︽ᠣᠭᠲᠠᠷᠭᠤᠢ︾ ᠳᠠᠬᠢ ᠠᠩᠭᠢ ᠶᠢᠨ ᠬᠤᠷᠠᠯ ᠢᠶᠠᠷ ᠬᠢᠵᠢᠭ ᠲᠠᠢ ᠲᠡᠮᠡᠴᠡᠭᠰᠡᠨ ᠪᠠᠭᠠᠲᠤᠷᠴᠤᠳ ᠠᠴᠠ ᠰᠤᠷᠤᠯᠴᠠᠪᠠ
ᠨᠡᠶᠢᠲᠡᠯᠡᠭᠰᠡᠨ ᠴᠠᠭ᠄
2020-04-14
      4 ᠳ᠋ᠦ᠋ᠭᠡᠷ ᠰᠠᠷ᠎ᠠ ᠶᠢᠨ 13 ᠤ ᠡᠳᠦᠷ᠂ ᠢᠦᠢ ᠴᠢᠦᠸᠠᠨ ᠲᠣᠭᠤᠷᠢᠭ ᠤᠨ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ︽ᠬᠢᠵᠢᠭ ᠲᠠᠢ ᠲᠡᠮᠡᠴᠡᠭᠰᠡᠨ ᠪᠠᠭᠠᠲᠤᠷᠴᠤᠳ ᠠᠴᠠ ᠲᠠᠭᠠᠨ ᠰᠤᠷᠤᠯᠴᠠᠵᠤ᠂ ᠰᠢᠨ᠎ᠡ ᠴᠠᠭ ᠦᠶ᠎ᠡ ᠶᠢᠨ ᠪᠠᠭᠠᠲᠤᠷ ᠪᠣᠯᠣᠶ᠎ᠠ︾ ᠭᠤᠣᠯ ᠰᠡᠳᠦᠪ ᠢᠶᠠᠷ  ︽ᠣᠭᠲᠠᠷᠭᠤᠢ︾ ᠳᠠᠬᠢ ᠠᠩᠭᠢ ᠶᠢᠨ ᠬᠤᠷᠠᠯ ᠡᠷᠬᠢᠯᠡᠵᠦ᠂ ᠬᠢᠵᠢᠭ ᠲᠠᠢ ᠲᠡᠮᠡᠴᠡᠭᠰᠡᠨ ᠪᠠᠭᠠᠲᠤᠷᠴᠤᠳ ᠤᠨ ᠬᠤᠪᠧᠢ ᠶᠢ ᠲᠤᠰᠠᠯᠠᠭᠰᠠᠨ ᠰᠡᠳᠬᠢᠯ  ᠲᠤᠭᠳᠤᠯᠤᠭᠤᠯᠤᠮ᠎ᠠ ᠦᠯᠢᠭᠡᠷ ᠢ ᠶᠠᠷᠢᠬᠤ ᠪᠠᠷ ᠳᠠᠮᠵᠢᠭᠤᠯᠤᠨ᠂ ᠰᠤᠷᠤᠭᠴᠢᠳ ᠢ ᠬᠥᠲᠥᠯᠥᠨ ᠪᠠᠭᠠᠲᠤᠷᠴᠤᠳ ᠤᠨ ᠬᠡᠪ ᠰᠤᠷᠲᠠᠯ ᠪᠠ ᠳᠠᠭᠤᠷᠢᠶᠠᠯ ᠤᠨ ᠬᠦᠴᠦᠨ ᠢ ᠮᠡᠳᠡᠷᠡᠭᠦᠯᠦᠨ ᠣᠶᠢᠯᠠᠭᠠᠭᠤᠯᠵᠤ᠂ ᠤᠯᠤᠰ ᠢᠶᠠᠨ ᠬᠠᠶᠢᠷᠠᠯᠠᠬᠤ ᠰᠡᠳᠬᠢᠯᠭᠡ ᠶᠢ ᠨᠢ ᠬᠦᠭᠵᠢᠭᠡᠵᠦ᠂ ᠰᠢᠨ᠎ᠡ ᠴᠠᠭ ᠦᠶ᠎ᠡ ᠶᠢᠨ ᠪᠢᠴᠢᠬᠠᠨ ᠪᠠᠭᠠᠲᠤᠷ ᠪᠣᠯᠬᠤ ᠬᠦᠰᠡᠯ ᠵᠣᠷᠢᠭ ᠢ   ᠨᠢ ᠬᠥᠪᠴᠢᠯᠡᠪᠡ᠃ ᠵᠢᠷᠤᠭ ᠪᠣᠯ ᠢᠦᠢ ᠴᠢᠣᠸᠠᠨ ᠲᠣᠭᠤᠷᠢᠭ ᠤᠨ ᠦᠨᠳᠦᠰᠦᠲᠡᠨ ᠤ ᠲᠤᠷᠰᠢᠯᠲᠠ ᠶᠢᠨ ᠪᠠᠭ᠎ᠠ ᠰᠤᠷᠭᠠᠭᠤᠯᠢ ᠶᠢᠨ ᠪᠠᠭᠰᠢ ᠣᠭᠲᠠᠷᠭᠤᠢ ᠳᠠᠬᠢ ᠭᠤᠣᠯ ᠰᠡᠳᠦᠪᠲᠦ ᠠᠩᠭᠢ ᠶᠢᠨ ᠬᠤᠷᠠᠯ ᠢᠶᠠᠷ ᠰᠤᠷᠤᠭᠴᠢᠳ ᠲᠠᠭᠠᠨ ᠥᠪᠥᠷ ᠮᠣᠩᠭᠤᠯ ᠤᠨ ᠡᠮᠴᠢᠯᠡᠭᠡ ᠶᠢᠨ ᠠᠩᠭᠢ ᠶᠢᠨ ᠰᠡᠳᠬᠢᠯ ᠲᠤᠭᠳᠤᠯᠤᠭᠤᠯᠤᠮ᠎ᠠ ᠴᠠᠭ ᠬᠤᠷᠣᠮ ᠢ ᠲᠠᠶᠢᠯᠪᠤᠷᠢᠯᠠᠵᠤ ᠪᠠᠶᠢᠭ᠎ᠠ ᠨᠢ᠃ᠴᠢᠮᠡᠭᠡᠯᠡᠭᠴᠢ ᠳ᠋ᠢᠩ ᠭᠧᠨ ᠾᠧᠦ ᠰᠡᠭᠦᠳᠡᠷᠯᠡᠪᠡ
 
ᠢᠷᠡᠯᠲᠡ᠄ ᠬᠥᠬᠡᠬᠤᠲᠠ ᠶᠢᠨ ᠡᠳᠦᠷ ᠤᠨ ᠰᠣᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备16003084号-4号