ᠬᠦᠬᠡᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠣᠨ ᠨᠢᠬᠡᠴᠢ ᠪᠠᠷ ᠰᠤᠯᠪᠢᠴᠠᠵᠤ ᠬᠢᠴᠢᠶᠡᠯᠯᠡᠬᠦ ᠪᠠᠷ ᠪᠠᠶᠢᠨ᠎ᠠ
ᠨᠡᠶᠢᠲᠡᠯᠡᠭᠰᠡᠨ ᠴᠠᠭ᠄
2020-04-13
      ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠰᠤᠷᠪᠤᠯᠵᠢᠯᠠᠭᠴᠢ ᠬᠦᠬᠡᠬᠤᠳᠠ ᠶᠢᠨ ᠰᠤᠷᠭᠠᠨ ᠬᠦᠮᠦᠵᠢᠯ ᠤᠨ ᠲᠣᠪᠴᠢᠶ᠎ᠠ ᠠᠴᠠ  ᠣᠶᠢᠯᠠᠭᠠᠭᠰᠠᠨ ᠢᠶᠠᠷ᠂ ᠬᠥᠬᠡᠬᠤᠲᠠ ᠶᠢᠨ ᠡᠯ᠎ᠡ ᠰᠤᠷᠭᠠᠭᠤᠯᠢ ᠨᠤᠭᠤᠳ ᠰᠤᠷᠭᠠᠭᠤᠯᠢ ᠡᠬᠢᠯᠡᠬᠦ ᠴᠠᠭ ᠢᠶᠠᠨ ᠳᠤᠭᠳᠠᠭᠠᠭᠰᠠᠨ ᠤ ᠰᠡᠬᠦᠯᠡᠷ᠂ ᠬᠠᠷᠢᠶ᠎ᠠ ᠤᠷᠤᠨ ᠤ ᠰᠤᠷᠭᠠᠨ ᠬᠥᠮᠥᠵᠢᠯ ᠤᠨ ᠰᠠᠯᠠᠭ᠎ᠠ ᠮᠦᠴᠢᠷ ᠠᠴᠠ ᠬᠢᠨᠠᠨ ᠰᠢᠯᠭᠠᠵᠤ᠂ ᠰᠤᠷᠭᠠᠭᠤᠯᠢ ᠡᠬᠢᠯᠡᠬᠦ ᠨᠦᠬᠦᠴᠡᠯ ᠳᠤ ᠬᠦᠷᠪᠡᠯ ᠰᠤᠯᠪᠢᠴᠠᠵᠤ ᠬᠢᠴᠢᠶᠡᠯᠯᠡᠬᠦ ᠪᠠᠷ ᠪᠠᠶᠢᠨ᠎ᠠ᠃      ᠬᠦᠬᠡᠬᠤᠳᠠ ᠶᠢᠨ ᠰᠤᠷᠭᠠᠨ ᠬᠥᠮᠥᠵᠢᠯ ᠤᠨ ᠲᠣᠪᠴᠢᠶ᠎ᠠ ᠶᠢᠨ ᠳᠠᠷᠤᠮᠠᠯᠯᠠᠨ ᠳᠠᠷᠬᠠᠭᠠᠭᠰᠠᠨ ︽ᠬᠦᠬᠡᠬᠤᠳᠠ ᠶᠢᠨ ᠳᠤᠮᠳᠠᠳᠤ ᠪᠠᠭ᠎ᠠ ᠰᠤᠷᠭᠠᠭᠤᠯᠢ ᠴᠡᠴᠡᠷᠯᠢᠭ ᠤᠨ ᠰᠤᠷᠭᠠᠭᠤᠯᠢ ᠡᠬᠢᠯᠡᠬᠦ ᠠᠴᠠ ᠡᠮᠦᠨᠡᠬᠢ ᠬᠤᠶᠢᠨᠠᠬᠢ ᠬᠢᠵᠢᠭ ᠤᠨ ᠪᠠᠶᠢᠳᠠᠯ ᠢ ᠰᠡᠷᠬᠡᠶᠢᠯᠡᠨ ᠡᠵᠡᠮᠳᠡᠬᠦ ᠠᠵᠢᠯ ᠤᠨ ᠪᠡᠯᠡᠳᠬᠡᠯ ᠲᠦᠰᠦᠯ︾ ᠳᠤ᠂ ᠨᠢᠬᠡᠳᠦᠬᠡᠷ ᠪᠦᠯᠦᠭ ᠲᠤ᠂ ᠡᠩ ᠤᠨ ᠦᠨᠳᠦᠷ ᠳᠤᠮᠳᠠᠳᠤ᠂ ᠠᠩᠬ᠎ᠠ ᠳᠤᠮᠳᠠᠳᠤ ᠶᠢᠨ ᠰᠤᠷᠭᠠᠭᠤᠯᠢ ᠣᠨ ᠤ ᠳᠠᠷᠠᠭᠠᠯᠠᠯ ᠢᠶᠠᠷ ᠳᠡᠭᠡᠷ᠎ᠡ ᠣᠨ ᠠᠴᠠ ᠳᠣᠣᠷ᠎ᠠ ᠣᠨ ᠤ ᠳᠠᠷᠠᠭᠠᠯᠠᠯ ᠢᠶᠠᠷ ᠡᠳᠦᠷ ᠪᠦᠷᠢ ᠨᠢᠬᠡ ᠣᠨ ᠨᠢᠬᠡᠴᠢ ᠨᠢ ᠰᠤᠷᠭᠠᠭᠤᠯᠢ ᠳᠠᠭᠠᠨ ᠬᠢᠴᠢᠶᠡᠯᠯᠡᠨ᠎ᠡ᠃ ᠪᠠᠭ᠎ᠠ ᠰᠤᠷᠭᠠᠭᠤᠯᠢ ᠶᠢᠨ ᠳᠠᠪᠤ ᠵᠢᠷᠭᠤᠳᠤᠭᠠᠷ ᠣᠨ᠂ ᠭᠤᠷᠪᠠ ᠳᠥᠷᠪᠡᠳᠦᠭᠡᠷ ᠣᠨ᠂ ᠨᠢᠬᠡ ᠬᠤᠶᠠᠳᠤᠭᠠᠷ ᠣᠨ ᠤ ᠳᠠᠷᠠᠭᠠᠯᠠᠯ ᠢᠶᠠᠷ ᠡᠳᠦᠷ ᠪᠦᠷᠢ ᠬᠤᠶᠠᠷ ᠣᠨ ᠨᠢᠬᠡᠴᠢ ᠪᠠᠷ ᠰᠤᠯᠪᠢᠴᠠᠵᠤ ᠬᠢᠴᠢᠶᠡᠯᠯᠡᠨ᠎ᠡ᠃ ᠬᠤᠶᠠᠳᠤᠭᠠᠷ ᠪᠦᠯᠦᠭ ᠲᠤ ᠳᠤᠮᠳᠠᠳᠤ ᠵᠡᠷᠭᠡ ᠶᠢᠨ ᠠᠵᠢᠯ ᠮᠡᠷᠭᠡᠵᠢᠯ ᠤᠨᠰᠤᠷᠭᠠᠭᠤᠯᠢ ᠤᠷᠢᠳ ᠢᠶᠠᠷ ᠭᠠᠳᠠᠨ᠎ᠠ ᠮᠤᠵᠢ ᠤᠷᠤᠨ ᠠᠴᠠ ᠪᠤᠴᠠᠵᠤ ᠢᠷᠡᠭᠰᠡᠨ ᠪᠠᠶᠢᠷᠢ ᠳᠤ ᠰᠠᠭᠤᠭ᠎ᠠ ᠰᠤᠷᠤᠭᠴᠢᠳ  ᠢ ᠱᠠᠭᠠᠷᠳᠠᠯᠭ᠎ᠠ ᠶᠤᠰᠤᠭᠠᠷ 14 ᠡᠳᠦᠷ ᠳᠤᠰᠠᠭᠠᠷᠯᠠᠵᠤ᠂ ᠳᠤᠰᠠᠭᠠᠷᠯᠠᠵᠤ ᠪᠠᠷᠠᠭᠰᠠᠨ ᠤ ᠰᠡᠬᠦᠯᠡᠷ ᠳᠡᠭᠡᠷ᠎ᠡ ᠣᠨ ᠠᠴᠠ ᠳᠣᠣᠷ᠎ᠠ ᠣᠨ ᠤ ᠲᠡᠰ ᠳᠠᠷᠠᠭᠠᠯᠠᠯ ᠢᠶᠠᠷ ᠡᠳᠦᠷ ᠪᠦᠷᠢ ᠨᠢᠭᠡ ᠣᠨ ᠨᠢᠭᠡᠴᠢ ᠨᠢ ᠰᠤᠷᠭᠠᠭᠤᠯᠢ ᠳᠠᠭᠠᠨ ᠬᠢᠴᠢᠶᠡᠯᠯᠡᠨ᠎ᠡ᠃ ᠭᠤᠷᠪᠠᠳᠤᠭᠠᠷ ᠪᠦᠯᠦᠭ ᠲᠤ᠂ ᠬᠡᠦᠬᠡᠳ ᠤᠨ ᠴᠡᠴᠡᠷᠯᠢᠭ ᠤᠨ ᠰᠤᠷᠭᠠᠭᠤᠯᠢ ᠡᠬᠢᠯᠡᠬᠦ ᠴᠠᠭ ᠢ ᠬᠢᠵᠢᠭ ᠤᠨ ᠪᠠᠶᠢᠳᠠᠯ ᠢ ᠦᠨᠳᠦᠰᠦᠯᠡᠵᠦ ᠳᠠᠬᠢᠨ ᠮᠡᠳᠡᠭᠳᠡᠨ᠎ᠡ ᠭᠡᠪᠡ᠃      ︽ᠪᠡᠯᠡᠳᠬᠡᠯ ᠲᠦᠰᠦᠯ︾ ᠳᠤ ᠡᠷᠡᠬᠦᠯ ᠬᠠᠮᠠᠭᠠᠯᠠᠯ ᠤᠨ ᠲᠠᠰᠤᠭ ᠤᠨ ᠬᠠᠵᠠᠭᠤ ᠳᠤ ᠳᠤᠰᠬᠠᠢ ᠳᠤᠰᠠᠭᠠᠷᠯᠠᠭᠰᠠᠨ ᠠᠵᠢᠬᠯᠠᠯᠳᠠ ᠶᠢᠨ ᠳᠠᠰᠤᠭ ᠭᠠᠷᠭᠠᠵᠤ᠂ ᠪᠡᠶ᠎ᠡ ᠨᠢ ᠡᠪ ᠦᠬᠡᠢ ᠪᠠᠶᠢᠬᠤ ᠪᠠᠭᠰᠢ ᠰᠤᠷᠤᠭᠴᠢᠳ ᠢ ᠲᠦᠷ ᠴᠠᠭ ᠦᠯᠡᠳᠡᠬᠡᠨ ᠠᠵᠢᠭᠯᠠᠨ᠎ᠠ᠃ ᠡᠷᠡᠬᠦᠯ ᠬᠠᠮᠠᠭᠠᠯᠠᠯ ᠤᠨ ᠳᠠᠰᠤᠭ ᠦᠬᠡᠢ ᠰᠤᠷᠭᠠᠭᠤᠯᠢ ᠳᠠᠷᠤᠢ ᠲᠦᠷᠬᠡᠨ ᠪᠠᠶᠢᠭᠤᠯᠬᠤ ᠴᠢᠬᠤᠯᠠ ᠲᠠᠢ᠃ ᠳᠤᠰᠠᠭᠠᠷᠯᠠᠬᠤ ᠲᠠᠰᠤᠭ ᠢ ᠰᠤᠷᠤᠭᠴᠢᠳ ᠤᠨ ᠰᠤᠷᠤᠯᠴᠠᠬᠤ ᠪᠠ ᠠᠮᠢᠳᠤᠷᠠᠯ ᠤᠨ ᠳᠤᠭᠤᠷᠢᠭ ᠠᠴᠠ ᠬᠤᠯᠠ ᠪᠠᠶᠢᠯᠭᠠᠵᠤ᠂ ᠨᠠᠷᠠ ᠰᠠᠯᠬᠢ ᠨᠡᠪᠳᠡᠷᠡᠭᠰᠡᠨ ᠳᠤᠰᠬᠠᠢ ᠵᠤᠷᠯᠤᠩ ᠲᠠᠢ᠂ ᠭᠠᠷ ᠤᠬᠢᠶᠠᠬᠤ ᠲᠦᠬᠦᠬᠡᠷᠦᠮᠵᠢ ᠲᠠᠢ ᠪᠠᠶᠢᠬᠤ ᠬᠡᠷᠡᠭᠳᠡᠢ᠃ ᠡᠯ᠎ᠡ ᠰᠤᠷᠭᠠᠭᠤᠯᠢ ᠨᠤᠭᠤᠳ ᠤᠳᠤ ᠠᠴᠠ ᠡᠬᠢᠯᠡᠨ ᠤᠷᠴᠢᠨ ᠳᠤᠭᠤᠷᠢᠨ  ᠤ ᠴᠡᠪᠡᠷᠯᠡᠭᠡ ᠶᠢᠨ ᠠᠵᠢᠯ ᠢᠶᠠᠨ ᠡᠬᠢᠯᠡᠬᠦᠯᠵᠦ᠂ ᠰᠤᠷᠭᠠᠭᠤᠯᠢ ᠶᠢᠨ ᠬᠦᠷᠢᠶᠡᠨ ᠤ ᠳᠠᠯᠠᠪᠤᠷ ᠲᠠᠩᠬᠢᠮ᠂ ᠳᠤᠨᠤᠭ ᠲᠦᠬᠦᠬᠡᠷᠦᠮᠵᠢ ᠪᠠᠨ ᠠᠷᠢᠭᠤᠳᠬᠠᠨ ᠴᠡᠪᠡᠷᠯᠡᠵᠦ᠂ ᠡᠷᠡᠬᠦᠯ ᠬᠠᠮᠠᠭᠠᠯᠠᠯ ᠤᠨ ᠬᠡᠮ ᠰᠣᠭᠤᠭ ᠢ ᠲᠦᠢᠯᠪᠦᠷᠢᠳᠡᠢ ᠠᠷᠢᠯᠭᠠᠬᠤ ᠬᠡᠷᠡᠭᠳᠡᠢ ᠬᠡᠵᠦ ᠱᠠᠭᠠᠷᠳᠠᠪᠠ᠃ ᠬᠦᠳᠡᠭᠡ ᠳᠤᠰᠬᠤᠨ ᠤ ᠰᠤᠷᠭᠠᠭᠤᠯᠢ ᠪᠠ ᠪᠠᠶᠢᠷᠢᠯᠠᠬᠤ ᠲᠦᠷᠢᠮᠳᠤ ᠰᠤᠷᠭᠠᠭᠤᠯᠢ ᠶᠢᠨ ᠬᠢᠴᠢᠶᠡᠯ ᠤᠨ ᠳᠠᠩᠬᠢᠮ᠂ ᠪᠠᠶᠢᠷᠢ᠂ ᠬᠤᠭᠤᠯᠠᠨ ᠭᠡᠷ᠂ ᠤᠰᠤᠨ ᠭᠡᠷ᠂ ᠵᠤᠷᠯᠤᠩ ᠵᠡᠷᠬᠡ ᠶᠢᠨ ᠠᠮᠤᠷ ᠲᠦᠪᠰᠢᠨ ᠤ ᠬᠢᠨᠠᠨ ᠬᠠᠮᠢᠶᠠᠷᠤᠯᠳᠠ ᠪᠠᠨ ᠴᠢᠩᠭᠠᠳᠬᠠᠵᠤ᠂ ᠠᠷᠢᠭᠤᠳᠬᠠᠯ ᠤᠨ ᠠᠵᠢᠯ ᠢ ᠰᠠᠶᠢᠳᠤᠷ ᠬᠢᠵᠦ᠂ ᠰᠤᠷᠭᠠᠭᠤᠯᠢ ᠶᠢᠨ ᠬᠠᠪᠢ ᠲᠥᠰᠥᠷ ᠤᠨ ᠠᠷᠢᠭᠤᠳᠬᠠᠯ ᠤᠨ ᠠᠵᠢᠯ ᠢ ᠬᠤᠰᠢᠭᠤ ᠰᠢᠶᠠᠨ ᠲᠣᠭᠤᠷᠢᠭ ᠤᠨ ᠵᠠᠰᠠᠭ ᠤᠨ ᠤᠷᠳᠤᠨ ᠠᠴᠠ ᠬᠠᠮᠢᠶᠠᠷᠬᠤ ᠬᠡᠷᠡᠭᠳᠡᠢ᠃ ᠡᠯ᠎ᠡ ᠰᠤᠷᠭᠠᠭᠤᠯᠢ ᠴᠡᠴᠡᠷᠯᠢᠭ ᠤᠨ ᠳᠤᠰᠬᠠᠢ ᠪᠠᠭᠰᠢ ᠠᠵᠢᠯᠳᠠᠨ ᠪᠤᠶᠤ ᠠᠵᠢᠯ ᠬᠠᠪᠰᠤᠷᠭᠠᠵᠤ ᠪᠠᠶᠢᠭ᠎ᠠ ᠬᠦᠮᠦᠰ ᠰᠤᠷᠭᠠᠭᠤᠯᠢ ᠶᠢᠨ ᠡᠮᠴᠢ᠂ ᠡᠷᠡᠭᠦᠯᠵᠢᠯ ᠤᠨ ᠪᠠᠭᠰᠢ ᠪᠠ ᠬᠠᠮᠢᠶ᠎ᠠ ᠪᠦᠬᠦᠢ ᠬᠦᠮᠦᠰ ᠲᠤ ᠬᠢᠵᠢᠭ ᠤᠨ ᠳᠤᠬᠠᠢ ᠮᠡᠳᠡᠯᠬᠡ ᠪᠤᠯᠪᠠᠰᠤᠷᠠᠯ ᠬᠦᠷᠳᠡᠬᠡᠵᠦ᠂ ᠪᠠᠭᠰᠢ ᠰᠤᠷᠤᠭᠴᠢᠳ ᠤᠨ ᠤᠬᠠᠮᠰᠠᠷ ᠠᠴᠠ ᠪᠠᠨ ᠰᠡᠷᠬᠡᠶᠢᠯᠡᠨ ᠬᠠᠮᠠᠭᠠᠯᠠᠬᠤ ᠴᠢᠳᠠᠪᠤᠷᠢ ᠶᠢ ᠳᠡᠬᠡᠭᠰᠢᠯᠡᠬᠦᠯᠬᠦ ᠬᠡᠷᠡᠭᠳᠡᠢ ᠬᠡᠵᠦ ᠱᠠᠭᠠᠷᠳᠠᠪᠠ᠃
 
ᠢᠷᠡᠯᠲᠡ᠄ ᠥᠪᠥᠷ ᠮᠣᠩᠭᠤᠯ ᠤᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号