ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ | ᠲᠣᠬᠢᠷᠠᠭᠤᠯᠤᠯᠲᠠ ᠶᠢ ᠦᠨᠳᠦᠰᠦᠯᠡᠨ᠂ 4 ᠳ᠋ᠦ᠋ᠭᠡᠷ ᠰᠠᠷ᠎ᠠ ᠶᠢᠨ 13 ᠤ ᠡᠳᠦᠷ ᠤᠨ ᠦᠳᠡ ᠶᠢᠨ ᠡᠮᠦᠨ᠎ᠡ᠂ | ᠲᠤᠭᠤᠷᠢᠭ ᠤᠨ ᠨᠠᠮ ᠤᠨ ᠬᠤᠷᠢᠶ᠎ᠠ ᠶᠢᠨ ᠠᠷᠪᠠᠳᠤᠭᠠᠷ ᠡᠭᠡᠯᠵᠢ ᠶᠢᠨ ᠨᠢᠭᠡᠳᠦᠭᠡᠷ ᠲᠤᠭᠤᠷᠢᠨ ᠪᠠᠶᠢᠴᠠᠭᠠᠬᠤ | ᠳᠤᠭᠤᠶᠢᠯᠠᠩ ᠲᠤᠭᠤᠷᠢᠭ ᠤᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠲᠣᠪᠴᠢᠶ᠎ᠠ᠂ ᠣᠷᠣᠨ ᠪᠦᠰᠡ ᠶᠢᠨ ᠠᠵᠤ | ᠠᠬᠤᠶ ᠶᠢᠨ ᠬᠠᠮᠲᠤᠷᠠᠯᠴᠠᠭᠠᠨ ᠤ ᠲᠣᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠣᠪᠴᠢᠶ᠎ᠠ᠂ | ᠬᠤᠲᠠ ᠬᠥᠳᠡᠭᠡ ᠶᠢᠨ ᠣᠷᠣᠨ ᠰᠠᠭᠤᠴᠠ ᠪᠠ ᠪᠥᠲᠥᠭᠡᠨ ᠪᠠᠶᠢᠭᠤᠯᠤᠯᠲᠠ ᠶᠢᠨ ᠲᠣᠪᠴᠢᠶ᠎ᠠ᠂ ᠰᠤᠷᠭᠠᠨ | ᠬᠥᠮᠦᠵᠢᠯ ᠤᠨ ᠲᠣᠪᠴᠢᠶ᠎ᠠ᠂ ᠰᠢᠨ᠎ᠡ ᠶᠢ ᠡᠭᠦᠳᠦᠨ ᠠᠳᠠᠯ ᠦᠢᠯᠡᠰ ᠴᠣᠭᠴᠠᠯᠠᠬᠤ ᠦᠢᠯᠡᠴᠢᠯᠡᠭᠡᠨ ᠤ ᠲᠥᠪ᠂ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ᠂ ᠲᠣᠭᠤᠷᠢᠭ ᠤᠨ ᠠᠷᠠᠳ ᠤᠨ ᠰᠢᠭᠦᠬᠦ ᠬᠤᠷᠢᠶ᠎ᠠ ᠳᠤ ᠬᠤᠳᠠᠯᠳᠤᠭ᠎ᠠ | ᠡᠵᠡᠩᠨᠡᠬᠦ ᠣᠷᠴᠢᠨ ᠨᠦᠬᠦᠴᠡᠯ ᠢ ᠰᠢᠯᠢᠳᠡᠭᠵᠢᠭᠦᠯᠬᠦ ᠲᠤᠰᠬᠠᠶ ᠲᠤᠭᠤᠷᠢᠨ ᠪᠠᠶᠢᠴᠠᠭᠠᠬᠤ ᠠᠵᠢᠯ ᠤᠨ ᠳᠠᠶᠢᠴᠢᠯᠠᠯᠲᠠ | ᠶᠢᠨ ᠬᠤᠷᠠᠯ ᠪᠠᠷᠠᠭᠤᠨ ᠬᠤᠶᠢᠲᠤ ᠠᠰᠠᠷ ᠤᠨ ᠭᠤᠷᠪᠠᠳᠤᠭᠠᠷ ᠠᠰᠠᠷ ᠤᠨ ᠬᠤᠷᠠᠯ ᠤᠨ ᠬᠡᠷ ᠲᠤ ᠬᠤᠷᠠᠯᠳᠤᠪᠠ᠃ | ᠰᠢᠨ᠎ᠡ ᠬᠤᠲᠠ ᠲᠣᠭᠤᠷᠢᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠨ ᠪᠠᠭ ᠤᠨ ᠪᠦᠷᠢᠯᠳᠦᠬᠦᠨ᠂ | ᠪᠠᠶᠢᠭᠤᠯᠭ᠎ᠠ ᠶᠢᠨ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ ᠲᠣᠭᠤᠷᠢᠭ ᠤᠨ ᠡᠷᠡᠭᠦᠯ ᠬᠠᠮᠠᠭᠠᠯᠠᠯ | ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠬᠠᠤᠯᠢ ᠬᠡᠷᠡᠭᠵᠢᠭᠦᠯᠬᠦ ᠲᠣᠪᠴᠢᠶ ᠠ ᠶᠢᠨ | ᠤᠳᠤᠷᠢᠳᠬᠤ ᠪᠠᠭ ᠤᠨ ᠪᠦᠷᠢᠯᠳᠦᠬᠦᠨ ᠵᠢᠴᠢ ᠬᠠᠮᠢᠶ᠎ᠠ ᠪᠥᠬᠦᠶ ᠰᠠᠯᠠᠭ᠎ᠠ ᠲᠠᠰᠤᠭ ᠤᠨ ᠬᠠᠷᠢᠭᠤᠴᠠᠯᠭᠠᠲᠠᠨ᠂ | ᠦᠢᠯᠡᠴᠢᠯᠡᠬᠦ ᠡᠲᠡᠭᠡᠳ ᠤᠨ ᠲᠥᠯᠥᠭᠡᠯᠡᠭᠴᠢ ᠬᠤᠷᠠᠯ ᠳᠤ ᠣᠷᠣᠯᠴᠠᠪᠠ᠃ | | | | | ᠳᠠᠶᠢᠴᠢᠯᠠᠯᠲᠠ ᠶᠢᠨ ᠬᠤᠷᠠᠯ ᠳᠡᠭᠡᠷ᠎ᠡ᠂ ᠰᠢᠨ᠎ᠡ ᠬᠤᠲᠠ ᠲᠣᠭᠤᠷᠢᠭ ᠤᠨ ᠨᠠᠮ ᠤᠨ ᠬᠤᠷᠢᠶ᠎ᠠ ᠶᠢᠨ ᠲᠣᠭᠤᠷᠢᠨ | ᠪᠠᠶᠢᠴᠠᠭᠠᠬᠤ ᠠᠵᠢᠯ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠵᠣᠬᠢᠶᠠᠨ ᠪᠠᠶᠢᠭᠤᠯᠬᠤ ᠬᠡᠯᠲᠡᠰ ᠤᠨ | ᠳᠡᠳ᠋ ᠳᠠᠷᠤᠭ᠎ᠠ᠂ ᠲᠤᠭᠤᠷᠢᠭ ᠤᠨ ᠰᠢᠭᠤᠳ ᠬᠠᠷᠢᠶ᠎ᠠ ᠪᠠᠶᠢᠭᠤᠯᠭ᠎ᠠ ᠶᠢᠨ ᠨᠠᠮ ᠤᠨ ᠠᠵᠢᠯᠯᠠᠬᠤ ᠬᠤᠷᠢᠶ᠎ᠠ ᠶᠢᠨ ᠱᠦᠵᠢ | ᠯᠢ ᠱᠠᠨ ᠭᠤᠷᠪᠠᠨ ᠰᠠᠨᠠᠯ ᠢ ᠴᠢᠬᠤᠯᠠᠴᠢᠯᠠᠪᠠ᠄ ᠨᠢᠭᠡ ᠳᠤ ᠤᠯᠤᠰ ᠲᠥᠷᠥ ᠶᠢᠨ ᠵᠣᠭᠰᠣᠴᠠ ᠪᠠᠨ ᠳᠡᠭᠡᠭᠰᠢᠯᠡᠭᠦᠯᠵᠦ᠂ | ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠲᠣᠭᠤᠷᠢᠨ ᠪᠠᠶᠢᠴᠠᠭᠠᠬᠤ ᠠᠵᠢᠯ ᠪᠠ | ᠬᠤᠲᠠ ᠶᠢᠨ ᠨᠠᠮ ᠤᠨ ᠬᠤᠷᠢᠶ᠎ᠠ᠂ ᠲᠤᠭᠤᠷᠢᠭ ᠤᠨ ᠨᠠᠮ ᠤᠨ ᠬᠤᠷᠢᠶ᠎ᠠ ᠶᠢᠨ ᠬᠤᠳᠠᠯᠳᠤᠭ᠎ᠠ ᠡᠵᠡᠩᠨᠡᠬᠦ ᠣᠷᠴᠢᠨ | ᠨᠥᠬᠦᠴᠡᠯ ᠢ ᠰᠢᠯᠢᠳᠢᠭᠵᠢᠬᠦᠯᠬᠦ ᠲᠤᠬᠠᠶ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠦᠨᠡᠨ ᠬᠦ ᠪᠣᠳᠠᠲᠠᠶ | ᠨᠠᠶᠢᠳᠠᠪᠤᠷᠢᠵᠢᠭᠤᠯᠬᠤ ᠬᠡᠷᠡᠭᠲᠡᠶ︔ ᠬᠤᠶᠠᠷ ᠲᠤ᠂ ᠤᠯᠤᠰ ᠲᠦᠷᠦ ᠶᠢᠨ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠵᠤ᠂ | ᠨᠠᠮ ᠢ ᠬᠠᠮᠢᠶᠠᠷᠴᠤ ᠨᠠᠮ ᠢ ᠵᠠᠰᠠᠬᠤ ᠠᠵᠢᠯ ᠢ ᠪᠦᠬᠦ ᠲᠠᠯ᠎ᠠ ᠪᠠᠷ ᠴᠢᠩᠭ᠎ᠠ ᠬᠠᠲᠠᠭᠤ ᠪᠣᠯᠭᠠᠬᠤ ᠬᠡᠷᠡᠭᠲᠡᠢ︔ | ᠭᠤᠷᠪᠠ ᠳᠤ᠂ ᠤᠯᠤᠰ ᠲᠦᠷᠦ ᠶᠢᠨ ᠬᠢᠨᠠᠯᠲᠠ ᠶᠢ ᠴᠢᠩᠭᠠᠳᠬᠠᠵᠤ᠂ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠠᠵᠢᠯ ᠢ ᠡᠷᠡᠰ ᠲᠡᠮᠵᠢᠵᠤ ᠬᠠᠮᠵᠢᠯᠴᠠᠬᠤ ᠬᠡᠷᠡᠭᠲᠡᠢ ᠭᠡᠪᠡ᠃ ᠲᠤᠭᠤᠷᠢᠭ ᠤᠨ ᠨᠠᠮ ᠤᠨ ᠬᠤᠷᠢᠶ᠎ᠠ ᠶᠢᠨ ᠨᠢᠭᠡᠳᠦᠭᠡᠷ | ᠲᠤᠭᠤᠷᠢᠨ ᠪᠠᠶᠢᠴᠠᠭᠠᠬᠤ ᠳᠤᠭᠤᠶᠢᠯᠠᠩ ᠤᠨ ᠳᠠᠷᠤᠭ᠎ᠠ ᠶᠠᠨ ᠸᠧᠨ ᠵᠢᠤᠸᠠᠨ ᠲᠤᠰᠬᠠᠢ ᠲᠦᠷᠦᠯ ᠤᠨ ᠲᠤᠭᠤᠷᠢᠨ | ᠪᠠᠶᠢᠴᠠᠭᠠᠬᠤ ᠠᠵᠢᠯ ᠤᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ᠬᠢᠨᠠᠯᠲᠠ ᠲᠠᠯᠪᠢᠬᠤ | ᠭᠤᠣᠯᠳᠠᠯᠭ᠎ᠠ ᠶᠢ ᠡᠵᠡᠮᠳᠡᠬᠦ ᠲᠤᠬᠠᠢ ᠶᠠᠷᠢᠶ᠎ᠠ ᠲᠠᠯᠪᠢᠵᠤ᠂ ᠲᠤᠭᠤᠷᠢᠨ ᠪᠠᠶᠢᠴᠠᠭᠠᠬᠤ ᠠᠵᠢᠯ ᠤᠨ ᠡᠭᠦᠷᠭᠡ ᠪᠣᠯᠤᠨ | ᠠᠵᠢᠯ ᠤᠨ ᠲᠤᠬᠢᠷᠠᠭᠤᠯᠤᠯᠳᠠ ᠶᠢ ᠵᠠᠷᠯᠠᠨ ᠮᠡᠳᠡᠭᠳᠡᠪᠡ᠃ ᠲᠤᠭᠤᠷᠢᠭ ᠤᠨ ᠠᠵᠤ ᠠᠬᠤᠢ ᠶᠢᠨ ᠬᠠᠮᠲᠤᠷᠠᠯᠴᠠᠭᠠᠨ ᠤ | ᠲᠤᠪᠴᠢᠶ᠎ᠠ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ ᠶᠢᠨ ᠲᠤᠪᠴᠢᠶ᠎ᠠ ᠶᠢᠨ ᠭᠤᠣᠯ ᠬᠠᠷᠢᠭᠤᠴᠠᠯᠭᠠᠲᠠᠨ | ᠣᠪᠣᠷ ᠢᠶᠠᠨ ᠢᠯᠡᠳᠬᠡᠬᠦ ᠶᠠᠷᠢᠶ᠎ᠠ ᠲᠠᠯᠪᠢᠪᠠ᠃ | ᠳᠠᠶᠢᠴᠢᠯᠠᠯᠲᠠ ᠶᠢᠨ ᠬᠤᠷᠠᠯ ᠤᠨ ᠵᠣᠷᠢᠭ ᠰᠠᠨᠠᠭ᠎ᠠ ᠶᠣᠰᠣᠭᠠᠷ᠂ ᠰᠢᠨ᠎ᠡ ᠬᠤᠲᠠ ᠲᠣᠭᠤᠷᠢᠭ ᠤᠨ ᠡᠷᠡᠭᠦᠯ | ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠤᠯᠤᠰ ᠲᠥᠷᠥ ᠶᠢᠨ ᠵᠣᠭᠰᠣᠴᠠ ᠪᠠᠨ ᠤᠯᠠᠮ ᠨᠢᠭᠡ ᠠᠯᠬᠤᠮ | ᠳᠡᠭᠡᠭᠰᠢᠯᠡᠭᠦᠯᠵᠦ᠂ ᠲᠤᠭᠤᠷᠢᠭ ᠤᠨ ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠤᠨ | ᠪᠠᠶᠢᠷᠢᠯᠠᠭᠤᠯᠤᠯᠲᠠ ᠶᠢ ᠡᠷᠡᠰ ᠲᠤᠭᠤᠰᠢᠭᠤᠯᠬᠤ ᠪᠣᠯᠤᠨ᠎ᠠ᠃ ᠨᠢᠭᠡ ᠳᠤ ᠤᠯᠤᠰ ᠲᠦᠷᠦ ᠶᠢ ᠡᠷᠬᠢᠮᠯᠡᠬᠦ᠂ | ᠬᠠᠷᠢᠭᠤᠴᠠᠯᠭ᠎ᠠ ᠡᠭᠦᠷᠭᠡᠯᠡᠬᠦ ᠦᠨᠳᠦᠷᠴᠡ ᠠᠴᠠ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠢ ᠰᠢᠯᠢᠳᠡᠭᠵᠢᠭᠦᠯᠬᠦ | ᠲᠤᠰᠬᠠᠶ ᠲᠣᠭᠤᠷᠢᠨ ᠪᠠᠶᠢᠴᠠᠭᠠᠬᠤ ᠠᠵᠢᠯ ᠢ ᠥᠷᠨᠢᠭᠦᠯᠬᠦ ᠶᠢᠨ ᠴᠢᠬᠤᠯᠠ ᠶᠡᠭᠡ ᠠᠴᠢ ᠬᠤᠯᠪᠣᠭᠳᠠᠯ ᠢ ᠭᠦᠢᠴᠡᠳ | ᠲᠠᠨᠢᠵᠤ᠂ ᠲᠣᠭᠤᠷᠢᠨ ᠪᠠᠶᠢᠴᠠᠭᠠᠬᠤ ᠬᠢᠨᠠᠯᠲᠠ ᠶᠢ ᠬᠦᠯᠢᠶᠡᠬᠦ ᠤᠬᠠᠮᠰᠠᠷᠲᠤ ᠴᠢᠨᠠᠷ ᠪᠠ ᠬᠠᠷᠢᠭᠤᠴᠠᠯᠭᠠᠲᠤ | ᠰᠡᠳᠬᠢᠯᠭᠡ ᠪᠠᠨ ᠦᠨᠡᠨ ᠬᠦ ᠴᠢᠩᠭᠠᠳᠬᠠᠨ᠎ᠠ᠃ ᠬᠤᠶᠠᠷ ᠲᠤ ᠢᠳᠡᠪᠬᠢᠲᠡᠢ ᠳᠠᠮᠵᠢᠵᠤ ᠬᠠᠮᠵᠢᠯᠴᠠᠨ᠂ ᠣᠷᠣᠨ ᠤ | ᠨᠠᠮ ᠤᠨ ᠬᠤᠷᠢᠶ᠎ᠠ ᠶᠢᠨ ᠲᠤᠭᠤᠷᠢᠨ ᠪᠠᠶᠢᠴᠠᠭᠠᠬᠤ ᠠᠵᠢᠯ ᠦᠷᠨᠢᠭᠦᠯᠬᠦ ᠶᠢ ᠪᠦᠬᠦ ᠬᠦᠴᠦᠨ ᠢᠶᠠᠷ ᠢᠶᠠᠨ ᠪᠠᠲᠤᠯᠠᠨ᠎ᠠ᠃ | ᠲᠤᠭᠤᠷᠢᠨ ᠪᠠᠶᠢᠴᠠᠭᠠᠬᠤ ᠳᠤᠭᠤᠶᠢᠯᠠᠩ ᠤᠨ ᠡᠯ᠎ᠡ ᠵᠣᠶᠢᠯ ᠤᠨ ᠠᠵᠢᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ | ᠨᠠᠷᠢᠨ ᠬᠢᠨᠠᠮᠠᠭᠠᠶ ᠵᠣᠬᠢᠶᠠᠨ ᠪᠠᠶᠢᠭᠤᠯᠵᠤ᠂ ᠨᠠᠷᠢᠨ ᠨᠢᠭᠲᠠ ᠪᠠᠶᠢᠷᠢᠯᠠᠭᠤᠯᠵᠤ᠂ ᠲᠤᠭᠤᠷᠢᠨ ᠪᠠᠶᠢᠴᠠᠭᠠᠬᠤ | ᠳᠤᠭᠤᠶᠢᠯᠠᠩ ᠤᠨ ᠨᠢᠭᠡᠳᠦᠯᠲᠡᠶ ᠲᠣᠬᠢᠷᠠᠭᠤᠯᠤᠯᠲᠠ ᠶᠢ ᠳᠠᠭᠠᠵᠤ᠂ ᠲᠤᠭᠤᠷᠢᠨ ᠪᠠᠶᠢᠴᠠᠭᠠᠬᠤ ᠰᠠᠬᠢᠯᠭ᠎ᠠ ᠪᠠᠲᠤ ᠶᠢ | ᠵᠢᠷᠤᠮᠯᠠᠨ᠂ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠠᠵᠢᠯ ᠦᠷᠨᠢᠭᠦᠯᠬᠦ ᠶᠢ ᠬᠠᠷᠰᠢᠯᠠᠵᠤ ᠪᠣᠯᠬᠤ ᠦᠬᠡᠢ᠃ | ᠭᠤᠷᠪᠠ ᠳᠤ ᠰᠠᠬᠢᠯᠭ᠎ᠠ ᠪᠠᠲᠤ ᠣᠪᠣᠷ ᠰᠤᠷᠲᠠᠯ ᠢᠶᠠᠨ ᠴᠢᠩᠭᠠᠳᠬᠠᠵᠤ᠂ ᠲᠤᠭᠤᠷᠢᠨ ᠪᠠᠶᠢᠴᠠᠭᠠᠵᠤ ᠬᠢᠨᠠᠨ ᠪᠠᠶᠢᠴᠠᠭᠠᠬᠤ | ᠶᠢ ᠤᠬᠠᠮᠰᠠᠷ ᠠᠴᠠ ᠪᠠᠨ ᠰᠠᠨᠠᠭᠠᠴᠢᠯᠠᠭ᠎ᠠ ᠲᠠᠢ ᠬᠦᠯᠢᠶᠡᠨ᠎ᠡ᠃ ᠤᠳᠤᠷᠢᠳᠤᠯᠭ᠎ᠠ ᠲᠦᠷᠦᠭᠦᠯᠡᠨ ᠬᠠᠷᠢᠭᠤᠴᠠᠬᠤ ᠶᠢ | ᠪᠠᠷᠢᠮᠲᠠᠯᠠᠵᠤ᠂ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠰᠠᠬᠢᠵᠤ᠂ ᠦᠨᠡᠨ ᠢ ᠡᠷᠢᠬᠦ ᠤᠬᠠᠮᠰᠠᠷ ᠢᠶᠠᠨ | ᠴᠢᠩᠭᠠᠳᠬᠠᠨ᠎ᠠ᠃ ᠲᠤᠭᠤᠷᠢᠨ ᠪᠠᠶᠢᠴᠠᠭᠠᠬᠤ ᠳᠤᠭᠤᠶᠢᠯᠠᠩ ᠤᠨ ᠢᠯᠡᠷᠡᠭᠦᠯᠦᠭᠰᠡᠨ ᠠᠰᠠᠭᠤᠳᠠᠯ ᠪᠠ ᠳᠤᠷᠠᠳᠤᠭᠰᠠᠨ | ᠰᠠᠨᠠᠭᠤᠯᠭ᠎ᠠ ᠶᠢ ᠬᠢᠨᠠᠮᠠᠭᠠᠢ ᠰᠤᠳᠤᠯᠤᠨ ᠡᠮᠬᠢᠯᠡᠵᠦ᠂ ᠪᠠᠷᠢᠨ ᠬᠡᠷᠡᠭᠵᠢᠭᠦᠯᠵᠦ ᠪᠠᠷᠢᠨ ᠴᠡᠭᠴᠡᠯᠡᠨ ᠰᠠᠶᠢᠵᠢᠷᠠᠭᠤᠯᠵᠤ᠂ | ᠲᠤᠭᠤᠰᠢᠲᠠᠶ ᠴᠡᠭᠴᠡᠯᠡᠨ ᠰᠠᠶᠢᠵᠢᠷᠠᠭᠤᠯᠤᠨ᠎ᠠ︔ ᠲᠦᠷ ᠴᠠᠭ ᠴᠡᠭᠴᠡᠯᠡᠨ ᠰᠠᠶᠢᠵᠢᠷᠠᠭᠤᠯᠵᠤ ᠳᠡᠶᠢᠯᠬᠦ ᠥᠬᠡᠶ | ᠠᠰᠠᠭᠤᠳᠠᠯ ᠳᠤ᠂ ᠠᠰᠠᠭᠤᠳᠠᠯ ᠤᠨ ᠨᠠᠷᠢᠨ ᠲᠠᠩᠰᠠ ᠶᠢ ᠡᠮᠬᠢᠯᠡᠵᠦ᠂ ᠬᠠᠷᠢᠭᠤᠴᠠᠯᠭ᠎ᠠ ᠶᠢᠨ ᠭᠤᠤᠯ ᠴᠣᠭᠴᠠ ᠶᠢ | ᠲᠣᠳᠣᠷᠬᠠᠶᠢᠯᠠᠨ᠂ ᠴᠡᠭᠴᠡᠯᠡᠨ ᠰᠠᠶᠢᠵᠢᠷᠠᠭᠤᠯᠬᠤ ᠡᠬᠡ ᠳᠠᠩᠰᠠ ᠶᠢ ᠪᠠᠶᠢᠭᠤᠯᠵᠤ᠂ ᠵᠣᠶᠢᠯ ᠳᠠᠷᠠᠭᠠᠯᠠᠨ ᠴᠡᠭᠴᠡᠯᠡᠨ | ᠰᠠᠶᠢᠵᠢᠷᠠᠭᠤᠯᠵᠤ ᠨᠠᠶᠢᠳᠠᠪᠤᠷᠢᠵᠢᠭᠤᠯᠤᠨ᠎ᠠ᠃ |