ᠥᠪᠥᠷ ᠮᠣᠩᠭᠤᠯ ᠤᠨ ᠡᠳᠦᠷ ᠤᠨ ᠰᠤᠨᠢᠨ ᠤ ᠮᠡᠳᠡᠭᠡ ︵ᠰᠤᠷᠪᠤᠯᠵᠢᠯᠠᠭᠴᠢ ᠨᠠᠪᠴᠢ︶ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ | ᠬᠦᠷᠢᠶᠡᠯᠡᠩ ᠠᠴᠠ ᠣᠶᠢᠯᠠᠭᠠᠭᠰᠠᠨ ᠢᠶᠠᠷ᠂ 9 ᠵᠢᠯ ᠭᠠᠷᠤᠢ ᠶᠠᠪᠤᠭᠳᠠᠭᠰᠠᠨ ᠤᠯᠤᠰ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠰᠠᠭᠤᠷᠢ ᠮᠥᠩᠭᠦ ᠶᠢᠨ | ᠣᠨᠴᠠᠭᠠᠶ ᠲᠥᠷᠥᠯ ᠵᠦᠢᠯ ︽ᠤᠮᠠᠷᠠᠲᠤ ᠬᠢᠯᠢ ᠶᠢᠨ ᠲᠡᠤᠬᠡ ᠬᠢᠭᠡᠳ ᠣᠳᠣᠬᠢ ᠪᠠᠶᠢᠳᠠᠯ ᠤᠨ ᠰᠤᠳᠤᠯᠤᠯ︾ ︵ ᠪᠦᠳᠦᠭᠡᠯ ᠤᠨ ᠬᠦᠮᠦᠷᠬᠡ︶ ᠤᠨ 40 ᠭᠠᠷᠤᠢ | ᠨᠤᠮ ᠣᠶᠢᠷ᠎ᠠ ᠳᠤ ᠬᠡᠪᠯᠡᠭᠳᠡᠭᠰᠡᠨ ᠪᠠᠶᠢᠨ᠎ᠠ᠃ ᠡᠬᠦᠨ ᠳᠤ᠂ ᠳᠤᠮᠳᠠᠳᠤ ᠮᠣᠩᠭᠤᠯ ᠬᠤᠶᠠᠷ ᠤᠯᠤᠰ ᠤᠨ ᠡᠷᠳᠡᠮᠲᠡᠳ ᠤᠨ ᠡᠮᠬᠢᠳᠬᠡᠨ ᠨᠠᠶᠢᠷᠠᠭᠤᠯᠤᠭᠰᠠᠨ ︽ | ᠵᠠᠷᠯᠢᠭ ᠢᠶᠠᠷ ᠵᠠᠷᠤᠭᠰᠠᠨ ᠬᠦᠷᠢᠶᠡᠨ ᠳᠤ ᠰᠠᠭᠤᠵᠤ ᠬᠡᠷᠡᠭ ᠰᠢᠢᠳᠬᠡᠭᠴᠢ ᠰᠠᠶᠢᠳ ᠤᠨ ᠭᠠᠵᠠᠷ ᠲᠤ ᠬᠤᠯᠪᠤᠭᠳᠠᠬᠤ ᠪᠠᠷᠢᠮᠳᠠ ᠶᠢᠨ ᠡᠮᠬᠢᠳᠬᠡᠯ︾ ︵20 ᠳᠡᠪᠳᠡᠷ | ︶ ᠨᠢ ᠡᠷᠳᠡᠮ ᠰᠢᠨᠵᠢᠯᠡᠭᠡᠨ ᠤ ᠬᠢᠨ ᠤ ᠠᠩᠬᠠᠷᠤᠯ ᠢ ᠶᠡᠬᠡᠳᠡ ᠲᠠᠲᠠᠭᠰᠠᠨ ᠪᠠᠶᠢᠨ᠎ᠠ᠃ | ᠲᠣᠰ ᠲᠥᠷᠥᠯ ᠵᠦᠢᠯ ᠢ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠤᠬᠠᠭᠤᠯᠬᠤ ᠬᠡᠯᠲᠡᠰ ᠠᠴᠠ ᠳᠤᠮᠳᠠᠳᠤ ᠤᠯᠤᠰ ᠤᠨ ᠨᠡᠶᠢᠭᠡᠮ ᠤᠨ | ᠰᠢᠨᠵᠢᠯᠡᠬᠦ ᠤᠬᠠᠭᠠᠨ ᠤ ᠬᠦᠷᠢᠶᠡᠯᠡᠩ ᠤᠨ ᠬᠢᠯᠢ ᠬᠢᠵᠠᠭᠠᠷ ᠤᠨ ᠲᠥᠪ᠂ ᠥᠪᠥᠷ ᠮᠣᠩᠭᠤᠯ ᠤᠨ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠢ | ᠵᠣᠬᠢᠴᠠᠭᠤᠯᠤᠨ ᠵᠣᠬᠢᠶᠠᠨ ᠪᠠᠶᠢᠭᠤᠯᠵᠤ 2010 ᠣᠨ ᠤ 10 ᠰᠠᠷ᠎ᠠ ᠳᠤ ᠡᠬᠢᠯᠡᠨ ᠬᠡᠷᠡᠭᠵᠢᠬᠦᠯᠵᠡᠢ᠃ 500 ᠭᠠᠷᠤᠢ ᠲᠤᠰᠬᠠᠢ ᠮᠡᠷᠭᠡᠵᠢᠯᠲᠡᠨ ᠡᠷᠳᠡᠮᠲᠡᠨ ᠤ | 9 ᠵᠢᠯ ᠭᠠᠷᠤᠢ ᠶᠢᠨ ᠴᠥᠬᠦᠷᠡᠰᠢ ᠦᠭᠡᠢ ᠴᠢᠷᠮᠠᠶᠢᠯᠭ᠎ᠠ ᠪᠠᠷ ᠲᠠᠮᠵᠢᠵᠤ᠂ ︽ᠤᠮᠠᠷᠠᠲᠤ ᠬᠢᠯᠢ ᠶᠢᠨ ᠲᠡᠦᠬᠡ ᠬᠢᠬᠡᠳ ᠣᠳᠣᠬᠢ ᠪᠠᠶᠢᠳᠠᠯ ᠤᠨ ᠰᠤᠳᠤᠯᠤᠯ︾ ︵ | ᠪᠦᠲᠦᠭᠡᠯ ᠤᠨ ᠬᠦᠮᠦᠷᠬᠡ︶ ᠤᠨ 40 ᠭᠠᠷᠤᠢ ᠨᠤᠮ ᠢ ᠥᠪᠥᠷ ᠮᠣᠩᠭᠤᠯ ᠤᠨ ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ᠂ ᠭᠤᠸᠠᠩᠰᠢ ᠶᠢᠨ ᠪᠠᠭᠰᠢ ᠶᠢᠨ | ᠶᠡᠭᠡ ᠰᠤᠷᠭᠠᠭᠤᠯᠢ ᠶᠢᠨ ᠬᠡᠪᠯᠡᠯ ᠤᠨ ᠬᠤᠷᠢᠶ᠎ᠠ ᠠᠴᠠ ᠬᠡᠪᠯᠡᠭᠦᠯᠵᠦ᠂ ᠵᠠᠯᠭᠠᠭᠠᠳ 60 ᠭᠠᠷᠤᠢ ᠰᠤᠳᠤᠯᠭᠠᠨ ᠤ ᠦᠷ᠎ᠡ ᠪᠦᠲᠦᠭᠡᠯ ᠢ ᠬᠡᠪᠯᠡᠬᠦᠯᠬᠦ ᠪᠠᠷ ᠪᠠᠶᠢᠭ᠎ᠠ | ᠠᠵᠢ᠃ | ︽ᠤᠮᠠᠷᠠᠲᠤ ᠬᠢᠯᠢ ᠶᠢᠨ ᠲᠡᠦᠬᠡ ᠬᠢᠬᠡᠳ ᠣᠳᠣᠬᠢ ᠪᠠᠶᠢᠳᠠᠯ ᠤᠨ ᠰᠤᠳᠤᠯᠤᠯ︾ ︵ᠪᠦᠲᠦᠭᠡᠯ ᠤᠨ ᠬᠦᠮᠦᠷᠬᠡ︶ ᠬᠡᠬᠦ ᠨᠤᠮ ᠨᠢ ᠤᠯᠤᠰ ᠲᠦᠷᠦ᠂ | ᠠᠵᠤ ᠠᠬᠤᠢ᠂ ᠰᠤᠶᠤᠯ᠂ ᠦᠨᠳᠦᠰᠦᠳᠡᠨ᠂ ᠱᠠᠰᠢᠨ ᠰᠤᠷᠳᠠᠬᠤᠨ ᠵᠡᠷᠬᠡ ᠤᠯᠠᠨ ᠬᠦᠷᠢᠶ᠎ᠡ ᠴᠠᠷᠠᠭ᠎ᠠ ᠲᠠᠢ ᠬᠤᠯᠪᠤᠭᠳᠠᠵᠠᠢ᠃ ︽ᠲᠦᠮᠡᠳ ᠤᠨ ᠳᠡᠦᠬᠡ︾᠂ ︽ | ᠨᠤᠨ ᠬᠤᠷᠴᠢᠨ ᠤ ᠳᠡᠦᠬᠡ︾ ᠵᠡᠷᠬᠡ ᠮᠤᠩᠭᠤᠯᠴᠤᠳ ᠤᠨ ᠤᠪᠤᠭ ᠠᠶᠢᠮᠠᠭ ᠤᠨ ᠳᠡᠦᠬᠡ ᠶᠢᠨ ᠰᠤᠳᠤᠯᠤᠯ ᠨᠢ ᠳᠡᠦᠬᠡᠨ ᠳᠠᠬᠢ ᠮᠤᠩᠭᠤᠯ ᠦᠨᠳᠦᠰᠦᠳᠡᠨ ᠤ | ᠡᠯ᠎ᠡ ᠣᠪᠣᠭ ᠠᠶᠢᠮᠠᠭ ᠤᠨ ᠳᠡᠦᠬᠡᠨ ᠬᠤᠪᠢᠷᠠᠯᠲᠠ ᠪᠠ ᠰᠣᠶᠣᠯ ᠤᠨ ᠬᠥᠭᠵᠢᠯᠲᠡ ᠶᠢᠨ ᠪᠠᠶᠢᠳᠠᠯ ᠢ ᠮᠥᠷᠳᠡᠵᠦ ᠪᠦᠬᠦ ᠲᠠᠯ᠎ᠠ ᠪᠠᠷ ᠰᠢᠰᠲ᠋ᠧᠮ ᠲᠠᠢ ᠰᠤᠳᠤᠯᠪᠠ᠂ | ᠡᠨᠡ ᠨᠢ ᠮᠥᠨ ᠴᠦ ᠠᠩᠬ᠎ᠠ ᠤᠳᠠᠭ᠎ᠠ ᠮᠣᠩᠭᠤᠯ ᠣᠪᠣᠭ ᠠᠶᠢᠮᠠᠭ ᠤᠨ ᠳᠡᠦᠬᠡ ᠶᠢ ᠤᠯᠤᠰ ᠤᠨ ᠲᠦᠷᠦᠯ ᠵᠦᠢᠯ ᠳᠤ ᠤᠷᠤᠭᠤᠯᠵᠤ ᠪᠦᠬᠦ ᠲᠠᠯ᠎ᠠ ᠪᠠᠷ | ᠰᠤᠳᠤᠯᠤᠭᠰᠠᠨ ᠶᠠᠪᠤᠳᠠᠯ ᠪᠣᠯᠣᠨ᠎ᠠ᠃ ︽ᠳᠠᠭᠤᠷ ᠦᠨᠳᠦᠰᠦᠳᠡᠨ ᠤ ᠰᠣᠶᠣᠯ ᠤᠨ ᠬᠤᠪᠢᠰᠤᠯᠳᠠ ᠶᠢᠨ ᠰᠤᠳᠤᠯᠤᠯ︾᠂ ︽ᠳᠠᠭᠤᠷ ᠦᠨᠳᠦᠰᠦᠳᠡᠨ ᠤ | ᠤᠳᠬ᠎ᠠ ᠵᠣᠬᠢᠶᠠᠯ ᠤᠨ ᠰᠤᠳᠤᠯᠤᠯ ᠤᠨ ᠳᠡᠬᠦᠪᠦᠷᠢ︾ ᠵᠡᠷᠬᠡ ᠰᠢᠷᠢᠰ ᠰᠤᠳᠤᠯᠭᠠᠨ ᠤ ᠦᠷ᠎ᠡ ᠪᠦᠳᠦᠬᠡᠯ ᠨᠢ ᠳᠠᠭᠤᠷ ᠦᠨᠳᠦᠰᠦᠳᠡᠨ ᠤ ᠨᠡᠶᠢᠬᠡᠮ ᠰᠤᠶᠤᠯ ᠪᠠ | ᠤᠳᠬ᠎ᠠ ᠵᠣᠬᠢᠶᠠᠯ ᠤᠨ ᠬᠦᠭᠵᠢᠯᠳᠡ ᠶᠢᠨ ᠦᠨᠳᠦᠰᠦᠨ ᠵᠢᠮ᠎ᠡ ᠶᠤᠰᠤ ᠶᠢ ᠮᠦᠷᠲᠡᠵᠦ ᠬᠦᠨᠵᠡᠬᠡᠢ ᠰᠤᠳᠤᠯᠪᠠ᠃ ᠳᠠᠭᠤᠷ ᠦᠨᠳᠦᠰᠦᠳᠡᠨ ᠤ ᠤᠳᠬ᠎ᠠ ᠵᠤᠬᠢᠶᠠᠯ | ᠤᠨ ᠰᠤᠳᠤᠯᠤᠯ ᠳᠤ ᠳᠠᠭᠤᠷ ᠦᠨᠳᠦᠰᠦᠳᠡᠨ ᠤ ᠦᠬᠦᠯᠡᠯᠬᠡ᠂ ᠳᠠᠭᠤᠤ ᠰᠢᠯᠦᠭ᠂ ᠨᠠᠶᠢᠷᠠᠭᠤᠯᠤᠯ ᠤᠨ ᠪᠦᠲᠦᠭᠡᠯ ᠢ ᠪᠠᠭᠳᠠᠭᠠᠭᠰᠠᠨ ᠢᠶᠠᠷ ᠪᠠᠷᠠᠬᠤ ᠦᠬᠡᠢ ᠪᠠᠰᠠ | ᠳᠠᠭᠤᠷ ᠦᠨᠳᠦᠰᠦᠳᠡᠨ ᠤ ᠮᠡᠳᠡᠭᠡᠯᠡᠯ ᠤᠨ ᠤᠷᠠᠨ ᠵᠤᠬᠢᠶᠠᠯ᠂ ᠰᠢ ᠵᠦᠴᠦᠭᠡ ᠶᠢᠨ ᠵᠣᠬᠢᠶᠠᠯ᠂ ᠺᠢᠨᠣ᠋ ᠶᠢᠨ ᠤᠳᠬ᠎ᠠ ᠵᠣᠬᠢᠶᠠᠯ ᠢ ᠤᠷᠤᠭᠤᠯᠵᠤ᠂ ᠵᠤᠬᠢᠶᠠᠯ | ᠪᠦᠳᠦᠬᠡᠯ ᠢᠶᠠᠨ ᠨᠠᠷᠢᠨ ᠵᠠᠳᠠᠯᠵᠤ᠂ ᠦᠩᠬᠡᠷᠡᠭᠰᠡᠨ ᠤ ᠰᠤᠳᠤᠯᠭᠠᠨ ᠤ ᠬᠦᠷᠦᠯᠴᠡᠬᠦ ᠦᠬᠡᠢ ᠲᠠᠯ᠎ᠠ ᠶᠢ ᠨᠦᠬᠦᠪᠦᠷᠢᠯᠡᠵᠦ᠂ ᠳᠠᠭᠤᠷ ᠦᠨᠳᠦᠰᠦᠳᠡᠨ ᠤ ᠤᠳᠬ᠎ᠠ | ᠵᠣᠬᠢᠶᠠᠯ ᠤᠨ ᠰᠤᠳᠤᠯᠭᠠᠨ ᠤ ᠠᠭᠤᠯᠬᠤᠨ ᠢ ᠪᠠᠶᠠᠯᠢᠭᠵᠢᠭᠤᠯᠵᠠᠢ᠃ ᠭᠧ ᡁᠢ ᠢ ᠶᠢᠨ ᠲᠤᠰᠬᠠᠶ ᠪᠦᠲᠦᠭᠡᠯ ︽ᠥᠪᠥᠷ ᠮᠣᠩᠭᠤᠯ ᠤᠨ ᠠᠮᠢ ᠠᠬᠤᠢ ᠶᠢᠨ ᠠᠮᠤᠷ | ᠲᠦᠪᠰᠢᠨ ᠤ ᠬᠠᠯᠬᠠᠪᠴᠢ ᠶᠢᠨ ᠪᠥᠲᠥᠭᠡᠨ ᠪᠠᠶᠢᠭᠤᠯᠤᠯᠲᠠ ᠶᠢᠨ ᠣᠨᠣᠯ︾ ᠪᠣᠯ ᠳᠡᠬᠦᠨ ᠤ 10 ᠵᠢᠯ ᠤᠨ ᠴᠠᠭ ᠵᠠᠷᠤᠴᠠᠭᠤᠯᠵᠤ᠂ ᠥᠪᠥᠷ ᠮᠣᠩᠭᠤᠯ ᠤᠨ | 102ᠬᠤᠰᠢᠭᠤ ᠰᠢᠶᠠᠨ ᠢᠶᠠᠷ ᠶᠠᠪᠤᠵᠤ ᠪᠠᠶᠢᠭᠠᠳ ᠪᠢᠴᠢᠭᠰᠡᠨ ᠪᠦᠲᠦᠭᠡᠯ ᠪᠣᠯᠣᠨ᠎ᠠ᠃ ᠳᠤᠰ ᠪᠦᠳᠦᠬᠡᠯ ᠳᠡᠭᠡᠨ᠂ ᠠᠮᠢ ᠠᠬᠤᠢ ᠶᠢᠨ ᠡᠮᠬᠢ ᠵᠢᠷᠤᠮ ᠦᠭᠡᠢ᠂ | ᠲᠣᠭᠲᠠᠪᠤᠷᠢᠲᠤ ᠪᠤᠰᠤ ᠣᠯᠠᠨ ᠶᠠᠩᠵᠤᠲᠤ ᠴᠢᠨᠠᠷ ᠪᠠ ᠲᠡᠩᠴᠡᠭᠦᠷᠢ ᠦᠭᠡᠢ ᠴᠢᠨᠠᠷ ᠢ ᠰᠤᠳᠤᠯᠬᠤ ᠪᠠᠷ ᠳᠠᠮᠵᠢᠵᠤ᠂ ᠪᠠᠶᠢᠭᠠᠯᠢ ᠶᠢᠨ ᠠᠮᠢ ᠠᠬᠤᠢ ᠶᠢᠨ | ᠲᠡᠩᠴᠡᠭᠦᠷᠢ ᠪᠠᠨ ᠠᠯᠳᠠᠬᠤ ᠠᠰᠠᠭᠤᠳᠠᠯ ᠢ ᠰᠢᠢᠳᠪᠦᠷᠢᠯᠡᠵᠦ᠂ ᠡᠭᠦᠨ ᠤ ᠤᠯᠠᠮ ᠢᠶᠠᠷ ᠠᠵᠤ ᠠᠬᠤᠶ᠂ ᠨᠡᠶᠢᠭᠡᠮ ᠪᠠ ᠠᠮᠢ ᠠᠬᠤᠶ ᠶᠢᠨ ᠵᠣᠬᠢᠴᠠᠩᠭᠤᠶ | ᠬᠥᠭᠵᠢᠯᠲᠡ ᠶᠢ ᠠᠬᠢᠭᠤᠯᠬᠤ ᠶᠢ ᠵᠤᠷᠢᠵᠠᠢ᠃ | 9 ᠵᠢᠯ ᠭᠠᠷᠤᠢ ᠶᠢᠨ ᠳᠤᠷᠰᠢ᠂ ᠲᠣᠰ ᠲᠥᠷᠥᠯ ᠵᠦᠢᠯ ᠢᠶᠠᠷ ᠬᠡᠪᠯᠡᠭᠰᠡᠨ ︽ᠲᠦᠮᠡᠳ ᠤᠨ ᠲᠡᠤᠬᠡ︾᠂ ︽ᠨᠤᠨ ᠬᠤᠷᠴᠢᠨ ᠤ ᠲᠡᠤᠬᠡ︾᠂ ︽ᠳᠠᠭᠤᠷ | ᠦᠨᠳᠦᠰᠦᠲᠡᠨ ᠤ ᠰᠣᠶᠣᠯ ᠤᠨ ᠬᠤᠪᠢᠰᠤᠯᠳᠠ ᠶᠢᠨ ᠰᠤᠳᠤᠯᠤᠯ︾᠂ ︽ᠳᠠᠭᠤᠷ ᠦᠨᠳᠦᠰᠦᠲᠡᠨ ᠤ ᠤᠳᠬ᠎ᠠ ᠵᠣᠬᠢᠶᠠᠯ ᠤᠨ ᠰᠤᠳᠤᠯᠤᠯ ᠤᠨ ᠳᠡᠭᠦᠪᠦᠷᠢ︾᠂ ︽ | ᠯᠢᠶᠣᠤ ᠤᠯᠤᠰ ᠤᠨ ᠦᠶ᠎ᠡ ᠠᠴᠠ ᠡᠮᠦᠨᠡᠬᠢ ᠮᠣᠩᠭᠤᠯ ᠤᠨ ᠲᠠᠯ᠎ᠠ ᠨᠤᠲᠤᠭ ᠬᠢᠭᠡᠳ ᠵᠡᠭᠦᠨ ᠬᠤᠶᠢᠲᠤ ᠣᠷᠣᠨ ᠤ ᠦᠨᠳᠦᠰᠦᠲᠡᠨ ᠤ ᠬᠠᠷᠢᠴᠠᠭ᠎ᠠ ᠶᠢᠨ | ᠰᠤᠳᠤᠯᠤᠯ︾ ᠵᠡᠷᠭᠡ ᠲᠤᠰᠬᠠᠢ ᠵᠣᠬᠢᠶᠠᠯ ᠪᠦᠲᠦᠭᠡᠯ ᠨᠢ ᠴᠦ ᠳᠤᠮᠳᠠᠳᠤ ᠭᠠᠳᠠᠭᠠᠳᠤ ᠶᠢᠨ ᠡᠷᠳᠡᠮ ᠰᠢᠨᠵᠢᠯᠡᠭᠡᠨ ᠤ ᠬᠢᠨ ᠤ ᠮᠠᠭᠲᠠᠭᠠᠯ ᠰᠠᠶᠢᠰᠢᠶᠠᠯ ᠢ ᠣᠯᠤᠭᠰᠠᠨ | ᠪᠠᠶᠢᠨ᠎ᠠ᠃ |