︽ᠤᠮᠠᠷᠠᠲᠤ ᠬᠢᠯᠢ ᠶᠢᠨ ᠲᠡᠦᠬᠡ ᠬᠢᠬᠡᠳ ᠣᠳᠣᠬᠢ ᠪᠠᠶᠢᠳᠠᠯ ᠤᠨ ᠰᠤᠳᠤᠯᠤᠯ︾ ᠤᠨ 40 ᠭᠠᠷᠤᠢ ᠨᠤᠮ ᠬᠡᠪᠯᠡᠭᠳᠡᠪᠡ
ᠨᠡᠶᠢᠲᠡᠯᠡᠭᠰᠡᠨ ᠴᠠᠭ᠄
2020-04-13
      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠠᠴᠠ ᠣᠶᠢᠯᠠᠭᠠᠭᠰᠠᠨ ᠢᠶᠠᠷ᠂ 9 ᠵᠢᠯ ᠭᠠᠷᠤᠢ ᠶᠠᠪᠤᠭᠳᠠᠭᠰᠠᠨ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ ᠣᠨᠴᠠᠭᠠᠶ ᠲᠥᠷᠥᠯ ᠵᠦᠢᠯ ︽ᠤᠮᠠᠷᠠᠲᠤ ᠬᠢᠯᠢ ᠶᠢᠨ ᠲᠡᠤᠬᠡ ᠬᠢᠭᠡᠳ ᠣᠳᠣᠬᠢ ᠪᠠᠶᠢᠳᠠᠯ ᠤᠨ ᠰᠤᠳᠤᠯᠤᠯ︾ ︵ ᠪᠦᠳᠦᠭᠡᠯ ᠤᠨ ᠬᠦᠮᠦᠷᠬᠡ︶ ᠤᠨ 40 ᠭᠠᠷᠤᠢ ᠨᠤᠮ ᠣᠶᠢᠷ᠎ᠠ ᠳᠤ ᠬᠡᠪᠯᠡᠭᠳᠡᠭᠰᠡᠨ ᠪᠠᠶᠢᠨ᠎ᠠ᠃ ᠡᠬᠦᠨ ᠳᠤ᠂ ᠳᠤᠮᠳᠠᠳᠤ ᠮᠣᠩᠭᠤᠯ ᠬᠤᠶᠠᠷ ᠤᠯᠤᠰ ᠤᠨ ᠡᠷᠳᠡᠮᠲᠡᠳ ᠤᠨ ᠡᠮᠬᠢᠳᠬᠡᠨ ᠨᠠᠶᠢᠷᠠᠭᠤᠯᠤᠭᠰᠠᠨ ︽ᠵᠠᠷᠯᠢᠭ ᠢᠶᠠᠷ ᠵᠠᠷᠤᠭᠰᠠᠨ ᠬᠦᠷᠢᠶᠡᠨ ᠳᠤ ᠰᠠᠭᠤᠵᠤ ᠬᠡᠷᠡᠭ ᠰᠢᠢᠳᠬᠡᠭᠴᠢ ᠰᠠᠶᠢᠳ ᠤᠨ ᠭᠠᠵᠠᠷ ᠲᠤ ᠬᠤᠯᠪᠤᠭᠳᠠᠬᠤ ᠪᠠᠷᠢᠮᠳᠠ ᠶᠢᠨ ᠡᠮᠬᠢᠳᠬᠡᠯ︾ ︵20 ᠳᠡᠪᠳᠡᠷ︶ ᠨᠢ ᠡᠷᠳᠡᠮ ᠰᠢᠨᠵᠢᠯᠡᠭᠡᠨ ᠤ ᠬᠢᠨ ᠤ ᠠᠩᠬᠠᠷᠤᠯ ᠢ ᠶᠡᠬᠡᠳᠡ ᠲᠠᠲᠠᠭᠰᠠᠨ ᠪᠠᠶᠢᠨ᠎ᠠ᠃      ᠲᠣᠰ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠳᠤᠮᠳᠠᠳᠤ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠯᠢ ᠬᠢᠵᠠᠭᠠᠷ ᠤᠨ ᠲᠥᠪ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠢ ᠵᠣᠬᠢᠴᠠᠭᠤᠯᠤᠨ ᠵᠣᠬᠢᠶᠠᠨ ᠪᠠᠶᠢᠭᠤᠯᠵᠤ 2010 ᠣᠨ ᠤ 10 ᠰᠠᠷ᠎ᠠ ᠳᠤ ᠡᠬᠢᠯᠡᠨ ᠬᠡᠷᠡᠭᠵᠢᠬᠦᠯᠵᠡᠢ᠃ 500 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠤ 9 ᠵᠢᠯ ᠭᠠᠷᠤᠢ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠵᠤ᠂ ︽ᠤᠮᠠᠷᠠᠲᠤ ᠬᠢᠯᠢ ᠶᠢᠨ ᠲᠡᠦᠬᠡ ᠬᠢᠬᠡᠳ ᠣᠳᠣᠬᠢ ᠪᠠᠶᠢᠳᠠᠯ ᠤᠨ ᠰᠤᠳᠤᠯᠤᠯ︾ ︵ᠪᠦᠲᠦᠭᠡᠯ ᠤᠨ ᠬᠦᠮᠦᠷᠬᠡ︶ ᠤᠨ 40 ᠭᠠᠷᠤᠢ ᠨᠤᠮ ᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ ᠭᠤᠸᠠᠩᠰᠢ ᠶᠢᠨ ᠪᠠᠭᠰᠢ ᠶᠢᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠵᠠᠯᠭᠠᠭᠠᠳ 60 ᠭᠠᠷᠤᠢ ᠰᠤᠳᠤᠯᠭᠠᠨ ᠤ ᠦᠷ᠎ᠡ ᠪᠦᠲᠦᠭᠡᠯ ᠢ ᠬᠡᠪᠯᠡᠬᠦᠯᠬᠦ ᠪᠠᠷ ᠪᠠᠶᠢᠭ᠎ᠠ ᠠᠵᠢ᠃      ︽ᠤᠮᠠᠷᠠᠲᠤ ᠬᠢᠯᠢ ᠶᠢᠨ ᠲᠡᠦᠬᠡ ᠬᠢᠬᠡᠳ ᠣᠳᠣᠬᠢ ᠪᠠᠶᠢᠳᠠᠯ ᠤᠨ ᠰᠤᠳᠤᠯᠤᠯ︾ ︵ᠪᠦᠲᠦᠭᠡᠯ ᠤᠨ ᠬᠦᠮᠦᠷᠬᠡ ︶ ᠬᠡᠬᠦ ᠨᠤᠮ ᠨᠢ ᠤᠯᠤᠰ ᠲᠦᠷᠦ᠂ ᠠᠵᠤ ᠠᠬᠤᠢ᠂ ᠰᠤᠶᠤᠯ᠂ ᠦᠨᠳᠦᠰᠦᠳᠡᠨ᠂ ᠱᠠᠰᠢᠨ ᠰᠤᠷᠳᠠᠬᠤᠨ ᠵᠡᠷᠬᠡ ᠤᠯᠠᠨ ᠬᠦᠷᠢᠶ᠎ᠡ ᠴᠠᠷᠠᠭ᠎ᠠ ᠲᠠᠢ ᠬᠤᠯᠪᠤᠭᠳᠠᠵᠠᠢ᠃ ︽ᠲᠦᠮᠡᠳ ᠤᠨ ᠳᠡᠦᠬᠡ︾᠂ ︽ᠨᠤᠨ ᠬᠤᠷᠴᠢᠨ ᠤ ᠳᠡᠦᠬᠡ︾ ᠵᠡᠷᠬᠡ ᠮᠤᠩᠭᠤᠯᠴᠤᠳ ᠤᠨ ᠤᠪᠤᠭ ᠠᠶᠢᠮᠠᠭ ᠤᠨ ᠳᠡᠦᠬᠡ ᠶᠢᠨ ᠰᠤᠳᠤᠯᠤᠯ ᠨᠢ ᠳᠡᠦᠬᠡᠨ ᠳᠠᠬᠢ ᠮᠤᠩᠭᠤᠯ ᠦᠨᠳᠦᠰᠦᠳᠡᠨ ᠤ ᠡᠯ᠎ᠡ ᠣᠪᠣᠭ ᠠᠶᠢᠮᠠᠭ ᠤᠨ ᠳᠡᠦᠬᠡᠨ ᠬᠤᠪᠢᠷᠠᠯᠲᠠ ᠪᠠ ᠰᠣᠶᠣᠯ ᠤᠨ ᠬᠥᠭᠵᠢᠯᠲᠡ ᠶᠢᠨ ᠪᠠᠶᠢᠳᠠᠯ ᠢ ᠮᠥᠷᠳᠡᠵᠦ ᠪᠦᠬᠦ ᠲᠠᠯ᠎ᠠ ᠪᠠᠷ ᠰᠢᠰᠲ᠋ᠧᠮ ᠲᠠᠢ ᠰᠤᠳᠤᠯᠪᠠ᠂ ᠡᠨᠡ ᠨᠢ ᠮᠥᠨ ᠴᠦ  ᠠᠩᠬ᠎ᠠ ᠤᠳᠠᠭ᠎ᠠ ᠮᠣᠩᠭᠤᠯ ᠣᠪᠣᠭ ᠠᠶᠢᠮᠠᠭ ᠤᠨ ᠳᠡᠦᠬᠡ ᠶᠢ ᠤᠯᠤᠰ ᠤᠨ ᠲᠦᠷᠦᠯ ᠵᠦᠢᠯ ᠳᠤ ᠤᠷᠤᠭᠤᠯᠵᠤ ᠪᠦᠬᠦ ᠲᠠᠯ᠎ᠠ ᠪᠠᠷ ᠰᠤᠳᠤᠯᠤᠭᠰᠠᠨ ᠶᠠᠪᠤᠳᠠᠯ ᠪᠣᠯᠣᠨ᠎ᠠ᠃ ︽ᠳᠠᠭᠤᠷ ᠦᠨᠳᠦᠰᠦᠳᠡᠨ ᠤ ᠰᠣᠶᠣᠯ ᠤᠨ ᠬᠤᠪᠢᠰᠤᠯᠳᠠ ᠶᠢᠨ ᠰᠤᠳᠤᠯᠤᠯ︾᠂ ︽ᠳᠠᠭᠤᠷ ᠦᠨᠳᠦᠰᠦᠳᠡᠨ ᠤ ᠤᠳᠬ᠎ᠠ ᠵᠣᠬᠢᠶᠠᠯ ᠤᠨ ᠰᠤᠳᠤᠯᠤᠯ ᠤᠨ ᠳᠡᠬᠦᠪᠦᠷᠢ︾ ᠵᠡᠷᠬᠡ ᠰᠢᠷᠢᠰ ᠰᠤᠳᠤᠯᠭᠠᠨ ᠤ ᠦᠷ᠎ᠡ ᠪᠦᠳᠦᠬᠡᠯ ᠨᠢ ᠳᠠᠭᠤᠷ ᠦᠨᠳᠦᠰᠦᠳᠡᠨ ᠤ ᠨᠡᠶᠢᠬᠡᠮ ᠰᠤᠶᠤᠯ ᠪᠠ ᠤᠳᠬ᠎ᠠ ᠵᠣᠬᠢᠶᠠᠯ ᠤᠨ ᠬᠦᠭᠵᠢᠯᠳᠡ ᠶᠢᠨ ᠦᠨᠳᠦᠰᠦᠨ ᠵᠢᠮ᠎ᠡ ᠶᠤᠰᠤ ᠶᠢ ᠮᠦᠷᠲᠡᠵᠦ ᠬᠦᠨᠵᠡᠬᠡᠢ ᠰᠤᠳᠤᠯᠪᠠ᠃ ᠳᠠᠭᠤᠷ ᠦᠨᠳᠦᠰᠦᠳᠡᠨ ᠤ ᠤᠳᠬ᠎ᠠ ᠵᠤᠬᠢᠶᠠᠯ  ᠤᠨ ᠰᠤᠳᠤᠯᠤᠯ ᠳᠤ ᠳᠠᠭᠤᠷ ᠦᠨᠳᠦᠰᠦᠳᠡᠨ ᠤ ᠦᠬᠦᠯᠡᠯᠬᠡ᠂ ᠳᠠᠭᠤᠤ ᠰᠢᠯᠦᠭ᠂ ᠨᠠᠶᠢᠷᠠᠭᠤᠯᠤᠯ ᠤᠨ ᠪᠦᠲᠦᠭᠡᠯ ᠢ ᠪᠠᠭᠳᠠᠭᠠᠭᠰᠠᠨ ᠢᠶᠠᠷ ᠪᠠᠷᠠᠬᠤ ᠦᠬᠡᠢ ᠪᠠᠰᠠ ᠳᠠᠭᠤᠷ ᠦᠨᠳᠦᠰᠦᠳᠡᠨ ᠤ ᠮᠡᠳᠡᠭᠡᠯᠡᠯ ᠤᠨ ᠤᠷᠠᠨ ᠵᠤᠬᠢᠶᠠᠯ᠂ ᠰᠢ ᠵᠦᠴᠦᠭᠡ ᠶᠢᠨ ᠵᠣᠬᠢᠶᠠᠯ᠂ ᠺᠢᠨᠣ᠋ ᠶᠢᠨ ᠤᠳᠬ᠎ᠠ ᠵᠣᠬᠢᠶᠠᠯ ᠢ ᠤᠷᠤᠭᠤᠯᠵᠤ᠂ ᠵᠤᠬᠢᠶᠠᠯ ᠪᠦᠳᠦᠬᠡᠯ ᠢᠶᠠᠨ ᠨᠠᠷᠢᠨ ᠵᠠᠳᠠᠯᠵᠤ᠂ ᠦᠩᠬᠡᠷᠡᠭᠰᠡᠨ ᠤ ᠰᠤᠳᠤᠯᠭᠠᠨ ᠤ ᠬᠦᠷᠦᠯᠴᠡᠬᠦ ᠦᠬᠡᠢ ᠲᠠᠯ᠎ᠠ ᠶᠢ ᠨᠦᠬᠦᠪᠦᠷᠢᠯᠡᠵᠦ᠂ ᠳᠠᠭᠤᠷ ᠦᠨᠳᠦᠰᠦᠳᠡᠨ ᠤ ᠤᠳᠬ᠎ᠠ ᠵᠣᠬᠢᠶᠠᠯ ᠤᠨ ᠰᠤᠳᠤᠯᠭᠠᠨ ᠤ ᠠᠭᠤᠯᠬᠤᠨ ᠢ ᠪᠠᠶᠠᠯᠢᠭᠵᠢᠭᠤᠯᠵᠠᠢ᠃ ᠭᠧ ᡁᠢ ᠢ ᠶᠢᠨ ᠲᠤᠰᠬᠠᠶ ᠪᠦᠲᠦᠭᠡᠯ ︽ᠥᠪᠥᠷ ᠮᠣᠩᠭᠤᠯ ᠤᠨ ᠠᠮᠢ ᠠᠬᠤᠢ ᠶᠢᠨ ᠠᠮᠤᠷ ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠣᠨᠣᠯ︾ ᠪᠣᠯ ᠳᠡᠬᠦᠨ ᠤ 10 ᠵᠢᠯ ᠤᠨ ᠴᠠᠭ ᠵᠠᠷᠤᠴᠠᠭᠤᠯᠵᠤ᠂ ᠥᠪᠥᠷ ᠮᠣᠩᠭᠤᠯ ᠤᠨ 102ᠬᠤᠰᠢᠭᠤ ᠰᠢᠶᠠᠨ ᠢᠶᠠᠷ ᠶᠠᠪᠤᠵᠤ ᠪᠠᠶᠢᠭᠠᠳ ᠪᠢᠴᠢᠭᠰᠡᠨ ᠪᠦᠲᠦᠭᠡᠯ ᠪᠣᠯᠣᠨ᠎ᠠ᠃ ᠳᠤᠰ ᠪᠦᠳᠦᠬᠡᠯ ᠳᠡᠭᠡᠨ᠂ ᠠᠮᠢ ᠠᠬᠤᠢ ᠶᠢᠨ ᠡᠮᠬᠢ ᠵᠢᠷᠤᠮ ᠦᠭᠡᠢ᠂ ᠲᠣᠭᠲᠠᠪᠤᠷᠢᠲᠤ ᠪᠤᠰᠤ ᠣᠯᠠᠨ ᠶᠠᠩᠵᠤᠲᠤ ᠴᠢᠨᠠᠷ ᠪᠠ ᠲᠡᠩᠴᠡᠭᠦᠷᠢ ᠦᠭᠡᠢ ᠴᠢᠨᠠᠷ ᠢ ᠰᠤᠳᠤᠯᠬᠤ ᠪᠠᠷ ᠳᠠᠮᠵᠢᠵᠤ᠂ ᠪᠠᠶᠢᠭᠠᠯᠢ ᠶᠢᠨ ᠠᠮᠢ ᠠᠬᠤᠢ ᠶᠢᠨ ᠲᠡᠩᠴᠡᠭᠦᠷᠢ ᠪᠠᠨ ᠠᠯᠳᠠᠬᠤ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠢᠶᠠᠷ ᠠᠵᠤ ᠠᠬᠤᠶ᠂ ᠨᠡᠶᠢᠭᠡᠮ ᠪᠠ ᠠᠮᠢ ᠠᠬᠤᠶ ᠶᠢᠨ ᠵᠣᠬᠢᠴᠠᠩᠭᠤᠶ ᠬᠥᠭᠵᠢᠯᠲᠡ ᠶᠢ ᠠᠬᠢᠭᠤᠯᠬᠤ ᠶᠢ ᠵᠤᠷᠢᠵᠠᠢ᠃      9 ᠵᠢᠯ ᠭᠠᠷᠤᠢ ᠶᠢᠨ ᠳᠤᠷᠰᠢ᠂ ᠲᠣᠰ ᠲᠥᠷᠥᠯ ᠵᠦᠢᠯ ᠢᠶᠠᠷ ᠬᠡᠪᠯᠡᠭᠰᠡᠨ ︽ᠲᠦᠮᠡᠳ ᠤᠨ ᠲᠡᠤᠬᠡ︾᠂ ︽ᠨᠤᠨ ᠬᠤᠷᠴᠢᠨ ᠤ ᠲᠡᠤᠬᠡ︾᠂ ︽ᠳᠠᠭᠤᠷ ᠦᠨᠳᠦᠰᠦᠲᠡᠨ ᠤ ᠰᠣᠶᠣᠯ ᠤᠨ ᠬᠤᠪᠢᠰᠤᠯᠳᠠ ᠶᠢᠨ ᠰᠤᠳᠤᠯᠤᠯ︾᠂ ︽ᠳᠠᠭᠤᠷ ᠦᠨᠳᠦᠰᠦᠲᠡᠨ ᠤ ᠤᠳᠬ᠎ᠠ ᠵᠣᠬᠢᠶᠠᠯ ᠤᠨ ᠰᠤᠳᠤᠯᠤᠯ ᠤᠨ ᠳᠡᠭᠦᠪᠦᠷᠢ︾᠂ ︽ᠯᠢᠶᠣᠤ ᠤᠯᠤᠰ ᠤᠨ ᠦᠶ᠎ᠡ ᠠᠴᠠ ᠡᠮᠦᠨᠡᠬᠢ ᠮᠣᠩᠭᠤᠯ ᠤᠨ ᠲᠠᠯ᠎ᠠ ᠨᠤᠲᠤᠭ ᠬᠢᠭᠡᠳ ᠵᠡᠭᠦᠨ ᠬᠤᠶᠢᠲᠤ ᠣᠷᠣᠨ ᠤ ᠦᠨᠳᠦᠰᠦᠲᠡᠨ ᠤ ᠬᠠᠷᠢᠴᠠᠭ᠎ᠠ ᠶᠢᠨ ᠰᠤᠳᠤᠯᠤᠯ︾ ᠵᠡᠷᠭᠡ ᠲᠤᠰᠬᠠᠢ ᠵᠣᠬᠢᠶᠠᠯ ᠪᠦᠲᠦᠭᠡᠯ ᠨᠢ ᠴᠦ ᠳᠤᠮᠳᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠬᠢᠨ ᠤ ᠮᠠᠭᠲᠠᠭᠠᠯ ᠰᠠᠶᠢᠰᠢᠶᠠᠯ ᠢ ᠣᠯᠤᠭᠰᠠᠨ ᠪᠠᠶᠢᠨ᠎ᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号