ᠬᠦᠬᠡᠬᠤᠲᠠ 2020 ᠣᠨ ᠤ ᠪᠦᠬᠦ ᠬᠤᠲᠠ ᠶᠢᠨ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠪᠣᠳᠠᠲᠠᠢ ᠶᠢ ᠡᠷᠬᠢᠮᠯᠡᠬᠦ  ᠪᠣᠯᠪᠠᠰᠤᠷᠠᠭᠤᠯᠤᠯ ᠤᠨ ᠠᠩᠭᠢ ᠡᠷᠬᠢᠯᠡᠪᠡ
ᠨᠡᠶᠢᠲᠡᠯᠡᠭᠰᠡᠨ ᠴᠠᠭ᠄
2020-04-13
       ︵ᠰᠤᠷᠪᠤᠯᠵᠢᠯᠠᠭᠴᠢ ᠶᠠᠩ ᠼᠠᠢ ᠰᠢᠶᠠ ᠴᠢᠮᠡᠭᠡᠯᠡᠭᠴᠢ ᠼᠣᠣ ᠸᠧᠨ ᠵᠢᠦᠸᠠᠨ︶ ᠲᠦᠷᠦᠭᠦᠬᠡᠨ᠂ ᠬᠤᠲᠠ ᠶᠢᠨ ᠨᠠᠮ ᠤᠨ ᠬᠤᠷᠢᠶ᠎ᠠ ᠶᠢᠨ ᠵᠣᠬᠢᠶᠠᠨ ᠪᠠᠶᠢᠭᠤᠯᠬᠤ ᠬᠡᠯᠲᠡᠰ ᠪᠣᠯᠣᠨ ᠬᠤᠲᠠ ᠶᠢᠨ ᠶᠠᠳᠠᠭᠤ ᠶᠢ ᠲᠡᠳᠬᠦᠬᠦ ᠠᠯᠪᠠᠨ ᠭᠡᠷ ᠠᠴᠠ ᠬᠠᠮᠲᠤᠷᠠᠨ ᠬᠥᠬᠡᠬᠤᠲᠠ ᠶᠢᠨ 2020 ᠣᠨ ᠤ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠤᠯᠲᠠ ᠶᠢᠨ ᠪᠣᠳᠠᠲᠠᠢ ᠶᠢ ᠡᠷᠬᠢᠮᠯᠡᠬᠦ ᠪᠣᠯᠪᠠᠰᠤᠷᠠᠭᠤᠯᠤᠯ ᠤᠨ ᠠᠩᠭᠢ ᠡᠷᠬᠢᠯᠡᠪᠡ᠃       ︽ᠪᠣᠳᠠᠲᠠᠢ ᠶᠢ ᠡᠷᠬᠢᠮᠯᠡᠬᠦ︾ ᠨᠢ ᠡᠨᠡ ᠤᠳᠠᠭ᠎ᠠ ᠶᠢᠨ ᠪᠣᠯᠪᠠᠰᠤᠷᠠᠭᠤᠯᠤᠯ ᠤᠨ ᠠᠩᠭᠢ ᠶᠢᠨ ᠭᠤᠣᠯ ᠬᠥᠭ ᠠᠶᠠᠰ ᠪᠣᠯᠪᠠ᠃ ᠪᠣᠯᠪᠠᠰᠤᠷᠠᠭᠤᠯᠤᠯ ᠤᠨ ᠪᠦᠬᠦᠶᠢᠯᠡ ᠶᠠᠪᠤᠴᠠ ᠳᠤ ᠬᠠᠷᠠᠯᠲᠠ᠂ ᠠᠴᠢ ᠬᠤᠯᠪᠣᠭᠳᠠᠯ ᠵᠡᠷᠭᠡ ᠬᠤᠷᠸ᠎ᠠ ᠦᠵᠡᠯᠲᠡ ᠶᠢᠨ ᠠᠭᠤᠯᠭ᠎ᠠ ᠶᠢ  ᠶᠠᠷᠢᠭᠰᠠᠨ ᠪᠢᠰᠢ᠂ ᠬᠠᠷᠢᠨ ᠬᠥᠬᠡᠬᠤᠲᠠ ᠶᠢᠨ ᠣᠳᠣᠬᠠᠨ ᠤ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠤᠨ ᠪᠣᠳᠠᠲᠠᠢ ᠲᠠᠢ ᠨᠢᠭᠲᠠ ᠤᠶᠠᠯᠳᠤᠭᠤᠯᠤᠨ᠂ ᠪᠣᠳᠠᠲᠠᠢ ᠲᠥᠷᠥ ᠶᠢᠨ ᠪᠣᠳᠣᠯᠭ᠎ᠠ ᠶᠢ ᠲᠠᠶᠢᠯᠪᠤᠷᠢᠯᠠᠵᠤ᠂ ᠨᠠᠶᠢᠳᠠᠪᠤᠷᠢᠵᠢᠭᠤᠯᠬᠤ ᠠᠷᠭ᠎ᠠ ᠬᠡᠮᠵᠢᠶ᠎ᠡ ᠶᠢ ᠲᠠᠶᠢᠯᠪᠤᠷᠢᠯᠠᠵᠤ᠂ ᠠᠷᠭ᠎ᠠ ᠲᠤᠷᠰᠢᠯᠭ᠎ᠠ ᠶᠢ ᠲᠠᠶᠢᠯᠪᠤᠷᠢᠯᠠᠵᠤ᠂ ᠠᠵᠢᠯ ᠤᠨ ᠵᠢᠱᠢᠶ᠎ᠡ ᠶᠢ ᠵᠠᠳᠠᠯᠤᠨ ᠲᠠᠶᠢᠯᠪᠤᠷᠢᠯᠠᠵᠤ᠂ ᠬᠡᠷᠡᠭᠵᠢᠭᠦᠯᠵᠦ ᠪᠣᠯᠬᠤᠶᠢᠴᠠ ᠴᠢᠨᠠᠷ ᠢ ᠭᠤᠣᠯᠳᠠᠯᠭ᠎ᠠ ᠲᠠᠢ ᠳᠣᠪᠣᠶᠢᠯᠭᠠᠭᠰᠠᠨ ᠪᠠᠶᠢᠨ᠎ᠠ᠃      ᠲᠣᠰ ᠤᠳᠠᠭᠠᠨ ᠤ  ᠪᠣᠯᠪᠠᠰᠤᠷᠠᠭᠤᠯᠤᠯ ᠤᠨ ᠠᠩᠭᠢ ᠶᠢ ᠡᠷᠭᠢᠯᠡᠭᠰᠡᠨ ᠭᠤᠤᠯ ᠵᠣᠷᠢᠯᠭ᠎ᠠ ᠪᠣᠯ ᠪᠥᠬᠦ ᠬᠤᠲᠠ ᠶᠢᠨ ᠵᠣᠬᠢᠶᠠᠨ ᠪᠠᠶᠢᠭᠤᠯᠤᠯᠲᠠ ᠶᠢᠨ ᠰᠢᠰᠲ᠋ᠧᠮ᠂ ᠶᠠᠳᠠᠭᠤ ᠶᠢ ᠲᠡᠳᠬᠦᠬᠦ ᠰᠢᠰᠲ᠋ᠧᠮ ᠵᠢᠴᠢ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠠᠵᠢᠯ ᠳᠤ ᠣᠷᠣᠯᠴᠠᠭᠰᠠᠨ ᠪᠣᠶ ᠪᠥᠬᠦᠶ ᠪᠠᠯᠭᠠᠰᠤ ᠲᠣᠰᠬᠤᠨ ᠤ ᠺᠠᠳ᠋ᠷ᠂ ᠲᠣᠰᠬᠤᠨ ᠳᠤ ᠰᠠᠭᠤᠭ᠎ᠠ ᠠᠵᠢᠯᠯᠠᠬᠤ ᠳᠤᠭᠤᠶᠢᠯᠠᠩ᠂ ᠨᠢᠭᠡᠳᠦᠭᠡᠷ ᠱᠦᠵᠢ᠂ ᠠᠳᠠᠯ ᠦᠢᠯᠡᠰ ᠴᠣᠭᠴᠠᠯᠠᠵᠤ ᠪᠠᠶᠠᠵᠢᠨ ᠴᠢᠨᠡᠭᠡᠯᠢᠭᠵᠢᠬᠦ ᠶᠢ ᠳᠠᠭᠠᠭᠤᠯᠤᠭᠴᠢᠳ ᠲᠤ ᠲᠥᠷᠥ ᠶᠢᠨ ᠪᠣᠳᠣᠯᠭ᠎ᠠ ᠶᠢᠨ ᠣᠨᠣᠯ᠂ ᠠᠵᠢᠯ ᠤᠨ ᠠᠷᠭ᠎ᠠ ᠮᠠᠶ᠋ᠢᠭ ᠠᠷᠭ᠎ᠠ ᠬᠡᠮᠵᠢᠶ᠎ᠡ ᠵᠡᠷᠭᠡ ᠲᠠᠯ᠎ᠠ ᠶᠢᠨ ᠲᠤᠰᠬᠠᠢ ᠰᠡᠳᠦᠪᠲᠦ ᠪᠣᠯᠪᠠᠰᠤᠷᠠᠭᠤᠯᠤᠯ  ᠭᠦᠷᠳᠡᠭᠡᠵᠦ᠂ ᠶᠠᠳᠠᠭᠤ ᠠᠴᠠ ᠠᠩᠭᠢᠵᠢᠷᠠᠭᠤᠯᠬᠤ ᠰᠢᠪᠲᠤᠯᠤᠯᠲᠠ ᠶᠢᠨ ᠲᠥᠷᠥ ᠶᠢᠨ ᠪᠣᠳᠣᠯᠭ᠎ᠠ᠂ ᠰᠡᠳᠬᠢᠮᠵᠢ᠂ ᠠᠷᠭ᠎ᠠ ᠮᠠᠶ᠋ᠢᠭ᠂ ᠠᠷᠭ᠎ᠠ ᠬᠡᠮᠵᠢᠶ᠎ᠡ ᠶᠢ ᠤᠯᠠᠮ ᠨᠢᠭᠡ ᠠᠯᠬᠤᠮ ᠲᠣᠳᠣᠷᠬᠠᠶᠢᠯᠠᠨ ᠡᠵᠡᠮᠰᠢᠭᠦᠯᠵᠦ᠂ ᠠᠵᠢᠯ ᠤᠨ ᠬᠠᠨᠳᠤᠯᠭᠠᠲᠤ ᠴᠢᠨᠠᠷ᠂ ᠬᠡᠷᠡᠭᠵᠢᠭᠦᠯᠵᠦ ᠪᠣᠯᠬᠤᠶᠢᠴᠠ ᠴᠢᠨᠠᠷ ᠪᠠ ᠪᠣᠳᠠᠲᠤ ᠦᠷ᠎ᠡ ᠪᠦᠳᠦᠮᠵᠢᠳᠤ ᠴᠢᠨᠠᠷ ᠢ ᠳᠡᠭᠡᠭᠰᠢᠯᠡᠭᠦᠯᠵᠦ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠰᠢᠢᠳᠪᠦᠷᠢᠲᠦ ᠳᠠᠶᠢᠯᠠᠯᠳᠤᠭᠠᠨ ᠤ ᠰᠢᠢᠳᠪᠦᠷᠢᠲᠦ ᠢᠯᠠᠯᠲᠠ ᠶᠢ ᠤᠯᠬᠤ ᠰᠡᠭᠦᠯ ᠬᠤᠷᠢᠶᠠᠬᠤ ᠵᠢᠯ ᠤᠨ ᠡᠯ᠎ᠡ ᠵᠦᠢᠯ ᠤᠨ ᠡᠭᠦᠷᠭᠡ ᠳᠤ ᠪᠠᠲᠤ ᠪᠠᠬᠢ ᠰᠠᠭᠤᠷᠢ ᠲᠠᠯᠪᠢᠵᠤ ᠥᠭᠴᠡᠢ᠃
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号