4 ᠳ᠋ᠦ᠋ᠭᠡᠷ ᠰᠠᠷ᠎ᠠ ᠶᠢᠨ 11 ᠤ ᠡᠳᠦᠷ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠳᠡᠳ᠋ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠳᠡᠳ᠋ ᠡᠷᠬᠢᠯᠡᠭᠴᠢ ᠸᠠᠩ ᠶᠠᠨ ᠰᠢᠨ᠎ᠡ ᠬᠤᠲᠠ ᠶᠢᠨ ᠲᠣᠭᠤᠷᠢᠭ ᠲᠤ | ᠬᠦᠷᠴᠦ᠂ ᠬᠤᠲᠠ ᠶᠢᠨ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ ᠪᠥᠬᠦᠳᠡ ᠬᠤᠷᠠᠯ ᠤᠨ ᠵᠣᠷᠢᠭ ᠰᠠᠨᠠᠭ᠎ᠠ᠂ | ᠪᠥᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠤᠯ ᠴᠣᠭᠴᠠ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠭᠰᠠᠨ | ᠪᠠᠶᠢᠳᠠᠯ ᠤᠨ ᠲᠤᠬᠠᠶ ᠶᠠᠷᠢᠯᠴᠠᠬᠤ ᠬᠤᠷᠠᠯ ᠬᠤᠷᠠᠯᠳᠤᠭᠤᠯᠪᠠ᠃ ᠲᠤᠭᠤᠷᠢᠭ ᠤᠨ ᠨᠠᠮ ᠤᠨ ᠬᠤᠷᠢᠶ᠎ᠠ ᠶᠢᠨ | ᠪᠠᠶᠢᠩᠭᠤ ᠶᠢᠨ ᠭᠡᠰᠢᠭᠦᠨ᠂ ᠲᠤᠭᠤᠷᠢᠭ ᠤᠨ ᠨᠠᠮ ᠤᠨ ᠬᠤᠷᠢᠶ᠎ᠠ ᠶᠢᠨ ᠠᠯᠪᠠᠨ ᠬᠡᠷ ᠤᠨ ᠡᠷᠬᠢᠯᠡᠭᠴᠢ ᠯᠢ ᠴᠢᠶᠠᠩ᠂ | ᠲᠤᠭᠤᠷᠢᠭ ᠤᠨ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠶᠢᠨ | ᠱᠦᠵᠢ᠂ ᠬᠢᠨᠠᠨ ᠪᠠᠶᠢᠴᠠᠭᠠᠬᠤ ᠵᠥᠪᠯᠡᠯ ᠤᠨ ᠣᠷᠣᠯᠠᠭᠴᠢ ᠡᠷᠬᠢᠯᠡᠭᠴᠢ ᠶᠠᠩ ᠵᠢᠶᠦ᠋ᠨ ᠯᠢᠶᠠᠩ᠂ ᠵᠠᠰᠠᠭ ᠤᠨ | ᠣᠷᠳᠣᠨ ᠤ ᠠᠯᠪᠠᠨ ᠬᠡᠷ ᠤᠨ ᠡᠷᠬᠢᠯᠡᠭᠴᠢ ᠵᠠᠩ ᠪᠥᠸᠧ ᠸᠧᠨ ᠵᠢᠴᠢ ᠬᠠᠮᠢᠶ᠎ᠠ ᠪᠥᠬᠦᠶ ᠤᠳᠤᠷᠢᠳᠤᠯᠭ᠎ᠠ ᠬᠤᠷᠠᠯ ᠳᠤ | ᠣᠷᠣᠯᠴᠠᠪᠠ᠃ | | | | | ᠸᠠᠩ ᠶᠠᠨ ᠵᠢᠭᠠᠵᠤ ᠭᠠᠷᠭᠠᠭᠰᠠᠨ ᠨᠢ᠂ ᠨᠢᠭᠡ ᠳᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠭᠤᠣᠯ | ᠴᠣᠭᠴᠠ ᠶᠢᠨ ᠬᠠᠷᠢᠭᠤᠴᠠᠯᠭ᠎ᠠ ᠶᠢᠨ ᠨᠠᠷᠢᠨ ᠲᠠᠩᠰᠠ᠂ ᠡᠭᠦᠷᠭᠡ ᠶᠢᠨ ᠨᠠᠷᠢᠨ ᠲᠠᠩᠰᠠ ᠶᠢ ᠨᠠᠶᠢᠳᠠᠪᠤᠷᠢᠵᠢᠭᠤᠯᠬᠤ ᠶᠢ | ᠠᠬᠢᠭᠤᠯᠵᠤ᠂ ᠨᠠᠷᠢᠨ ᠲᠠᠩᠰᠠ ᠶᠢᠨ ᠠᠭᠤᠯᠭ᠎ᠠ ᠶᠢ ᠨᠠᠷᠢᠯᠢᠬᠵᠢᠭᠤᠯᠤᠨ ᠰᠢᠯᠢᠳᠡᠭᠵᠢᠭᠦᠯᠬᠦ ᠬᠡᠷᠡᠭᠲᠡᠢ︔ ᠬᠤᠶᠠᠷ ᠲᠤ | ᠰᠡᠷᠡᠮᠵᠢᠯᠡᠭᠦᠯᠬᠦ ᠬᠥᠮᠦᠵᠢᠯ ᠢ ᠪᠠᠶᠢᠩᠭᠤᠵᠢᠭᠤᠯᠵᠤ᠂ ᠳᠡᠷᠭᠡᠳᠡᠬᠢ ᠬᠥᠮᠦᠰ ᠪᠠ ᠳᠡᠷᠭᠡᠳᠡᠬᠢ ᠶᠠᠪᠤᠳᠠᠯ ᠢ | ᠭᠤᠤᠯᠳᠠᠯᠭ᠎ᠠ ᠲᠠᠢ ᠬᠡᠷᠡᠭᠯᠡᠨ ᠰᠡᠷᠡᠮᠵᠢᠯᠡᠭᠦᠯᠬᠦ ᠬᠥᠮᠦᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ︔ ᠭᠤᠷᠪᠠ ᠳᠤ ᠡᠯ᠎ᠡ | ᠡᠭᠦᠷᠭᠡ ᠴᠢᠳᠠᠪᠤᠷᠢᠲᠤ ᠰᠠᠯᠠᠭ᠎ᠠ ᠮᠥᠴᠢᠷ ᠤᠳ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠭᠤᠤᠯ | ᠴᠣᠭᠴᠠ ᠶᠢᠨ ᠬᠠᠷᠢᠭᠤᠴᠠᠯᠭ᠎ᠠ ᠶᠢ ᠳᠠᠬᠢᠨ ᠪᠣᠳᠠᠲᠠᠶᠢᠵᠢᠭᠤᠯᠵᠤ᠂ ᠳᠠᠬᠢᠨ ᠴᠢᠩᠭᠠᠳᠬᠠᠬᠤ ᠬᠡᠷᠡᠭᠲᠡᠶ︔ ᠲᠦᠷᠪᠡ ᠳᠤ | ᠡᠯ᠎ᠡ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠤᠢᠢᠷ᠎ᠠ ᠶᠢᠨ ᠬᠤᠭᠤᠴᠠᠭᠠᠨ ᠤ ᠰᠢᠨ᠎ᠡ ᠬᠤᠲᠠ ᠲᠤᠭᠤᠷᠢᠭ ᠤᠨ | ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠪᠠᠶᠢᠴᠠᠭᠠᠨ ᠰᠢᠢᠳᠪᠦᠷᠢᠯᠡᠭᠰᠡᠨ | ᠦᠨᠳᠦᠰᠦᠨ ᠱᠠᠲᠤᠨ ᠤ ︽ᠪᠢᠴᠢᠯ ᠢᠯᠵᠠᠷᠠᠯ︾ ᠤᠨ ᠬᠡᠷᠡᠭ ᠲᠠᠢ ᠤᠶᠠᠯᠳᠤᠭᠤᠯᠤᠨ ︽ᠬᠤᠶᠠᠷ ᠢ ᠬᠠᠷᠢᠭᠤ | ᠲᠤᠰᠬᠠᠬᠤ︾ ᠲᠣᠭᠲᠠᠴᠠ ᠶᠢ ᠪᠠᠶᠢᠭᠤᠯᠬᠤ ᠶᠢᠨ ᠬᠠᠮᠲᠤ ᠡᠨᠡ ᠬᠦ ᠲᠣᠭᠲᠠᠴᠠ ᠶᠢ ᠪᠠᠶᠢᠩᠭᠤᠵᠢᠭᠤᠯᠬᠤ ᠬᠡᠷᠡᠭᠲᠡᠶ ᠭᠡᠪᠡ | ᠃ |