ᠪᠣᠯᠭᠠᠭᠰᠠᠨ ᠤᠷᠭᠠᠨᠢᠭ ᠪᠤᠷᠳᠤᠭᠤᠷ  ᠦᠢᠯᠡᠳᠪᠦᠷᠢᠯᠡᠵᠦ  ᠪᠣᠯᠪᠠᠰᠤᠷᠠᠭᠤᠯᠬᠤ ᠶᠢ ᠲᠡᠮᠵᠢᠨ᠎ᠡ᠃ ᠬᠦᠳᠡᠭᠡ ᠲᠤᠰᠬᠤᠨ  ᠤ ᠡᠨᠧᠷᠬᠢ ᠬᠡᠷᠡᠭᠯᠡᠬᠦ ᠪᠦᠳᠦᠴᠡ ᠶᠢ ᠰᠠᠶᠢᠵᠢᠷᠠᠭᠤᠯᠤᠨ᠂ ᠪᠢᠤᠮᠠᠰ ᠵᠤᠤᠬ᠎ᠠ ᠪᠠ ᠡᠰᠢ ᠰᠦᠷᠡᠯ ᠢᠶᠠᠷ ᠲᠦᠭᠦᠬᠡᠢ ᠡᠳ᠋ ᠪᠣᠯᠭᠠᠭᠰᠠᠨ ᠴᠡᠪᠡᠷ ᠲᠦᠯᠡᠰᠢ ᠶᠢ ᠳᠡᠯᠭᠡᠷᠡᠭᠦᠯᠦᠨ᠎ᠡ᠃ ᠡᠰᠢ ᠰᠦᠷᠡᠯ ᠢᠶᠠᠷ ᠲᠦᠭᠦᠬᠡᠢ ᠡᠳ᠋ ᠪᠣᠯᠭᠠᠬᠤ᠂ ᠰᠠᠭᠤᠷᠢ ᠮᠠᠲ᠋ᠧᠷᠢᠶᠠᠯ ᠪᠣᠯᠭᠠᠬᠤ ᠵᠡᠷᠭᠡ ᠤᠯᠠᠨ ᠡᠰᠢᠵᠢᠭᠦᠯᠦᠨ ᠠᠰᠢᠭᠯᠠᠬᠤ ᠠᠷᠭ᠎ᠠ ᠵᠠᠮ ᠢ ᠢᠳᠡᠪᠬᠢᠲᠡᠢ  ᠥᠷᠭᠡᠳᠭᠡᠵᠦ᠂  ᠪᠦᠬᠦ ᠬᠤᠲᠠ ᠶᠢ ᠪᠦᠷᠬᠦᠭᠰᠡᠨ ᠡᠰᠢ ᠰᠦᠷᠡᠯ ᠢ ᠬᠤᠷᠢᠶᠠᠨ ᠨᠥᠭᠡᠴᠡᠯᠡᠵᠦ ᠠᠰᠢᠭᠯᠠᠬᠤ ᠰᠢᠰᠲ᠋ᠧᠮᠵᠢ ᠶᠢ ᠢᠳᠡᠭ ᠢᠳᠡᠭ ᠢᠶᠠᠷ ᠪᠠᠶᠢᠭᠤᠯᠤᠨ᠎ᠠ᠃    ᠵᠢᠷᠭᠤᠭ᠎ᠠ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠶᠢ ᠬᠤᠲᠠ ᠶᠢᠨ ᠳᠡᠰ ᠤᠨ ᠭᠤᠣᠯᠳᠠᠯᠭᠠᠳᠤ ᠰᠢᠨᠵᠢᠯᠡᠬᠦ ᠤᠬᠠᠭᠠᠨ ᠤ ᠰᠣᠳᠤᠯᠭᠠᠨ ᠵᠢᠴᠢ ᠮᠡᠷᠭᠡᠵᠢᠯ ᠤᠨ ᠬᠡᠷᠡᠭᠯᠡᠭᠡᠨ ᠤ ᠲᠦᠷᠦᠯ ᠵᠦᠢᠯ ᠪᠣᠯᠭᠠᠵᠤ᠂ ᠶᠡᠭᠡ ᠳᠡᠭᠡᠳᠦ ᠰᠤᠷᠭᠠᠭᠤᠯᠢ᠂ ᠰᠢᠨᠵᠢᠯᠡᠬᠦ ᠤᠬᠠᠭᠠᠨ ᠤ ᠰᠣᠳᠤᠯᠭᠠᠨ ᠤ ᠨᠢᠭᠡᠴᠡ ᠪᠠ ᠠᠵᠤ ᠠᠬᠤᠶᠢᠯᠠᠯ ᠤᠨ ᠲᠠᠷᠢᠮᠡᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠮᠡᠷᠭᠡᠵᠢᠯ ᠪᠠ ᠲᠥᠬᠦᠭᠡᠷᠦᠮᠵᠢ ᠶᠢ ᠰᠤᠳᠤᠯᠤᠨ ᠨᠡᠭᠡᠭᠡᠬᠦ ᠶᠢ ᠵᠣᠷᠢᠭᠵᠢᠭᠤᠯᠤᠨ ᠲᠡᠮᠵᠢᠵᠦ᠂ ᠤᠯᠤᠰ ᠤᠨ ᠳᠤᠲᠤᠭᠠᠳᠤ ᠭᠠᠳᠠᠭᠠᠳᠤ ᠶᠢᠨ ᠪᠤᠯᠪᠠᠰᠤᠷᠠᠩᠭᠤᠢ ᠲᠣᠬᠢᠷᠠᠮᠵᠢᠳᠠᠢ ᠮᠡᠷᠭᠡᠵᠢᠯ ᠢ ᠤᠯᠠᠷᠢᠭᠤᠯᠤᠨ ᠬᠡᠷᠡᠭᠯᠡᠬᠦ ᠶᠢ ᠲᠦᠷᠭᠡᠳᠭᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠵᠢᠱᠢᠶ᠎ᠡ ᠦᠵᠡᠬᠦᠯᠬᠦ ᠰᠠᠭᠤᠷᠢᠨ ᠭᠠᠵᠠᠷ ᠢ ᠪᠠᠶᠢᠭᠤᠯᠤᠨ᠂ ᠮᠡᠷᠭᠡᠵᠢᠯ ᠤᠨ ᠪᠣᠯᠪᠠᠰᠤᠷᠠᠭᠤᠯᠤᠯ ᠢ ᠴᠢᠩᠭᠠᠳᠬᠠᠵᠤ᠂ ᠲᠠᠷᠢᠮᠡᠯ ᠤᠨ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠬᠢᠷᠢ ᠲᠦᠪᠰᠢᠨ ᠢ ᠳᠡᠭᠡᠭᠰᠢᠯᠡᠭᠦᠯᠦᠨ᠎ᠡ᠃    ᠲᠤᠯᠤᠭ᠎ᠠ᠂ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ᠂ ᠲᠠᠷᠢᠶᠠᠯᠠᠩ ᠮᠠᠯ ᠠᠵᠤ ᠠᠬᠤᠢ ᠶᠢᠨ ᠰᠠᠯᠠᠭ᠎ᠠ ᠮᠦᠴᠢᠷ᠂ ᠡᠯ᠎ᠡ ᠬᠤᠰᠢᠭᠤ ᠰᠢᠶᠠᠨ ᠲᠤᠭᠤᠷᠢᠭ ᠬᠠᠮᠲᠤ ᠪᠠᠷ ᠡᠰᠢ ᠰᠦᠷᠡᠯ ᠢ ᠵᠠᠳᠠᠭᠠᠢ ᠰᠢᠳᠠᠭᠠᠬᠤ ᠶᠢ ᠬᠢᠨᠠᠨ ᠬᠠᠮᠢᠶᠠᠷᠠᠬᠤ ᠡᠭᠦᠷᠭᠡ ᠶᠢ ᠬᠠᠷᠢᠭᠤᠴᠠᠨ᠎ᠠ᠃ ᠲᠤᠰ ᠬᠤᠲᠠ ᠶᠢᠨ ᠵᠠᠰᠠᠭ ᠵᠠᠬᠢᠷᠭᠠᠨ ᠤ ᠤᠷᠤᠨ ᠲᠤᠳᠤᠷ᠎ᠠ ᠪᠦᠬᠦ ᠵᠢᠯ ᠪᠠᠷ ᠪᠦᠬᠦ  ᠬᠡᠪᠴᠢᠶᠡᠨ ᠳᠤ  ᠶᠠᠮᠠᠷᠪᠠ ᠨᠢᠭᠡᠴᠡ ᠪᠠ ᠬᠤᠪᠢ ᠬᠦᠮᠦᠨ  ᠡᠰᠢ ᠰᠦᠷᠡᠯ ᠢ ᠵᠠᠳᠠᠭᠠᠢ ᠰᠢᠳᠠᠭᠠᠬᠤ ᠶᠢ  ᠴᠠᠭᠠᠵᠠᠯᠠᠵᠤ᠂ ᠳᠦᠷᠢᠮ ᠠᠴᠠ ᠵᠦᠷᠢᠴᠡᠵᠦ ᠡᠰᠢ ᠰᠦᠷᠡᠯ ᠰᠢᠳᠠᠭᠠᠭᠰᠠᠨ ᠨᠢᠭᠡᠴᠡ᠂ ᠬᠤᠪᠢ ᠬᠦᠮᠦᠨ ᠠᠴᠠ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ᠂ ᠳᠤᠲᠤᠭᠠᠳᠤ ᠶᠢ ᠬᠠᠮᠠᠭᠠᠯᠠᠬᠤ ᠰᠠᠯᠠᠭ᠎ᠠ ᠮᠦᠴᠢᠷ᠂ ᠡᠯ᠎ᠡ ᠬᠤᠰᠢᠭᠤ ᠰᠢᠶᠠᠨ ᠲᠤᠭᠤᠷᠢᠭ ︽ᠬᠦᠬᠡᠬᠤᠲᠠ ᠶᠢᠨ ᠡᠰᠢ ᠰᠦᠷᠡᠯ ᠢ ᠵᠠᠳᠠᠭᠠᠢ ᠰᠢᠲᠠᠭᠠᠬᠤ ᠶᠢ ᠴᠠᠭᠠᠵᠠᠯᠠᠬᠤ ᠠᠵᠢᠯ ᠤᠨ  ᠬᠠᠷᠢᠭᠤᠴᠠᠯᠭ᠎ᠠ ᠨᠡᠬᠡᠮᠵᠢᠯᠡᠬᠦ ᠠᠷᠭ᠎ᠠ ︵ᠲᠤᠷᠰᠢᠨ ᠬᠡᠷᠡᠭᠵᠢᠭᠦᠯᠬᠦ︶︾ ︵ᠬᠦᠬᠡᠬᠤᠲᠠ ᠵᠠᠰᠠᠭ ᠲᠠᠷᠬᠠᠭᠠᠭᠰᠠᠨ ︵2019︶13 ᠳ᠋ᠤᠭᠠᠷ ᠲᠤᠭᠠᠳᠤ︶ ᠶᠢ ᠦᠨᠳᠦᠰᠦᠯᠡᠵᠦ ᠬᠠᠷᠢᠭᠤᠴᠠᠯᠭ᠎ᠠ  ᠨᠡᠭᠡᠮᠵᠢᠯᠡᠨ᠎ᠡ᠃   ᠨᠠᠢᠮᠠ᠂ ᠡᠰᠢ ᠰᠦᠷᠡᠯ  ᠢ ᠵᠠᠳᠠᠭᠠᠢ ᠰᠢᠳᠠᠭᠠᠵᠤ ᠤᠳᠤᠭ᠎ᠠ ᠲᠤᠭᠤᠰᠤ ᠶᠢᠨ ᠪᠤᠬᠢᠷᠳᠤᠭᠤᠯᠬᠤ ᠪᠤᠳᠠᠰ ᠡᠭᠦᠰᠭᠡᠭᠰᠡᠨ ᠢ ︽ᠪᠦᠭᠦᠳᠡ ᠨᠠᠶᠢᠷᠠᠮᠳᠠᠬᠤ ᠳᠤᠮᠲᠠᠳᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠦᠯᠢ︾ ᠶᠢᠨ ᠨᠢᠭᠡ ᠵᠠᠭᠤ ᠠᠷᠪᠠ ᠶᠢᠰᠦᠳᠦᠭᠡᠷ ᠵᠦᠢᠯ ᠤᠨ ᠨᠢᠭᠡᠳᠦᠭᠡᠷ ᠪᠠᠳᠠᠭ ᠢ ᠦᠨᠳᠦᠰᠦᠯᠡᠵᠦ᠂ ᠠᠮᠢ ᠠᠬᠤᠢ ᠤᠷᠴᠢᠨ ᠲᠤᠭᠤᠷᠢᠨ ᠤ ᠨᠢᠭᠡᠴᠡ ᠵᠠᠷᠯᠢᠭᠳᠠᠨ   ᠵᠠᠰᠠᠭᠤᠯᠬᠤ ᠶᠢᠨ ᠬᠠᠮᠳᠤ ᠲᠠᠪᠤᠨ ᠵᠠᠭᠤᠨ ᠲᠦᠭᠦᠷᠢᠭ ᠠᠴᠠ ᠳᠡᠭᠡᠭᠰᠢ ᠬᠤᠶᠠᠷ ᠮᠢᠩᠭᠠᠨ ᠲᠦᠭᠦᠷᠢᠭ ᠠᠴᠠ ᠳᠤᠷᠤᠭᠰᠢ ᠮᠦᠩᠭᠦ ᠪᠠᠷ ᠲᠤᠷᠠᠭᠠᠵᠤ ᠪᠤᠯᠤᠨ᠎ᠠ᠃ ᠶᠠᠯ᠎ᠠ ᠬᠢᠭᠰᠡᠨ ᠳᠤ ᠲᠤᠭᠠᠴᠠᠭᠳᠠᠪᠠᠯ ︽ᠪᠦᠭᠦᠳᠡ ᠨᠠᠶᠢᠷᠠᠮᠳᠠᠬᠤ ᠳᠤᠮᠲᠠᠳᠤ ᠠᠷᠠᠳ ᠤᠯᠤᠰ ᠤᠨ ᠠᠭᠠᠷ ᠮᠠᠨᠳᠠᠯ ᠤᠨ ᠪᠤᠬᠢᠷᠳᠤᠯ ᠢ ᠰᠡᠷᠭᠡᠶᠢᠯᠡᠨ ᠵᠠᠰᠠᠬᠤ ᠬᠠᠦᠯᠢ︾ ᠶᠢᠨ ᠨᠢᠭᠡ ᠵᠠᠭᠤ ᠬᠤᠷᠢᠨ ᠳᠤᠯᠤᠳᠤᠭᠠᠷ ᠵᠦᠢᠯ ᠤᠨ ᠲᠤᠭᠳᠠᠭᠠᠯ ᠢ ᠦᠨᠳᠦᠰᠦᠯᠡᠨ ᠬᠠᠤᠯᠢ ᠶᠤᠰᠤᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃    ᠶᠢᠰᠦ᠂ ᠬᠤᠰᠢᠭᠤ ᠰᠢᠶᠠᠨ ᠲᠤᠭᠤᠷᠢᠭ᠂ ᠰᠢᠶᠠᠩ ᠪᠠᠯᠭᠠᠰᠤᠨ ᠤ ᠠᠷᠠᠳ ᠤᠨ ᠵᠠᠰᠠᠭ ᠤᠨ ᠤᠷᠳᠤᠨ ᠵᠢᠴᠢ ᠬᠠᠮᠢᠶ᠎ᠠ ᠪᠦᠬᠦᠢ  ᠰᠠᠯᠠᠭ᠎ᠠ ᠮᠦᠴᠢᠷ  ᠪᠠ  ᠭᠠᠴᠠᠭ᠎ᠠ ᠲᠤᠰᠬᠤᠨ ᠤ ᠠᠷᠠᠳ ᠤᠨ ᠵᠦᠪᠯᠠᠯ ᠠᠴᠠ ᠤᠬᠠᠭᠤᠯᠭ᠎ᠠ ᠬᠦᠮᠦᠵᠢᠯ ᠢ ᠴᠢᠩᠭᠠᠳᠬᠠᠵᠤ᠂ ᠨᠡᠶᠢᠭᠡᠮ ᠤᠨ ᠡᠯ᠎ᠡ ᠲᠠᠯ᠎ᠠ ᠶᠢᠨ ᠬᠦᠴᠦᠨ ᠢ ᠳᠠᠶᠢᠴᠢᠯᠠᠨ ᠵᠤᠷᠢᠭᠵᠢᠭᠤᠯᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ  ᠪᠠ  ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠠᠵᠢᠯ ᠳᠤ ᠢᠳᠡᠪᠬᠢᠲᠡᠢ ᠤᠷᠤᠯᠴᠠᠭᠤᠯᠤᠨ᠎ᠠ᠃ ᠡᠯ᠎ᠡ ᠱᠠᠳᠤᠨ ᠤ ᠮᠡᠳᠡᠭᠡ ᠵᠠᠭᠤᠴᠢᠯᠠᠭᠤᠷ ᠤᠨ ᠬᠢᠨ ᠨᠡᠶᠢᠲᠡ ᠶᠢᠨ ᠠᠰᠠᠷᠠᠮᠵᠢ  ᠶᠢᠨ ᠤᠬᠠᠭᠤᠯᠭ᠎ᠠ ᠶᠢ ᠴᠢᠩᠭᠠᠳᠬᠠᠵᠤ ᠲᠠᠷᠢᠶᠠᠯᠠᠩ ᠤᠨ ᠡᠵᠡᠩᠨᠡᠯᠲᠡ ᠶᠢᠨ ᠪᠡᠶᠡᠴᠢ ᠴᠤᠭᠴᠠ ᠶᠢᠨ ᠰᠠᠨᠠᠭᠠᠴᠢᠯᠠᠭ᠎ᠠ  ᠠᠴᠠ ᠪᠠᠨ ᠤᠷᠤᠯᠴᠠᠵᠤ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠳᠤ ᠢᠳᠡᠪᠬᠢᠲᠠᠢ ᠬᠠᠮᠵᠢᠯᠴᠠᠨ   ᠡᠰᠢ ᠰᠦᠷᠡᠯ ᠢ ᠵᠠᠳᠠᠭᠠᠢ ᠰᠢᠲᠠᠭᠠᠬᠤ ᠶᠢ  ᠴᠠᠭᠠᠵᠠᠯᠠᠬᠤ ᠲᠤᠭᠲᠠᠭᠠᠯ ᠢ ᠤᠬᠠᠮᠰᠠᠷ ᠠᠴᠠ ᠪᠠᠨ ᠰᠠᠬᠢᠬᠤ ᠶᠢ ᠨᠢ ᠬᠦᠳᠦᠯᠦᠨ ᠵᠢᠯᠤᠭᠤᠳᠤᠨ᠎ᠠ᠃   ᠠᠷᠪᠠ᠂ ᠬᠤᠰᠢᠭᠤ ᠰᠢᠶᠠᠨ ᠲᠤᠭᠤᠷᠢᠭ ᠤᠨ ᠵᠠᠰᠠᠭ ᠤᠨ ᠤᠷᠳᠤᠨ ᠦᠨᠳᠦᠰᠦᠨ ᠱᠠᠳᠤᠨ ᠤ ᠬᠠᠤᠯᠢ ᠬᠡᠷᠡᠭᠵᠢᠬᠦᠯᠬᠦ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠤᠬᠠᠢ ᠶᠢᠨ ᠴᠠᠭ ᠲᠤ ᠨᠢ   ᠬᠢᠨᠠᠨ ᠬᠡᠮᠵᠢᠬᠦ ᠪᠠ ᠲᠤᠬᠠᠢ ᠶᠢᠨ ᠲᠠᠯᠠᠪᠤᠷ ᠲᠤ ᠨᠢ ᠬᠠᠤᠯᠢ ᠬᠡᠷᠡᠭᠵᠢᠬᠦᠯᠬᠦ ᠬᠦᠴᠦᠯᠡᠴᠡ ᠪᠠᠨ ᠴᠢᠩᠭᠠᠳᠬᠠᠨ᠎ᠠ᠃ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠡᠭᠦᠷᠭᠡ ᠶᠢ ᠲᠠᠷᠢᠶᠠᠨ ᠭᠠᠵᠠᠷ   ᠬᠥᠷᠲᠡᠯ᠎ᠡ᠂ ᠬᠠᠷᠢᠭᠤᠴᠠᠯᠭ᠎ᠠ ᠶᠢ ᠬᠦᠮᠦᠨ ᠳᠤ ᠬᠥᠷᠲᠡᠯ᠎ᠡ ᠨᠠᠷᠢᠯᠢᠭᠵᠢᠭᠤᠯᠤᠨ᠂ ᠬᠤᠯᠪᠤᠭᠠᠯᠠᠨ ᠰᠡᠷᠭᠡᠶᠢᠯᠡᠵᠦ ᠬᠤᠯᠪᠤᠭᠠᠯᠠᠨ ᠡᠵᠡᠮᠳᠡᠬᠦ᠂ ᠲᠣᠣᠷᠵᠢᠭᠤᠯᠤᠨ ᠬᠠᠮᠢᠶᠠᠷᠬᠤ ᠶᠢ ᠭᠡᠷᠡᠭᠵᠢᠬᠦᠯᠦᠨ᠎ᠡ᠃ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠢᠯᠴᠢᠯᠠᠨ ᠮᠡᠳᠡᠭᠦᠯᠦᠯᠲᠡ ᠶᠢ ᠬᠦᠯᠢᠶᠡᠨ ᠠᠪᠴᠤ ᠰᠢᠢᠳᠪᠦᠷᠢᠯᠡᠬᠦ ᠪᠠ ᠬᠡᠷᠡᠭ ᠢ ᠪᠠᠶᠢᠴᠠᠭᠠᠨ ᠰᠢᠢᠳᠪᠦᠷᠢᠯᠡᠬᠦ ᠳᠦᠷᠢᠮ  ᠢ ᠪᠠᠶᠢᠭᠤᠯᠤᠨ᠂ ᠠᠷᠠᠳ ᠢᠷᠭᠡᠨ᠂ ᠬᠠᠥᠯᠢ ᠶᠢᠨ ᠡᠷᠭᠡᠳᠡᠨ  ᠪᠠ  ᠪᠤᠰᠤᠳ ᠵᠤᠬᠢᠶᠠᠨ ᠪᠠᠶᠢᠭᠤᠯᠤᠯᠲᠠ ᠶᠢᠨ ᠡᠰᠢ ᠰᠦᠷᠡᠯ ᠢ ᠵᠠᠳᠠᠭᠠᠢ ᠰᠢᠳᠠᠭᠠᠭᠰᠠᠨ ᠬᠠᠦᠯᠢ ᠶᠢ ᠵᠦᠷᠢᠴᠡᠭᠰᠡᠨ ᠠᠵᠢᠯᠯᠠᠭ᠎ᠠ ᠶᠢ ᠢᠯᠡᠴᠢᠯᠠᠨ ᠮᠡᠳᠡᠭᠦᠯᠬᠦ ᠶᠢ ᠵᠤᠷᠢᠭᠵᠢᠭᠤᠯᠵᠤ᠂ ᠠᠮᠢ ᠠᠬᠤᠢ ᠤᠷᠴᠢᠨ ᠲᠤᠭᠤᠷᠢᠨ ᠤ ᠰᠠᠯᠠᠭ᠎ᠠ ᠮᠦᠴᠢᠷ ᠢᠯᠡᠴᠢᠯᠡᠨ ᠮᠡᠳᠡᠭᠦᠯᠦᠭᠰᠡᠨ ᠬᠡᠷᠡᠭ ᠢ ᠬᠦᠯᠢᠶᠡᠨ ᠠᠪᠤᠭᠰᠠᠨ ᠤ ᠳᠠᠷᠠᠭ᠎ᠠ ᠲᠤᠭᠳᠠᠭᠠᠯ ᠶᠤᠰᠤᠭᠠᠷ ᠬᠠᠤᠯᠢ ᠶᠤᠰᠤᠭᠠᠷ  ᠴᠢᠩᠭ᠎ᠠ ᠰᠢᠢᠳᠪᠦᠷᠢᠯᠡᠨ᠎ᠡ᠃   ᠠᠷᠪᠠᠨ ᠨᠢᠭᠡ᠂ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠠᠵᠢᠯ ᠤᠨ ᠬᠢᠨᠠᠨ ᠰᠢᠯᠭᠠᠵᠤ ᠦᠨᠡᠯᠡᠬᠦ ᠲᠤᠭᠲᠠᠴᠠ ᠵᠢᠴᠢ ᠠᠵᠢᠯ ᠤᠨ  ᠱᠠᠩᠨᠠᠵᠤ  ᠲᠣᠷᠭᠠᠬᠤ ᠳᠦᠷᠢᠮ  ᠢ ᠪᠠᠶᠢᠭᠤᠯᠤᠨ  ᠲᠡᠭᠦᠯᠳᠡᠷᠵᠢᠬᠦᠯᠵᠦ᠂ ᠵᠢᠯ ᠤᠨ ᠡᠴᠦᠰ ᠤᠨ ᠡᠯ᠎ᠡ ᠱᠠᠳᠤᠨ ᠤ ᠵᠠᠰᠠᠭ ᠤᠨ ᠤᠷᠳᠤᠨ ᠤ ᠰᠢᠯᠭᠠᠯᠲᠠ  ᠶᠢᠨ ᠴᠢᠬᠤᠯᠠ ᠠᠭᠤᠯᠭ᠎ᠠ ᠪᠤᠯᠭᠠᠨ᠎ᠠ᠃ ᠡᠰᠢ ᠰᠦᠷᠡᠯ ᠢ ᠶᠡᠷᠦᠩᠬᠡᠶᠢᠯᠡᠨ ᠠᠰᠢᠭᠯᠠᠬᠤ ᠪᠠ ᠡᠰᠢ ᠰᠦᠷᠡᠯ ᠢ ᠵᠠᠳᠠᠭᠠᠢ ᠰᠢᠳᠠᠭᠠᠬᠤ ᠶᠢ ᠴᠠᠭᠠᠵᠠᠯᠠᠬᠤ ᠠᠵᠢᠯ ᠤᠨ ᠳᠤᠮᠳᠠ ᠬᠢᠷᠢ ᠪᠦᠳᠦᠮᠵᠢ ᠰᠠᠶᠢᠨ ᠢ ᠨᠢ ᠬᠦᠬᠢᠭᠦᠯᠦᠨ ᠱᠠᠩᠨᠠᠵᠤ᠂ ᠠᠵᠢᠯ  ᠳᠠᠭᠠᠨ ᠰᠤᠯᠠ ᠵᠠᠳᠠᠭᠠᠢ  ᠂ ᠡᠰᠢ ᠰᠦᠷᠡᠯ ᠢ ᠵᠠᠳᠠᠭᠠᠢ ᠰᠢᠳᠠᠭᠠᠭᠰᠠᠨ ᠠᠵᠢᠯᠯᠠᠭ᠎ᠠ ᠭᠠᠷᠤᠭᠰᠠᠨ ᠪᠦᠭᠡᠳ ᠦᠷ᠎ᠡ ᠳ᠋ᠦᠩ ᠨᠢ ᠬᠦᠨᠳᠦ ᠨᠤᠴᠢᠳᠠᠢ ᠠᠴᠠ ᠨᠢ ᠬᠠᠷᠢᠭᠤᠴᠠᠯᠭ᠎ᠠ ᠨᠡᠬᠡᠮᠵᠢᠯᠡᠵᠦ ᠵᠠᠯᠬᠠᠭᠠᠨ ᠰᠢᠢᠳᠭᠡᠨ᠎ᠡ᠃   ᠠᠷᠪᠠᠨ ᠬᠤᠶᠠᠷ᠂ ᠲᠤᠰ ᠲᠤᠭᠳᠠᠭᠠᠯ ᠢ ᠲᠠᠷᠤᠮᠠᠯᠯᠠᠨ ᠲᠠᠷᠬᠠᠭᠠᠭᠰᠠᠨ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠬᠥᠬᠡᠬᠤᠲᠠ ᠶᠢᠨ ᠵᠠᠰᠠᠭ ᠤᠨ ᠣᠷᠳᠣᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号